ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠦᠷᠦ ᠵᠢᠨ ᠳᠡᠭᠡᠳᠦ ᠰᠤᠷᠭ᠋ᠠᠭᠤᠯᠢ᠎ᠠᠴᠠ 《ᠠᠯᠲᠠᠨ ᠨᠡᠷᠡᠨ᠎ᠤ ᠳᠣᠣᠷ᠎ᠠ》 ᠭᠡᠬᠦ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-05-31


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠦᠷᠦ ᠵᠢᠨ ᠳᠡᠭᠡᠳᠦ ᠰᠤᠷᠭ᠋ᠠᠭᠤᠯᠢ
     —《ᠠᠯᠲᠠᠨ ᠨᠡᠷᠡᠨ᠎ᠤ ᠳᠣᠣᠷ᠎ᠠ》


            ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ
            ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ
            ᠤᠯᠤᠰ ᠲᠥᠷᠦ ᠵᠢᠨ ᠳᠡᠭᠡᠳᠦ ᠰᠤᠷᠭ᠋ᠠᠭᠤᠯᠢ



      ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ 1950 ᠣᠨ᠎ᠤ 4 ᠰᠠᠷ᠎ᠠ᠎ᠳᠤ ᠪᠠᠶ᠋ᠢᠭᠤᠯᠤᠭᠳᠠᠵᠤ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠳᠤ ᠪᠠᠶ᠋ᠢᠭᠤᠯᠤᠭᠳᠠᠭᠰᠠᠨ ᠠᠩᠬᠠᠨ᠎ᠤ ᠡᠪᠯᠡᠯ᠎ᠤᠨ ᠬᠠᠷᠢᠶᠠᠲᠤ ᠰᠤᠷᠭ᠋ᠠᠭᠤᠯᠢ ᠪᠣᠯᠤᠨ᠎ᠠ᠃ ᠲᠠᠯ᠎ᠠ ᠨᠤᠲᠤᠭ᠎ᠲᠤ ᠠᠩᠬᠠᠳᠤᠭ᠋ᠠᠷ ᠬᠤᠭᠤᠴᠠᠭ᠋ᠠᠨ᠎ᠤ ᠡᠪᠯᠡᠯ᠎ᠤᠨ ᠺᠠᠳ᠋ᠷᠴᠤᠳ᠎ᠤᠨ ᠪᠣᠯᠪᠠᠰᠤᠷᠠᠭᠤᠯᠤᠯ᠎ᠤᠨ ᠠᠡᠭᠬᠢ ᠵᠢ ᠡᠷᠬᠢᠯᠡᠭᠰᠡᠨ᠎ᠠᠴᠠ ᠤᠳᠤ ᠪᠣᠯᠲᠠᠯ᠎ᠠ᠂ ᠰᠤᠷᠭ᠋ᠠᠭᠤᠯᠢ᠎ᠨᠢ ᠬᠤᠪᠢᠰᠬᠠᠯ᠎ᠤᠨ ᠣᠨᠤᠯ᠎ᠢ ᠤᠯᠠᠮᠵᠢᠯᠠᠵᠤ᠂ ᠴᠢᠳᠠᠪᠤᠷᠢᠲᠠᠨ᠎ᠢ ᠬᠥᠮᠦᠵᠢᠭᠦᠯᠵᠦ᠂ ᠲᠡᠷᠢᠭᠦᠨ᠎ᠤ ᠰᠣᠶᠣᠯ᠎ᠢ ᠪᠠᠳᠠᠷᠠᠭᠤᠯᠵᠤ᠂ ᠰᠢᠯᠢᠳᠡᠭ ᠰᠠᠢ᠍ᠢ᠍ᠨ ᠰᠤᠷᠤᠯᠴᠠᠬᠤ ᠰᠤᠷᠲᠠᠯ᠎ᠢ ᠪᠤᠢ ᠪᠣᠯᠭ᠋ᠠᠵᠤ᠂ 70 ᠭᠠᠷᠤᠢ ᠵᠢᠯ᠎ᠤᠨ ᠭᠡᠷᠡᠯ ᠰᠠᠴᠤᠷᠠᠩᠭᠤᠢ ᠲᠡᠦᠬᠡ᠎ᠲᠠᠢ ᠪᠣᠯᠵᠠᠢ᠃



      ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ ᠪᠣᠯ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠎ᠳᠤ ᠬᠠᠷᠢᠶᠠᠯᠠᠭᠳᠠᠬᠤ ᠳᠡᠰᠯᠡᠬᠦ ᠲᠢᠩᠬᠢᠮ᠎ᠤᠨ ᠲᠠᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠂ ᠣᠲᠣ ᠳᠣᠲᠣᠭ᠋ᠠᠳᠤ᠎ᠳᠤ᠎ᠪᠠᠨ ᠪᠠᠶ᠋ᠢᠭᠤᠯᠤᠭᠰᠠᠨ ᠪᠠᠶ᠋ᠢᠭᠤᠯᠤᠮᠵᠢ 24᠂ ᠪᠡᠭ᠍ᠰᠢ ᠠᠵᠢᠯᠳᠡᠠ ᠠᠵᠢᠯᠴᠢᠠ 300 ᠭᠠᠷᠤᠶ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 5000 ᠭᠠᠷᠤᠶ ᠪᠣᠶ᠃ ᠳᠠᠯᠠᠨ ᠬᠠᠷ᠎ᠠ ᠠᠭᠤᠯᠠᠨ᠎ᠤ ᠡᠮᠦᠨ᠎ᠡ ᠬᠣᠷᠮᠣᠶ᠎ᠳᠤ ᠪᠠᠢ᠌ᠷᠢᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠲᠠᠯᠠᠪᠠᠶ᠎ᠨᠢ 300 ᠭᠠᠷᠤᠶ ᠮᠥ᠍ ᠪᠠᠶ᠋ᠢᠵᠤ᠂ ᠰᠤᠷᠭ᠋ᠠᠭᠤᠯᠢ ᠵᠢᠨ ᠭᠡᠷ ᠪᠠᠷᠢᠯᠭ᠎ᠠ ᠵᠢᠨ ᠲᠠᠯᠠᠪᠠᠶ᠎ᠨᠢ 6 ᠲᠦᠮᠡ ᠭᠠᠷᠤᠶ ᠲᠡᠭᠰᠢ ᠳᠥᠷᠪᠡᠯᠵᠢᠨ ᠮᠧᠲᠷ ᠪᠠᠶ᠋ᠢᠳᠠᠭ᠃ ᠵᠠᠭᠤᠨ ᠡᠪᠡᠰᠦᠲᠦ ᠴᠡᠴᠡᠷᠯᠢᠭ᠎ᠤᠨ ᠨᠣᠮᠢᠨ ᠨᠣᠭᠣᠭ᠋ᠠᠨ ᠨᠠᠷᠠᠰᠤ ᠮᠠᠶ᠋ᠢᠯᠠᠰᠤ ᠬᠢᠭᠡᠳ ᠰᠤᠷᠭ᠋ᠠᠭᠤᠯᠢ ᠵᠢᠨ ᠭᠡᠷ ᠪᠠᠷᠢᠯᠭ᠎ᠠ ᠥᠩᠭᠡ ᠢᠯᠭ᠋ᠠᠷᠠᠨ᠂ ᠴᠡᠴᠡᠷᠯᠢᠭᠲᠦ ᠰᠤᠷᠭ᠋ᠠᠭᠤᠯᠢ ᠰᠢᠭ᠋ ᠬᠠᠷᠠᠭᠳᠠᠨ᠎ᠠ᠃





      ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ ᠵᠢᠨ᠎ᠬᠢᠨ ᠡᠪᠯᠡᠯ᠎ᠤᠨ ᠰᠤᠷᠭ᠋ᠠᠭᠤᠯᠢ ᠵᠢᠨ ᠡᠭᠦᠷᠭᠡᠯᠡᠪᠡᠰᠦ ᠵᠣᠬᠢᠬᠤ ᠢᠷᠠᠭᠤ ᠠᠯᠳᠠᠷᠲᠤ ᠡᠭᠦᠷᠭᠡ ᠪᠠ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠴᠡᠭᠡᠵᠢᠯᠡᠵᠦ᠂ ᠡᠪᠯᠡᠯ᠎ᠤᠨ ᠺᠠᠳ᠋ᠷ᠎ᠤᠨ ᠬᠥᠮᠦᠵᠢᠯ ᠪᠣᠯᠪᠠᠰᠤᠷᠠᠭᠤᠯᠤᠯ᠎ᠤᠨ ᠭᠣᠣᠯ ᠬᠠᠷᠢᠭᠤᠴᠠᠯᠭ᠎ᠠ ᠪᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠭᠰᠡᠭᠡᠷ ᠢᠷᠡᠵᠠᠢ᠃ 2005 ᠣᠨ᠎ᠳᠤ᠂ ᠰᠤᠷᠭ᠋ᠠᠭᠤᠯᠢ ᠵᠢ ᠲᠥᠪ᠎ᠤᠨ ᠡᠪᠯᠡᠯ᠎ᠤᠨ ᠰᠤᠷᠭ᠋ᠠᠭᠤᠯᠢ᠎ᠠᠴᠠ 《ᠲᠥᠪ᠎ᠤᠨ ᠡᠪᠯᠡᠯ᠎ᠤᠨ ᠰᠤᠷᠭ᠋ᠠᠭᠤᠯᠢ ᠵᠢᠨ ᠦᠪᠦᠷ ᠮᠤᠨᠭ᠌ᠭᠤᠯ᠎ᠳᠠᠬᠢ ᠪᠣᠯᠪᠠᠰᠤᠷᠠᠭᠤᠯᠤᠯ᠎ᠤᠨ ᠰᠠᠭᠤᠷᠢᠨ》 ᠭᠡᠵᠦ ᠨᠡᠷᠡᠢ᠌ᠳᠪᠡ; 2006 ᠣᠨ᠎ᠳᠤ 《ᠪᠦᠬᠦ ᠤᠯᠤᠰ᠎ᠤᠨ ᠡᠪᠯᠡᠯ᠎ᠤᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠭᠤᠯᠤᠯ᠎ᠤᠨ ᠰᠠᠭᠤᠷᠢᠨ》 ᠪᠣᠯᠭ᠋ᠠᠪᠠ᠃ 《ᠬᠣᠤᠰ ᠰᠠᠭᠤᠷᠢᠨ》᠎ᠨᠢ ᠮᠠᠨ᠎ᠤ ᠤᠯᠤᠰ᠎ᠤᠨ ᠪᠠᠷᠠᠭᠤᠨ ᠬᠣᠶ᠋ᠢᠲᠤ ᠵᠢᠨ 6 ᠮᠤᠵᠢ ᠣᠷᠣᠨ (ᠱᠠᠨᠰᠢ᠂ ᠱᠠᠨ ᠰᠢ᠂ ᠬᠥᠬᠡᠨᠠᠭᠤᠷ᠂ ᠭᠠᠨᠰᠦ᠂ ᠨᠢᠩᠰᠢᠶᠠ᠂ ᠰᠢᠨᠵᠢᠶᠠᠩ) ᠵᠢᠴᠢ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ 103 ᠬᠣᠰᠢᠭᠤ ᠰᠢᠶᠠᠨ (ᠲᠣᠭᠣᠷᠢᠭ)᠎ᠤ ᠡᠪᠯᠡᠯ᠎ᠤᠨ ᠺᠠᠳ᠋ᠷᠴᠤᠳ᠎ᠤᠨ ᠪᠣᠯᠪᠠᠰᠤᠷᠠᠭᠤᠯᠤᠯ᠎ᠤᠨ ᠡᠭᠦᠷᠭᠡ ᠵᠢ ᠡᠭᠦᠷᠭᠡᠯᠡᠵᠦ᠂ ᠵᠢᠯ᠎ᠤᠨ ᠪᠣᠯᠪᠠᠰᠤᠷᠠᠭᠤᠯᠤᠯ᠎ᠤᠨ ᠬᠡᠪᠴᠢᠶ᠎ᠡ᠎ᠨᠢ ᠪᠠᠷᠤᠭ 2000 ᠬᠥᠮᠦᠨ ᠤᠳᠠᠭ᠎ᠠ ᠪᠣᠯᠪᠠ᠃





     2000 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠪᠣᠯᠤᠨ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠠᠴᠠ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠰᠤᠷᠭ᠋ᠠᠭᠤᠯᠢ ᠵᠢᠨ ᠰᠠᠭᠤᠷᠢᠨ ᠳᠡᠭᠡᠷ᠎ᠡ᠂ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠥᠷᠥ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ᠎ᠪᠠᠷ ᠪᠡᠯᠡᠳᠬᠡᠪᠡ᠃ ᠰᠤᠷᠭ᠋ᠠᠭᠤᠯᠢ᠎ᠨᠢ 2001 ᠣᠨ᠎ᠠᠴᠠ ᠡᠬᠢᠯᠡᠨ ᠪᠦᠬᠦᠯᠢ ᠡᠳᠦᠷ᠎ᠤᠨ ᠳᠦᠷᠢᠮᠲᠦ ᠲᠤᠰᠬᠠᠶ ᠮᠡᠷᠭᠡᠵᠢᠯ᠎ᠤᠨ ᠰᠣᠷᠣᠭᠴᠢ ᠡᠯᠰᠡᠵᠦ᠂ 2009 ᠣᠨ᠎ᠠᠴᠠ ᠡᠬᠢᠯᠡᠨ ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠭᠢ ᠵᠢᠨ ᠰᠣᠷᠣᠭᠴᠢ ᠡᠯᠰᠡᠵᠦ᠂ 2015 ᠣᠨ᠎ᠠᠴᠠ ᠡᠬᠢᠯᠡᠨ ᠮᠠᠰᠲ᠋ᠧᠷ᠎ᠤᠨ ᠰᠣᠳᠤᠯᠬᠤ ᠰᠣᠷᠣᠭᠴᠢ ᠵᠢ ᠬᠠᠮᠲᠤᠷᠠᠨ ᠬᠥᠮᠦᠵᠢᠭᠦᠯᠪᠡ᠃ ᠣᠲᠣ ᠮᠠᠰᠲ᠋ᠧᠷ᠎ᠤᠨ ᠰᠣᠳᠤᠯᠬᠤ ᠰᠣᠷᠣᠭᠴᠢ ᠵᠢᠨ ᠲᠤᠰᠬᠠᠶ ᠮᠡᠷᠭᠡᠵᠢᠯ 2 (ᠬᠤᠷᠰᠢᠭᠰᠠᠨ)᠂ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 12᠂ ᠲᠤᠰᠬᠠᠶ ᠮᠡᠷᠭᠡᠵᠢᠯ᠎ᠤᠨ ᠠᠩᠭᠢ ᠵᠢᠨ ᠮᠡᠷᠭᠡᠵᠢᠯ 32 ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠬᠥᠭᠵᠢᠯᠲᠡ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠰᠠᠨ ᠰᠢᠨᠵᠢᠯᠡᠭᠡᠨ᠎ᠤ   ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠴᠤᠭᠯᠠᠷᠠᠯ᠎ᠢ ᠪᠣᠶ ᠪᠣᠯᠭ᠋ᠠᠪᠠ᠃ ᠰᠤᠷᠭ᠋ᠠᠭᠤᠯᠢ᠎ᠨᠢ ᠨᠢᠭᠡᠨᠲᠡ ᠵᠠᠯᠠᠭᠤᠴᠤᠳ ᠪᠠᠭ᠋ᠠᠴᠤᠳ᠎ᠤᠨ ᠤᠨᠤᠯ᠎ᠤᠨ ᠰᠤᠳᠤᠯᠭ᠋ᠠᠨ ᠪᠣᠯᠤᠨ ᠪᠠᠭᠰᠢ ᠵᠢᠨ ᠲᠦᠷᠦᠯ᠎ᠤᠨ ᠲᠤᠰᠬᠠᠢ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠨᠢᠭᠡ ᠴᠤᠭᠴᠠᠵᠢᠭᠤᠯᠤᠭᠰᠠᠨ᠂ ᠵᠠᠯᠠᠭᠤᠴᠤᠳ᠎ᠤᠨ ᠠᠵᠢᠯ᠎ᠤᠨ ᠲᠤᠰᠬᠠᠢ ᠴᠢᠳᠠᠪᠤᠷᠢᠲᠠᠨ ᠪᠣᠯᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠳᠡᠭᠡᠳᠦ ᠵᠡᠷᠭᠡ ᠵᠢᠨ ᠰᠤᠷᠭ᠋ᠠᠭᠤᠯᠢ ᠪᠣᠯᠤᠨ ᠬᠥᠭᠵᠢᠵᠡᠢ᠃


   



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠠᠴᠠ 《ᠬᠦᠰᠡᠯᠡᠩᠲᠦ ᠰᠠᠢ᠌ᠬᠠᠨ ᠬᠥᠳᠡᠭᠡ ᠲᠠᠯ᠎ᠠ》 ᠭᠡᠬᠦ ᠳᠠᠭᠤᠤ ᠬᠠᠩᠭᠢᠨᠠᠨᠠᠮ
ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠡᠬᠡ ᠤᠯᠤᠰ ᠵᠶ᠋ᠠᠨ ᠵᠦᠩᠨᠡᠨ ᠢᠷᠥᠭᠡᠶ᠎ᠡ》 ᠭᠡᠬᠦ ᠳᠠᠭᠤᠤ ᠵᠢ ᠬᠠᠩᠭᠢᠨᠠᠭᠤᠯᠪᠠ
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠠᠴᠠ 《ᠮᠠᠭᠲᠠᠭ᠋ᠠᠯ ᠳᠠᠭᠤᠤ》 ᠬᠠᠩᠭᠢᠨᠠᠨᠠᠮ
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ 《ᠳᠤᠮᠳᠠᠳᠤ ᠤᠯᠤᠰ ᠵᠶ᠋ᠠᠨ ᠬᠠᠢ᠌ᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠵᠢᠨ᠎ᠬᠢᠨ 《ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ ᠮᠢᠨᠦ ᠥᠯᠦᠭᠡᠢ》 ᠭᠡᠬᠦ ᠳᠠᠭᠤᠤ ᠵᠢ ᠬᠠᠩᠭᠢᠨᠠᠭᠤᠯᠪᠠ
 
             蒙ICP备05000248号