ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠡᠬᠡ ᠤᠯᠤᠰ ᠵᠶ᠋ᠠᠨ ᠵᠦᠩᠨᠡᠨ ᠢᠷᠥᠭᠡᠶ᠎ᠡ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-05-31


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ   ᠳᠡᠭᠡᠳᠦ ᠰᠤᠷᠭ᠋ᠠᠭᠤᠯᠢ
      —《ᠡᠬᠡ ᠤᠯᠤᠰ ᠵᠶ᠋ᠠᠨ ᠵᠦᠩᠨᠡᠨ ᠢᠷᠥᠭᠡᠶ᠎ᠡ》


      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠥᠪ ᠬᠥᠬᠡᠬᠣᠲᠠ᠎ᠳᠤ ᠪᠠᠶ᠋ᠢᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠲᠤᠰᠠᠭ᠋ᠠᠷ ᠪᠠᠶ᠋ᠢᠭᠤᠯᠤᠭᠰᠠᠨ ᠪᠠᠷᠢᠯᠭ᠎ᠠ ᠵᠢᠨ ᠲᠦᠷᠦᠯ᠎ᠤᠨ ᠳᠡᠭᠡᠳᠦ ᠰᠤᠷᠭ᠋ᠠᠭᠤᠯᠢ ᠪᠣᠯᠤᠨ᠎ᠠ᠃ 1956 ᠣᠨ᠎ᠳᠤ ᠪᠠᠢ᠌ᠭᠤᠯᠤᠭᠳᠠᠭᠰᠠᠨ ᠬᠤᠳᠠ ᠵᠢᠨ ᠪᠦᠳᠤᠭᠡᠨ ᠪᠠᠢ᠍ᠢ᠍ᠭᠤᠯᠤᠯᠳᠠ ᠵᠢᠨ ᠶᠠᠮᠤᠨ᠎ᠤ ᠬᠥᠬᠡᠬᠣᠲᠠ ᠵᠢᠨ ᠬᠣᠲᠠ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠰᠤᠷᠭ᠋ᠠᠭᠤᠯᠢ ᠶᠤᠮ᠃ 1958 ᠣᠨ᠎ᠳᠤ᠂ ᠰᠤᠷᠭ᠋ᠠᠭᠤᠯᠢ᠎ᠨᠢ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠲᠠᠰ ᠳᠡᠪᠰᠢᠭᠦᠯᠦᠨ ᠡᠷᠭᠢᠯᠡᠵᠦ᠂ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠳᠡᠭᠡᠳᠦ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠪᠠ᠃ 1961 ᠣᠨ᠎ᠳᠤ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠪᠠᠶ᠋ᠢᠭᠤᠯᠤᠮᠵᠢ ᠵᠢ ᠰᠡᠷᠭᠦᠭᠡᠵᠦ᠂ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠪᠠ᠃ 1979 ᠣᠨ᠎ᠳᠤ ᠤᠤᠯ᠎ᠤᠨ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ ᠰᠤᠷᠭ᠋ᠠᠭᠤᠯᠢ᠎ᠳᠤ ᠠᠵᠤ ᠦᠢ᠍ᠯᠡᠳᠪᠦᠷᠢ ᠬᠢᠭᠡᠳ ᠠᠷᠠᠳ᠎ᠤᠨ ᠬᠡᠷᠡᠭᠯᠡᠭᠡᠨ᠎ᠤ ᠪᠠᠷᠢᠯᠭ᠎ᠠ᠂ ᠪᠠᠷᠢᠯᠭ᠎ᠠ ᠵᠢᠨ ᠤᠬᠠᠭ᠋ᠠᠨ᠂ ᠳᠤᠯᠠᠭ᠋ᠠᠯᠠᠭ᠎ᠠ᠂ ᠰᠠᠯᠬᠢ ᠨᠡᠪᠲᠡᠷᠡᠭᠦᠯᠬᠦ ᠪᠠ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ᠎ᠳᠤ ᠵᠢᠩᠬᠢᠨᠢ ᠠᠩᠭᠢ ᠵᠢᠨ ᠳᠡᠰ᠎ᠤᠨ ᠰᠤᠷᠭ᠋ᠠᠨ ᠬᠥᠮᠦᠵᠢᠯ᠎ᠢ ᠡᠷᠭᠢᠯᠡᠵᠦ᠂ ᠵᠢᠩᠬᠢᠨᠢ ᠠᠩᠭᠢ ᠵᠢᠨ ᠰᠤᠷᠤᠭᠴᠢ ᠵᠢ 6 ᠬᠤᠭᠤᠴᠠᠭ᠎ᠠ ᠬᠥᠮᠥᠵᠢᠭᠦᠯᠵᠦ ᠲᠡᠭᠦᠰᠭᠡᠪᠡ᠃ 1999 ᠣᠨ᠎ᠤ 7 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ ᠲᠤᠰᠠᠭ᠋ᠠᠷ ᠡᠩ᠎ᠤᠨ ᠳᠡᠭᠡᠳᠦ ᠰᠤᠷᠭ᠋ᠠᠭᠤᠯᠢ ᠪᠣᠯᠵᠣ ᠳᠡᠪᠰᠢᠭᠡᠳ᠂ ᠬᠦᠬᠡᠬᠤᠳᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠪᠠ᠃ 2002 ᠣᠨ᠎ᠤ 3 ᠰᠠᠷ᠎ᠠ᠎ᠳᠤ᠂ ᠰᠤᠷᠭ᠋ᠠᠭᠤᠯᠢ ᠵᠢᠨ ᠨᠡᠷ᠎ᠡ ᠵᠢ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠭᠡᠵᠦ ᠬᠠᠯᠠᠵᠤ᠂ ᠲᠤᠰ ᠵᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ᠎ᠤᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢ ᠲᠤᠰ ᠰᠤᠷᠭ᠋ᠠᠭᠤᠯᠢ᠎ᠲᠠᠢ ᠨᠡᠢ᠌ᠯᠡᠭᠦᠯᠪᠡ᠃



      ᠣᠶ᠋ᠢᠷ᠎ᠠ ᠵᠢᠨ ᠵᠢᠯ᠂ ᠰᠤᠷᠭ᠋ᠠᠭᠤᠯᠢ᠎ᠨᠢ ᠰᠤᠷᠭ᠋ᠠᠭᠤᠯᠢ ᠡᠷᠭᠢᠯᠡᠬᠦ ᠴᠢᠳᠠᠮᠵᠢ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ᠂ ᠬᠠᠮᠢᠶᠠᠷᠤᠯᠲᠠ ᠵᠢᠨ ᠬᠢᠷᠢ ᠲᠦᠪᠰᠢᠨ᠂ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ᠂ ᠰᠣᠷᠣᠭᠴᠢ ᠡᠯᠰᠡᠵᠦ ᠠᠵᠢᠯ ᠣᠯᠭᠣᠬᠤ᠂ ᠰᠣᠷᠣᠭᠴᠢ ᠵᠢᠨ ᠰᠤᠷᠭ᠋ᠠᠨ ᠬᠥᠮᠦᠵᠢᠯ᠂ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠲᠠᠯ᠎ᠠ᠎ᠪᠠᠷ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠪᠡ᠃ 2005 ᠣᠨ᠎ᠤ 11 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠠᠵᠢᠯ᠎ᠤᠨ ᠬᠢᠷᠢ ᠲᠦᠪᠰᠢᠨ᠎ᠤ ᠦᠨᠡᠯᠡᠯᠲᠡ᠎ᠳᠤ ᠰᠢᠯᠢᠳᠡᠭ ᠵᠶ᠋ᠠᠷ ᠦᠨᠡᠯᠡᠭᠳᠡᠪᠡ᠃ 2007 ᠣᠨ᠎ᠤ 8 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠠᠩᠬᠠᠳᠠᠭᠴᠢ ᠪᠦᠯᠦᠭ᠎ᠤᠨ 《ᠤᠯᠤᠰ᠎ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ》᠎ᠪᠠᠷ ᠲᠣᠭᠲᠠᠭ᠋ᠠᠪᠠ; 2011 ᠣᠨ᠎ᠳᠤ ᠰᠤᠷᠭ᠋ᠠᠨ ᠬᠦᠮᠤᠵᠢᠯ᠎ᠤᠨ ᠶᠠᠮᠤᠨ᠎ᠠᠴᠠ ᠠᠩᠬᠠᠳᠠᠭᠴᠢ ᠪᠦᠯᠦᠭ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠤᠷᠤᠭᠴᠢ ᠡᠯᠰᠡᠬᠦ ᠳᠤᠷᠰᠢᠯᠲᠠ ᠵᠢᠨ ᠰᠤᠷᠭ᠋ᠠᠭᠤᠯᠢ᠎ᠪᠠᠷ ᠳᠣᠭᠲᠠᠭ᠋ᠠᠪᠠ; 2016 ᠣᠨ᠎ᠤ 5 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠎ᠠᠴᠠ ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢ ᠣᠨᠣᠰᠢᠯᠠᠬᠤ ᠪᠠ ᠰᠠᠶ᠋ᠢᠵᠢᠷᠠᠭᠤᠯᠬᠤ ᠲᠤᠷᠰᠢᠯᠲᠠ ᠵᠢᠨ ᠳᠡᠭᠡᠳᠦ ᠰᠤᠷᠭ᠋ᠠᠭᠤᠯᠢ᠎ᠪᠠᠷ ᠳᠣᠭᠲᠠᠭ᠋ᠠᠪᠠ; 2017 ᠣᠨ᠎ᠤ 9 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠎ᠠᠴᠠ ᠤᠯᠤᠰ᠎ᠤᠨ ᠰᠢᠯᠢᠳᠡᠭ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠲᠣᠭᠲᠠᠭ᠋ᠠᠪᠠ; 2019 ᠣᠨ᠎ᠤ 6 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠎ᠠᠴᠠ ᠠᠩᠬᠠᠳᠠᠭᠴᠢ ᠪᠦᠯᠦᠭ᠎ᠤᠨ 1+X ᠦᠨᠡᠮᠯᠡᠯ᠎ᠤᠨ ᠲᠦᠷᠢᠮ᠎ᠤᠨ ᠲᠤᠷᠰᠢᠯᠲᠠ ᠵᠢᠨ ᠳᠡᠭᠡᠳᠦ ᠰᠤᠷᠭ᠋ᠠᠭᠤᠯᠢ᠎ᠪᠠᠷ ᠳᠣᠭᠲᠠᠭ᠋ᠠᠪᠠ; 2019 ᠣᠨ᠎ᠤ 12 ᠰᠠᠷ᠎ᠠ᠎ᠳᠤ᠂ ᠰᠤᠷᠭ᠋ᠠᠨ ᠬᠦᠮᠤᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠤᠯᠤᠰ᠎ᠤᠨ 《ᠬᠣᠤᠰ ᠥᠨᠳᠥᠷ ᠲᠥᠯᠥᠪᠯᠡᠭᠡ》 ᠵᠢᠨ ᠥᠨᠳᠥᠷ ᠬᠢᠷᠢ ᠲᠦᠪᠰᠢᠨ ᠪᠥᠬᠥᠶ ᠲᠤᠰᠬᠠᠶ ᠮᠡᠷᠭᠡᠵᠢᠯ᠎ᠤᠨ ᠴᠣᠭᠯᠠᠷᠠᠯ᠎ᠢ ᠪᠥᠲᠥᠭᠡᠨ ᠪᠠᠢ᠌ᠭᠤᠯᠬᠤ ᠨᠢᠭᠡᠴᠢ᠎ᠪᠠᠷ ᠲᠣᠭᠲᠠᠭ᠋ᠠᠪᠠ᠃ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠪᠥᠬᠥ ᠤᠯᠤᠰ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠤᠨ ᠬᠡᠰᠢᠭᠦᠨ ᠨᠢᠭᠡᠴᠢ᠂ ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠰᠢᠷᠣᠶ ᠮᠣᠳᠤᠨ᠎ᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ᠎ᠤᠨ ᠠᠵᠢᠯ᠎ᠢ ᠵᠢᠯᠣᠭᠣᠳᠬᠤ ᠵᠥᠪᠯᠡᠯ᠎ᠤᠨ ᠬᠣᠲᠠ ᠵᠢᠨ ᠶᠠᠪᠤᠳᠠᠯ᠎ᠤᠨ ᠦᠨᠳᠦᠰᠦᠨ ᠲᠥᠬᠦᠭᠡᠷᠦᠮᠵᠢ ᠵᠢᠨ ᠪᠥᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠤᠰᠬᠠᠶ ᠵᠢᠯᠣᠭᠣᠳᠬᠤ ᠵᠥᠪᠯᠡᠯ᠎ᠤᠨ ᠡᠷᠬᠢᠯᠡᠭᠴᠢ ᠭᠡᠰᠢᠭᠦᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠨᠡᠶ᠋ᠢᠭᠡᠮᠯᠢᠭ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠨᠡᠶ᠋ᠢᠭᠡᠮᠯᠢᠭ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢ ᠠᠬᠢᠭᠤᠯᠬᠤ ᠬᠤᠷᠠᠯ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠨᠢᠭᠡᠴᠢ ᠶᠤᠮ᠃
      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ 65 ᠵᠢᠯ᠎ᠤᠨ ᠲᠤᠷᠰᠢ᠂ ᠰᠤᠷᠭ᠋ᠠᠭᠤᠯᠢ᠎ᠨᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ 《ᠶᠣᠰᠣ ᠰᠤᠷᠲᠠᠬᠤᠨ᠎ᠢ ᠪᠣᠶ ᠪᠣᠯᠭ᠋ᠠᠨ ᠬᠥᠮᠦᠨ᠎ᠢ ᠬᠥᠮᠦᠵᠢᠭᠦᠯᠬᠦ》᠎ᠪᠠᠷ ᠦᠨᠳᠦᠰᠦᠨ ᠡᠭᠦᠷᠭᠡ᠎ᠪᠠᠨ ᠪᠣᠯᠭ᠋ᠠᠵᠤ᠂ 《ᠰᠤᠷᠤᠯᠭ᠎ᠠ᠎ᠳᠤ᠎ᠪᠠᠨ ᠴᠢᠷᠮᠠᠢ᠌ᠵᠤ᠂ ᠪᠠᠷᠢᠯᠭ᠎ᠠ᠎ᠳᠤ᠎ᠪᠠᠨ ᠴᠠᠭ᠋ᠠᠷᠠᠬᠤ》 ᠰᠤᠷᠭ᠋ᠠᠭᠤᠯᠢ ᠵᠢᠨ ᠰᠤᠷᠭ᠋ᠠᠯ᠎ᠤᠨ ᠵᠣᠷᠢᠭ ᠰᠠᠨᠠᠭ᠎ᠠ ᠵᠢ ᠪᠠᠷᠢᠮᠲᠠᠯᠠᠨ᠂ ᠪᠦᠬᠦᠯᠢ ᠡᠳᠦᠷ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠪᠠ ᠵᠢᠩᠬᠢᠨᠢ ᠠᠩᠭᠢ ᠵᠢᠨ ᠠᠵᠢᠯ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠵᠶ᠋ᠠᠷ ᠭᠣᠤᠯ ᠴᠣᠭᠴᠠ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠪᠣᠯᠪᠠᠰᠤᠷᠠᠭᠤᠯᠤᠯ ᠪᠠ ᠨᠠᠰᠤᠨ᠎ᠳᠤ ᠬᠦᠷᠦᠭᠰᠡᠳ᠎ᠤᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ ᠵᠢ ᠢᠳᠡᠪᠬᠢᠲᠡᠶ ᠥᠷᠨᠢᠭᠦᠯᠪᠡ᠃ ᠰᠤᠷᠭ᠋ᠠᠭᠤᠯᠢ᠎ᠳᠤ ᠣᠳᠣ ᠪᠠᠷᠢᠯᠭ᠎ᠠ ᠵᠢᠨ ᠢᠨᠵᠧᠨᠧᠷᠢᠩ ᠪᠠ ᠬᠡᠮᠵᠢᠨ ᠵᠢᠷᠤᠬᠤ ᠳᠡᠭᠡᠳᠦ ᠰᠤᠷᠭ᠋ᠠᠭᠤᠯᠢ᠂ ᠪᠠᠷᠢᠯᠭ᠎ᠠ ᠪᠠ ᠲᠥᠯᠥᠪᠵᠢᠭᠦᠯᠭᠡ ᠵᠢᠨ ᠳᠡᠭᠡᠳᠦ ᠰᠤᠷᠭ᠋ᠠᠭᠤᠯᠢ (ᠠᠭᠤᠯᠠ ᠤᠰᠤ ᠣᠭ᠌ᠶᠤ ᠨᠣᠭᠣᠭ᠋ᠠᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ)᠂ ᠪᠠᠷᠢᠯᠭ᠎ᠠ ᠵᠢᠨ ᠲᠥᠬᠥᠭᠡᠷᠦᠮᠵᠢ ᠪᠠ ᠠᠦ᠋ᠲ᠋ᠣᠴᠢᠯᠠᠯᠲᠠ ᠵᠢᠨ ᠳᠡᠭᠡᠳᠦ ᠰᠤᠷᠭ᠋ᠠᠭᠤᠯᠢ᠂ ᠪᠠᠷᠢᠯᠭ᠎ᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ᠂ ᠵᠠᠮ ᠬᠠᠷᠢᠯᠴᠠᠭ᠎ᠠ ᠪᠠ ᠬᠣᠲᠠ ᠵᠢᠨ ᠶᠠᠪᠤᠳᠠᠯ᠎ᠤᠨ ᠦᠨᠳᠦᠰᠦᠨ ᠲᠥᠬᠦᠭᠡᠷᠦᠮᠵᠢ ᠵᠢᠨ ᠪᠥᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠳᠡᠭᠡᠳᠦ ᠰᠤᠷᠭ᠋ᠠᠭᠤᠯᠢ᠂ ᠤᠷᠠᠨ ᠮᠡᠷᠭᠡᠵᠢᠯ᠎ᠤᠨ ᠵᠢᠷᠤᠭ ᠲᠥᠯᠥᠪᠯᠡᠭᠡ ᠵᠢᠨ ᠳᠡᠭᠡᠳᠦ ᠰᠤᠷᠭ᠋ᠠᠭᠤᠯᠢ᠂ ᠠᠵᠤ ᠠᠬᠤᠶ ᠵᠢᠨ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ᠂ ᠮᠡᠳᠡᠭᠡ ᠵᠠᠩᠭᠢ ᠪᠠ ᠵᠠᠭᠤᠴᠢᠯᠠᠭᠤᠷ᠎ᠤᠨ ᠳᠡᠭᠡᠳᠦ ᠰᠤᠷᠭ᠋ᠠᠭᠤᠯᠢ᠂ ᠨᠡᠶ᠋ᠢᠲᠡ ᠵᠢᠨ ᠬᠢᠴᠢᠶᠡᠯ᠎ᠤᠨ ᠬᠢᠴᠢᠶᠡᠯ ᠬᠥᠮᠦᠵᠢᠯ᠎ᠤᠨ ᠬᠡᠯᠲᠡᠰ᠂ ᠮᠠᠷᠺᠰ᠎ᠤᠨ ᠦᠵᠡᠯ᠎ᠢ ᠵᠢᠭ᠋ᠠᠬᠤ ᠪᠠ   ᠰᠣᠳᠤᠯᠬᠤ ᠬᠡᠯᠲᠡᠰ᠂ ᠴᠡᠷᠢᠭ ᠪᠠ ᠪᠡᠶ᠎ᠡ ᠵᠢᠨ ᠲᠠᠮᠢᠷ᠎ᠤᠨ ᠬᠢᠴᠢᠶᠡᠯ ᠬᠥᠮᠦᠵᠢᠯ᠎ᠤᠨ ᠬᠡᠯᠲᠡᠰ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠵᠡᠷᠭᠡ 12 ᠵᠢᠭ᠋ᠠᠨ ᠰᠤᠷᠭ᠋ᠠᠯᠲᠠ ᠵᠢᠨ ᠨᠢᠭᠡᠴᠢ᠂ ᠮᠡᠳᠡᠭᠡ ᠵᠠᠩᠭᠢ ᠵᠢᠨ ᠰᠦᠯᠵᠢᠶᠡᠨ᠎ᠤ ᠲᠥᠪ᠂ ᠨᠣᠮ᠎ᠤᠨ ᠰᠠᠩ ᠵᠡᠷᠭᠡ 2 ᠵᠢᠭ᠋ᠠᠨ ᠰᠤᠷᠭ᠋ᠠᠯᠲᠠ ᠵᠢ ᠬᠠᠪᠰᠤᠷᠤᠨ ᠵᠢᠯᠣᠭᠣᠳᠬᠤ ᠰᠠᠯᠠᠭ᠎ᠠ ᠮᠥᠴᠢᠷ᠎ᠲᠠᠢ᠂ ᠨᠠᠮ ᠵᠠᠰᠠᠭ᠎ᠤᠨ ᠠᠯᠪᠡᠠ ᠭᠡᠷ᠂ ᠬᠢᠴᠢᠶᠡᠯ ᠬᠦᠮᠦᠵᠢᠯ᠎ᠤᠨ ᠭᠠᠵᠡᠷ ᠵᠡᠷᠭᠡ 17 ᠬᠠᠮᠢᠶᠠᠷᠤᠯᠲᠠ ᠪᠠ ᠦᠢ᠍ᠯᠡᠴᠢᠯᠡᠭᠡᠨ᠎ᠤ ᠡᠷᠬᠡ ᠲᠤᠰᠢᠶᠠᠯᠲᠤ ᠰᠠᠯᠠᠭ᠎ᠠ ᠮᠥᠴᠢᠷ᠎ᠲᠠᠢ᠃



      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠣᠲᠣ ᠠᠮᠢ ᠠᠬᠤᠶ᠂ ᠰᠢᠨᠬᠤᠸᠠ ᠬᠣᠶᠠᠷ ᠰᠤᠷᠭ᠋ᠠᠭᠤᠯᠢ ᠵᠢᠨ ᠲᠣᠭᠣᠷᠢᠭ᠎ᠲᠠᠢ᠂ ᠶᠡᠷᠦᠩᠬᠡᠶ ᠲᠠᠯᠠᠪᠠᠶ᠎ᠨᠢ 1300 ᠮᠥ᠍᠂ ᠭᠡᠷ ᠪᠠᠷᠢᠯᠭ᠎ᠠ ᠵᠢᠨ ᠲᠠᠯᠠᠪᠠᠶ᠎ᠨᠢ 35.7 ᠲᠦᠮᠡᠨ ᠲᠡᠭᠰᠢ ᠳᠥᠷᠪᠡᠯᠵᠢᠨ ᠮᠧᠲᠷ ᠪᠣᠢ᠃ 2020 ᠣᠨ᠎ᠤ 9 ᠰᠠᠷ᠎ᠠ ᠪᠣᠯᠲᠠᠯ᠎ᠠ᠂ ᠲᠣᠭᠲᠠᠮᠠᠯ ᠬᠥᠷᠦᠩᠭᠡ ᠵᠢᠨ ᠶᠡᠷᠦᠩᠬᠡᠢ ᠲᠣᠭ᠎ᠠ 10.17 ᠳ᠋ᠦᠩᠰᠢᠭᠤᠷ ᠲᠥᠭᠥᠷᠢᠭ᠎ᠲᠤ ᠬᠦᠷᠴᠦ᠂ ᠡᠭᠦᠨ᠎ᠳᠤ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ 1.85 ᠳ᠋ᠦᠩᠰᠢᠭᠤᠷ ᠲᠥᠭᠥᠷᠢᠭ᠎ᠲᠤ ᠬᠦᠷᠴᠡᠶ᠃ ᠨᠣᠮ᠎ᠤᠨ ᠰᠠᠩ᠎ᠳᠤ ᠬᠠᠳᠠᠭ᠋ᠠᠯᠠᠵᠤ ᠪᠠᠶ᠋ᠢᠭ᠎ᠠ ᠨᠣᠮ ᠪᠢᠴᠢᠭ 62.2 ᠲᠦᠮᠡᠨ ᠳᠡᠪᠲᠡᠷ ᠪᠣᠢ᠃ ᠰᠤᠷᠭ᠋ᠠᠭᠤᠯᠢ ᠵᠢᠨ ᠳᠣᠲᠣᠷᠠᠬᠢ ᠲᠤᠰᠬᠠᠶ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ᠎ᠤᠨ ᠲᠠᠰᠤᠭ 94᠂ ᠦᠪᠦᠷ ᠮᠤᠨᠭ᠌ᠭᠤᠯ᠎ᠤᠨ ᠠᠵᠢᠯ ᠲᠥᠷᠥᠯ᠎ᠤᠨ ᠨᠡᠭᠡᠭᠡᠯᠲᠡᠲᠦ ᠶᠡᠷᠦᠩᠬᠡᠶ᠋ᠢᠯᠡᠭᠰᠡᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠦᠪᠦᠷ ᠮᠤᠨᠭ᠌ᠭᠤᠯ᠎ᠤᠨ BIM ᠬᠡᠷᠡᠭᠯᠡᠭᠡᠨ᠎ᠤ ᠪᠠ ᠰᠤᠳᠤᠯᠭ᠋ᠠᠨ᠎ᠤ ᠲᠥᠪ ᠵᠡᠷᠭᠡ ᠵᠠᠰᠠᠭ ᠠᠵᠢᠯ ᠲᠥᠷᠦᠯ ᠰᠤᠷᠭ᠋ᠠᠭᠤᠯᠢ ᠠᠵᠤ ᠠᠬᠤᠶ᠋ᠢᠯᠠᠯ᠎ᠲᠠᠢ ᠬᠠᠮᠲᠤ᠎ᠪᠠᠷ 5 ᠦᠢ᠍ᠯᠡᠳᠪᠦᠷᠢᠯᠡᠯ᠎ᠤᠨ ᠴᠢᠨᠠᠷᠲᠠᠶ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠢ ᠪᠠᠶ᠋ᠢᠭᠤᠯᠵᠤ᠂ ᠠᠵᠢᠯ ᠲᠥᠷᠥᠯ᠎ᠤᠨ ᠠᠵᠤ ᠠᠬᠤᠶ᠋ᠢᠯᠠᠯ᠎ᠲᠠᠢ ᠬᠠᠮᠲᠤᠷᠠᠨ ᠰᠤᠷᠭ᠋ᠠᠭᠤᠯᠢ ᠵᠢᠨ ᠭᠠᠳᠠᠨᠠᠬᠢ ᠳᠣᠭᠲᠠᠪᠤᠷᠢᠲᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠪᠠ ᠠᠵᠢᠯ᠎ᠤᠨ ᠪᠠᠶ᠋ᠢᠷᠢ ᠣᠷᠣᠯᠠᠬᠤ ᠳᠠᠳᠤᠯᠭ᠎ᠠ ᠵᠢᠨ ᠰᠠᠭᠤᠷᠢᠨ 149 ᠵᠢ ᠪᠠᠶ᠋ᠢᠭᠤᠯᠵᠠᠶ᠃ ᠡᠳᠦᠭᠡ ᠤᠯᠤᠰ᠎ᠤᠨ ᠳᠡᠰ᠎ᠤᠨ ᠭᠣᠣᠯᠳᠠᠯᠭ᠋ᠠᠲᠠᠢ ᠲᠤᠰᠬᠠᠶ ᠮᠡᠷᠭᠡᠵᠢᠯ 6᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ   ᠭᠣᠣᠯᠳᠠᠯᠭ᠋ᠠᠲᠠᠢ ᠲᠤᠰᠬᠠᠶ ᠮᠡᠷᠭᠡᠵᠢᠯ 20᠂ ᠤᠯᠤᠰ᠎ᠤᠨ ᠳᠡᠰ᠎ᠤᠨ ᠰᠣᠳᠣᠨ ᠬᠢᠴᠢᠶᠡᠯ 2᠂ ᠤᠯᠤᠰ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠰᠣᠳᠣᠨ ᠬᠢᠴᠢᠶᠡᠯ 2᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠳᠣᠨ ᠬᠢᠴᠢᠶᠡᠯ 29᠂ ᠰᠦᠯᠵᠢᠶᠡᠨ᠎ᠤ ᠨᠡᠭᠡᠭᠡᠯᠲᠡᠲᠦ ᠰᠣᠳᠣᠨ ᠬᠢᠴᠢᠶᠡᠯ 7 ᠵᠢ ᠪᠠᠢ᠌ᠭᠤᠯᠪᠠ᠃ ᠤᠯᠤᠰ᠎ᠤᠨ ᠳᠡᠰ᠎ᠤᠨ ᠵᠢᠭ᠋ᠠᠨ ᠰᠤᠷᠭ᠋ᠠᠯᠲᠠ ᠵᠢᠨ ᠪᠦᠯᠬᠦᠮ 1᠂ ᠤᠯᠤᠰ᠎ᠤᠨ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠪᠦᠯᠬᠦᠮ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠢᠳᠡᠭ ᠵᠢᠭ᠋ᠠᠨ ᠰᠤᠷᠭ᠋ᠠᠯᠲᠠ ᠵᠢᠨ ᠪᠦᠯᠬᠦᠮ 15᠂ ᠪᠠᠷᠢᠯᠭ᠎ᠠ ᠵᠢᠨ ᠮᠡᠳᠡᠭᠡ ᠵᠠᠩᠭᠢ ᠵᠢᠨ ᠬᠡᠪ ᠵᠠᠭᠪᠤᠷ (BIM) ᠵᠡᠷᠭᠡ 1+X ᠲᠤᠷᠰᠢᠯᠲᠠ ᠵᠢᠨ ᠲᠤᠰᠬᠠᠶ ᠮᠡᠷᠭᠡᠵᠢᠯ 18 ᠪᠣᠶ᠃ ᠣᠶ᠋ᠢᠷ᠎ᠠ ᠵᠢᠨ ᠵᠢᠯ᠂ ᠰᠤᠷᠭ᠋ᠠᠭᠤᠯᠢ ᠵᠢᠨ 5 ᠵᠦᠢ᠍ᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠨᠢ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠨᠢᠭᠡᠳᠦᠭᠡᠷ ᠳᠡᠰ᠎ᠤᠨ ᠱᠠᠩᠨᠠᠯ᠂ 5 ᠵᠦᠢ᠍ᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠨᠢ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠬᠣᠶᠠᠳᠤᠭ᠋ᠠᠷ ᠳᠡᠰ᠎ᠤᠨ ᠱᠠᠩᠨᠠᠯ᠎ᠢ ᠭᠦᠷᠲᠡᠵᠦ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ ᠭᠦᠷᠲᠡᠭᠰᠡᠨ ᠪᠥᠲᠦᠭᠡᠯ 3 ᠪᠣᠢ᠃
      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠴᠢᠳᠠᠪᠤᠷᠢᠲᠠᠨ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ》 ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠨ᠂ ᠪᠠᠭᠰᠢ ᠵᠢᠨ ᠡᠩᠨᠡᠭᠡ ᠪᠠ ᠰᠢᠯᠢᠳᠡᠭ ᠵᠢᠭ᠋ᠠᠨ ᠰᠤᠷᠭ᠋ᠠᠯᠲᠠ ᠵᠢᠨ ᠪᠦᠯᠬᠦᠮ᠎ᠤᠨ ᠪᠠᠶ᠋ᠢᠭᠤᠯᠤᠯᠲᠠ ᠵᠢ ᠶᠡᠬᠡ᠎ᠪᠠᠷ ᠴᠢᠩᠭ᠋ᠠᠳᠬᠠᠪᠠ᠃ ᠣᠲᠣ ᠪᠡᠭ᠍ᠰᠢ ᠠᠵᠢᠯᠳᠡᠠ ᠠᠵᠢᠯᠴᠢᠠ 595 ᠪᠠᠢ᠌ᠵᠤ᠂ ᠲᠤᠰᠬᠠᠶ ᠪᠠᠭᠰᠢ 485᠂ ᠳᠡᠳ᠋ ᠳᠡᠭᠡᠳᠦ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠤᠯᠠᠲᠠᠢ ᠪᠠᠭᠰᠢ 213 (ᠡᠭᠦᠨ᠎ᠳᠤ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 56 ᠪᠣᠶ)᠂ ᠮᠠᠰᠲ᠋ᠧᠷ᠎ᠠᠴᠠ ᠳᠡᠭᠡᠭᠰᠢᠬᠢ ᠡᠷᠳᠡᠮ᠎ᠤᠨ ᠴᠤᠯᠠᠲᠠᠢ ᠪᠠᠭᠰᠢ 346 ᠪᠠᠶ᠋ᠢᠵᠤ᠂ ᠨᠡᠯᠢᠶᠡᠳ ᠥᠨᠳᠥᠷ ᠣᠨᠣᠯ᠎ᠤᠨ ᠬᠢᠷᠢ ᠲᠦᠪᠰᠢᠨ ᠪᠠ ᠡᠯᠪᠡᠭ ᠪᠠᠶᠠᠯᠢᠭ ᠦᠢ᠍ᠯᠡᠳᠦᠯᠭᠡ᠎ᠤᠨ ᠲᠤᠷᠰᠢᠯᠭ᠎ᠠ᠎ᠲᠠᠢ 《ᠬᠣᠤᠰ ᠪᠠᠭᠰᠢ》 ᠵᠢᠨ ᠬᠡᠪ ᠪᠣᠯᠪᠠᠰᠤᠷᠠᠯ᠎ᠲᠠᠢ ᠪᠠᠭᠰᠢ ᠵᠢᠨ ᠬᠠᠷᠢᠴᠠᠯ ᠵᠢᠯ ᠳᠠᠷᠠᠭ᠋ᠠᠯᠠᠨ ᠳᠡᠭᠡᠭᠰᠢᠯᠡᠵᠦ ᠪᠠᠶ᠋ᠢᠨ᠎ᠠ᠃ ᠣᠲᠣ ᠪᠥᠬᠥ ᠤᠯᠤᠰ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠠᠵᠢᠯᠲᠠᠨ 1᠂ ᠪᠥᠬᠥ ᠤᠯᠤᠰ᠎ᠤᠨ ᠲᠠᠪᠤᠨ ᠰᠠᠷ᠎ᠠ ᠵᠢᠨ ᠨᠢᠭᠡᠨ᠎ᠤ ᠬᠥᠳᠡᠯᠮᠦᠷᠢ ᠵᠢᠨ ᠵᠢᠱ᠌ᠢᠶᠡᠴᠢ ᠵᠢᠨ ᠱᠠᠩᠨᠠᠯ ᠬᠦᠷᠲᠡᠭᠴᠢ 1᠂ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠭᠣᠤᠯᠯᠠᠭᠴᠢ 1᠂ ᠥᠪᠡᠷᠲᠡᠭᠡᠨ ᠵᠠᠰᠠᠬᠤ ᠣᠷᠣᠨ᠎ᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 16᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨ᠎ᠡ ᠰᠣᠳᠣᠨ 13 ᠪᠣᠶ᠃ ᠥᠪᠡᠷᠲᠡᠭᠡᠨ ᠵᠠᠰᠠᠬᠤ ᠣᠷᠣᠨ᠎ᠤ ᠪᠠᠭᠰᠢ ᠵᠢᠨ ᠮᠣᠷᠠᠯ᠎ᠤᠨ ᠵᠢᠱ᠌ᠢᠶᠡᠴᠢ᠂ ᠰᠢᠯᠢᠳᠡᠭ ᠪᠠᠭᠰᠢ ᠵᠡᠷᠭᠡ   ᠢᠷᠠᠭᠤ ᠠᠯᠳᠠᠷ᠎ᠤᠨ ᠴᠣᠯᠠ ᠵᠢ 26 ᠬᠥᠮᠦᠨ ᠭᠥᠷᠳᠡᠪᠡ᠃



      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠣᠷᠣᠨ ᠪᠦᠰᠡ ᠵᠢᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠢᠳᠡᠪᠬᠢᠲᠡᠶ᠎ᠪᠠᠷ ᠬᠠᠮᠲᠤᠷᠠᠨ ᠰᠤᠷᠭ᠋ᠠᠭᠤᠯᠢ ᠡᠷᠭᠢᠯᠡᠬᠦ ᠬᠡᠯᠪᠡᠷᠢ᠎ᠪᠠᠷ ᠳᠠᠮᠵᠢᠭᠤᠯᠤᠨ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠡᠷᠬᠢᠯᠡᠪᠡ᠃ ᠣᠳᠣᠬᠠᠨ᠎ᠳᠤ᠂ ᠲᠤᠰ ᠲᠤᠰ ᠦᠪᠦᠷ ᠮᠤᠨᠭ᠌ᠭᠤᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠡᠷᠭᠡ 5 ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠢᠯᠴᠢ ᠬᠠᠩᠭ᠋ᠠᠬᠤ᠂ ᠰᠠᠯᠬᠢ ᠨᠡᠪᠲᠡᠷᠡᠭᠦᠯᠬᠦ ᠪᠠ ᠠᠭ᠋ᠠᠷ   ᠲᠣᠬᠢᠷᠠᠭᠤᠯᠤᠭᠤᠷ᠎ᠤᠨ ᠢᠨᠵᠧᠨᠧᠷᠢᠩ᠎ᠤᠨ ᠮᠡᠷᠭᠡᠵᠢᠯ᠂ ᠪᠠᠷᠢᠯᠭ᠎ᠠ ᠵᠢᠨ ᠴᠢᠮᠡᠭᠯᠡᠯ᠎ᠤᠨ ᠢᠨᠵᠧᠨᠧᠷᠢᠩ᠎ᠤᠨ ᠮᠡᠷᠭᠡᠵᠢᠯ᠂ ᠪᠠᠷᠢᠯᠭ᠎ᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠵᠢᠨ ᠦᠨ᠎ᠡ᠂ ᠪᠠᠷᠢᠯᠭ᠎ᠠ ᠵᠢᠨ ᠢᠨᠵᠧᠨᠧᠷᠢᠩ᠎ᠤᠨ ᠮᠡᠷᠭᠡᠵᠢᠯ᠂ ᠵᠠᠮ ᠬᠥᠭᠥᠷᠭᠡ ᠵᠢᠨ ᠢᠨᠵᠧᠨᠧᠷᠢᠩ᠎ᠤᠨ ᠮᠡᠷᠭᠡᠵᠢᠯ᠂ ᠨᠢᠭ᠍ᠳᠡᠯᠡᠠ ᠪᠤᠳᠦᠬᠤ ᠤᠬᠠᠭ᠋ᠠᠠ ᠵᠡᠷᠭᠡ 7 ᠬᠡᠷᠡᠭᠯᠡᠭᠡᠨ᠎ᠤ ᠬᠡᠯᠪᠡᠷᠢ ᠵᠢᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠢ ᠡᠷᠭᠢᠯᠡᠪᠡ᠃
      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠪᠦᠬᠦᠯᠢ ᠡᠳᠦᠷ᠎ᠤᠨ ᠳᠦᠷᠢᠮᠲᠦ ᠰᠣᠷᠣᠭᠴᠢ 9500 ᠭᠠᠷᠤᠶ ᠪᠠᠢ᠌ᠵᠤ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠣᠷᠣᠭᠴᠢ 558 ᠪᠣᠶ᠃ ᠣᠶ᠋ᠢᠷ᠎ᠠ ᠵᠢᠨ ᠵᠢᠯ᠎ᠤᠨ ᠲᠤᠷᠰᠢ᠂ ᠠᠩᠬ᠎ᠠ ᠤᠳᠠᠭ᠎ᠠ ᠰᠤᠷᠭ᠋ᠠᠭᠤᠯᠢ ᠲᠡᠭᠦᠰᠦᠭᠰᠡᠨ ᠰᠤᠷᠤᠭᠴᠢ ᠵᠢᠨ ᠠᠵᠢᠯ ᠣᠯᠭᠤᠯᠲᠠ ᠵᠢᠨ ᠨᠤᠷᠮ᠎ᠠ᠎ᠨᠢ ᠳᠤᠮᠳᠠᠴᠢ᠎ᠪᠠᠷ 95% ᠵᠢ ᠳᠠᠪᠠᠵᠤ᠂ ᠵᠢᠯ᠎ᠤᠨ ᠮᠥᠷᠳᠡᠨ ᠳᠠᠭ᠋ᠠᠭᠰᠠᠨ ᠠᠵᠢᠯ ᠣᠯᠭᠤᠯᠲᠠ ᠵᠢᠨ ᠨᠤᠷᠮ᠎ᠠ᠎ᠨᠢ 100%᠎ᠳᠤ ᠬᠦᠷᠴᠦ᠂ ᠣᠯᠠᠨ ᠵᠢᠯ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠲᠡᠷᠢᠭᠦᠨ᠎ᠳᠤ ᠣᠷᠣᠪᠠ᠃ ᠰᠤᠷᠭ᠋ᠠᠭᠤᠯᠢ᠎ᠳᠤ ᠪᠠᠶ᠋ᠢᠭᠤᠯᠤᠭᠰᠠᠨ ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯᠳᠠᠨ ᠠᠵᠢᠯᠴᠢᠳ᠎ᠤᠨ   ᠪᠣᠯᠪᠠᠰᠤᠷᠠᠭᠤᠯᠤᠯ᠎ᠤᠨ ᠲᠥᠪ (ᠪᠠᠷᠢᠯᠭ᠎ᠠ ᠵᠢᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢ ᠬᠢᠨᠠᠨ ᠲᠣᠭᠲᠠᠭ᠋ᠠᠬᠤ ᠥᠷᠳᠡᠭᠡ)᠎ᠨᠢ ᠵᠢᠯ᠎ᠳᠤ ᠨᠡᠶ᠋ᠢᠭᠡᠮ ᠪᠠ ᠠᠵᠢᠯ ᠲᠥᠷᠥᠯ᠎ᠤᠨ ᠪᠣᠯᠪᠠᠰᠤᠷᠠᠭᠤᠯᠤᠯ ᠬᠢᠭᠡᠳ ᠮᠡᠷᠭᠡᠵᠢᠯ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢ ᠲᠦᠮᠡ ᠰᠢᠬᠠᠮ ᠬᠥᠮᠦᠨ ᠤᠳᠠᠭ᠎ᠠ ᠬᠥᠯᠢᠶᠡᠨ ᠠᠪᠤᠭᠰᠠᠨ ᠪᠠᠶ᠋ᠢᠨ᠎ᠠ᠃ ᠰᠤᠷᠭ᠋ᠠᠭᠤᠯᠢ᠎ᠨᠢ 《ᠡᠭᠦᠳᠦᠯᠲᠡ ᠬᠤᠨᠳᠠᠭ᠋ᠠᠲᠤ》᠂ 《ᠥᠷᠢᠰᠦᠯᠳᠦᠭᠡᠨᠲᠦ ᠬᠤᠨᠳᠠᠭ᠋ᠠᠲᠤ》 ᠵᠡᠷᠭᠡ ᠤᠯᠤᠰ᠎ᠤᠨ ᠳᠡᠰ᠎ᠤᠨ 《ᠦᠢ᠍ᠯᠡᠰ ᠪᠣᠰᠬᠠᠵᠤ ᠰᠢᠨ᠎ᠡ ᠵᠢ ᠡᠭᠦᠳᠬᠦ》 ᠤᠷᠤᠯᠳᠤᠭ᠋ᠠᠨ᠎ᠳᠤ 25 ᠵᠦᠢ᠍ᠯ᠎ᠤᠨ ᠱᠠᠩᠨᠠᠯ ᠭᠥᠷᠳᠡᠪᠡ᠃



      ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠨᠡᠭᠡᠭᠡᠯᠲᠡᠲᠦ ᠰᠤᠷᠭ᠋ᠠᠭᠤᠯᠢ ᠡᠷᠭᠢᠯᠡᠬᠦ ᠵᠢ ᠪᠠᠷᠢᠮᠲᠠᠯᠠᠵᠤ᠂ ᠠᠩᠭ᠍ᠯᠢ᠂ ᠠᠮᠧᠷᠢᠺᠠ᠂ ᠺᠠᠨᠠᠳᠠ᠂ ᠮᠠᠯᠠᠶ᠋ᠢᠰᠢᠶ᠎ᠠ ᠵᠡᠷᠭᠡ ᠤᠯᠤᠰ᠎ᠲᠠᠢ ᠬᠠᠮᠲᠤᠷᠠᠨ ᠰᠤᠷᠭ᠋ᠠᠭᠤᠯᠢ ᠡᠷᠭᠢᠯᠡᠬᠦ᠂ ᠲᠤᠰᠬᠠᠶ ᠮᠡᠷᠭᠡᠵᠢᠯ᠎ᠢ ᠬᠠᠮᠲᠤ᠎ᠪᠠᠷ ᠪᠠᠶ᠋ᠢᠭᠤᠯᠬᠤ ᠪᠠ ᠬᠢᠴᠢᠶᠡᠯ᠎ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶᠢᠭ ᠵᠶ᠋ᠠᠷ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠪᠡ᠃
      ᠣᠶ᠋ᠢᠷ᠎ᠠ ᠵᠢᠨ ᠵᠢᠯ᠎ᠳᠤ᠂ ᠰᠤᠷᠭ᠋ᠠᠭᠤᠯᠢ᠎ᠨᠢ ᠤᠷᠢᠳ ᠬᠣᠵᠢᠳ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠲᠡᠭᠦᠰᠬᠦ ᠰᠤᠷᠤᠭᠴᠢ ᠵᠢᠨ ᠠᠵᠢᠯ ᠣᠯᠭᠣᠯᠲᠠ ᠵᠢᠨ ᠠᠵᠢᠯ᠎ᠤᠨ ᠲᠡᠷᠢᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠲᠡᠭᠦᠰᠬᠦ ᠰᠤᠷᠤᠭᠴᠢ ᠵᠢᠨ ᠠᠵᠢᠯ ᠣᠯᠭᠣᠯᠲᠠ ᠵᠢᠨ ᠠᠵᠢᠯ᠎ᠤᠨ ᠲᠡᠷᠢᠭᠦᠨ᠎ᠤ ᠬᠠᠮᠲᠤ᠂ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠍ᠭᠤᠯᠤᠯᠲᠠ᠂ ᠪᠦᠬᠦ ᠣᠷᠣᠨ᠎ᠤ ᠴᠡᠷᠢᠭ ᠡᠯᠰᠡᠬᠦ ᠠᠵᠢᠯ᠎ᠤᠨ ᠲᠡᠷᠢᠭᠦᠨ᠎ᠤ ᠨᠢᠭᠡᠴᠢ᠂ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠲᠣᠭᠲᠠᠭᠤᠨ᠎ᠢ ᠬᠠᠮᠠᠭ᠋ᠠᠯᠠᠵᠤ ᠶᠡᠷᠦᠩᠬᠡᠶ᠋ᠢᠯᠡᠨ ᠵᠠᠰᠠᠬᠤ ᠠᠵᠢᠯ᠎ᠤᠨ ᠲᠡᠷᠢᠭᠦᠨ᠎ᠤ ᠨᠢᠭᠡᠴᠢ᠂ ᠪᠥᠬᠥ ᠣᠷᠣᠨ᠎ᠤ 《5.1 ᠬᠥᠳᠡᠯᠮᠦᠷᠢ ᠵᠢᠨ ᠵᠢᠱ᠌ᠢᠶᠡᠴᠢ ᠵᠢᠨ ᠱᠠᠩᠨᠠᠯ》᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ 2018 ᠣᠨ᠎ᠤ 《ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ 〈ᠴᠡᠭ ᠲᠣᠭᠲᠠᠭ᠋ᠠᠨ ᠬᠠᠪᠰᠤᠷᠤᠨ ᠲᠡᠳᠬᠦᠬᠦ〉᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ》᠂ ᠪᠥᠬᠥ ᠣᠷᠣᠨ᠎ᠤ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠢᠰᠲ᠋ᠧᠮ᠎ᠤᠨ ᠲᠡᠷᠢᠭᠦᠨ᠎ᠤ ᠬᠠᠮᠲᠤ ᠵᠡᠷᠭᠡ ᠢᠷᠠᠭᠤ ᠠᠯᠳᠠᠷ᠎ᠤᠨ ᠴᠣᠯᠠ᠎ᠢ ᠭᠦᠷᠲᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠰᠤᠷᠭ᠋ᠠᠭᠤᠯᠢ ᠵᠢᠨ ᠤᠳᠤᠷᠢᠳᠬᠤ ᠪᠠᠭ᠎ᠢ ᠥᠪᠡᠷᠲᠡᠭᠡᠨ ᠵᠠᠰᠠᠬᠤ ᠣᠷᠣᠨ᠎ᠤ ᠲᠣᠪᠣᠶ᠋ᠢᠮ᠎ᠠ ᠤᠳᠤᠷᠢᠳᠬᠤ ᠪᠠᠭ ᠵᠶ᠋ᠠᠷ ᠣᠯᠠᠨ ᠤᠳᠠᠭ᠎ᠠ ᠦᠨᠡᠯᠡᠪᠡ᠃
 

 



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠠᠴᠠ 《ᠮᠠᠭᠲᠠᠭ᠋ᠠᠯ ᠳᠠᠭᠤᠤ》 ᠬᠠᠩᠭᠢᠨᠠᠨᠠᠮ
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ 《ᠳᠤᠮᠳᠠᠳᠤ ᠤᠯᠤᠰ ᠵᠶ᠋ᠠᠨ ᠬᠠᠢ᠌ᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠵᠢᠨ᠎ᠬᠢᠨ 《ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ ᠮᠢᠨᠦ ᠥᠯᠦᠭᠡᠢ》 ᠭᠡᠬᠦ ᠳᠠᠭᠤᠤ ᠵᠢ ᠬᠠᠩᠭᠢᠨᠠᠭᠤᠯᠪᠠ
ᠦᠪᠦᠷ ᠮᠤᠨᠭ᠌ᠭᠤᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
ᠪᠤᠭᠤᠲᠤ ᠵᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠴᠠᠭ ᠦᠶ᠎ᠡ ᠵᠢᠨ ᠳᠣᠬᠢᠶ᠎ᠠ》 ᠭᠡᠬᠦ ᠠᠶ᠎ᠠ ᠳᠠᠭᠤᠤ ᠬᠠᠩᠭᠢᠨᠠᠨᠠᠮ
 
             蒙ICP备05000248号