ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠠᠴᠠ 《ᠬᠦᠰᠡᠯᠡᠩᠲᠦ ᠰᠠᠢ᠌ᠬᠠᠨ ᠬᠥᠳᠡᠭᠡ ᠲᠠᠯ᠎ᠠ》 ᠭᠡᠬᠦ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-05-31


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ
     —《ᠬᠦᠰᠡᠯᠡᠩᠲᠦ ᠰᠠᠢ᠌ᠬᠠᠨ ᠬᠥᠳᠡᠭᠡ ᠲᠠᠯ᠎ᠠ》


      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ


      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠂ 《ᠳᠡᠯᠡᠬᠡᠶ ᠵᠢᠨ ᠬᠣᠪᠣᠷ ᠰᠢᠷᠣᠶ ᠵᠢᠨ ᠬᠣᠲᠠ》 ᠭᠡᠬᠦ ᠨᠡᠷᠡᠲᠦ 《ᠲᠠᠯ᠎ᠠ ᠨᠤᠲᠤᠭ᠎ᠤᠨ ᠪᠣᠯᠣᠳ ᠲᠡᠮᠦᠷ᠎ᠤᠨ ᠬᠣᠲᠠ》 — ᠪᠤᠭᠤᠲᠤ ᠬᠣᠲᠠ᠎ᠳᠤ ᠪᠠᠢ᠌ᠷᠢᠯᠠᠵᠤ᠂ 60 ᠭᠠᠷᠤᠶ ᠵᠢᠯ᠎ᠤᠨ ᠰᠤᠷᠭ᠋ᠠᠭᠤᠯᠢ ᠡᠷᠬᠢᠯᠡᠭᠰᠡᠨ ᠦᠢ᠍ᠯᠡᠳᠦᠯᠭᠡ᠎ᠪᠠᠷ ᠳᠡᠮᠵᠢᠨ᠂ ᠨᠢᠭᠡᠨᠲᠡ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ ᠵᠶ᠋ᠠᠷ ᠭᠣᠤᠯ ᠪᠣᠯᠭ᠋ᠠᠭᠰᠠᠨ᠂ ᠰᠣᠳᠤᠯᠬᠤ ᠰᠣᠷᠤᠭᠴᠢ ᠵᠢᠨ ᠰᠤᠷᠭ᠋ᠠᠨ ᠬᠥᠮᠦᠵᠢᠯ ᠪᠠ ᠦᠷᠭᠦᠯᠵᠢᠯᠡᠭᠰᠡᠨ ᠰᠤᠷᠭ᠋ᠠᠨ ᠬᠥᠮᠥᠵᠢᠯ᠎ᠢ ᠵᠣᠬᠢᠴᠠᠩᠭᠤᠶ ᠬᠥᠭᠵᠢᠭᠦᠯᠦᠭᠰᠡᠨ᠂ ᠠᠵᠢᠯ᠎ᠳᠤ ᠭᠠᠷᠬᠤ᠎ᠠᠴᠠ ᠡᠮᠦᠨᠡᠬᠢ ᠬᠥᠮᠦᠵᠢᠯ ᠪᠠ ᠠᠵᠢᠯ᠎ᠳᠤ ᠣᠷᠣᠭᠰᠠᠨ᠎ᠤ ᠳᠠᠷᠠᠭ᠋ᠠᠬᠢ ᠪᠣᠯᠪᠠᠰᠤᠷᠠᠭᠤᠯᠤᠯ᠎ᠢ ᠨᠢᠭᠡᠳᠬᠡᠭᠰᠡᠨ ᠡᠩ᠎ᠤᠨ ᠳᠡᠭᠡᠳᠦ ᠵᠡᠷᠭᠡ ᠵᠢᠨ ᠪᠠᠭᠰᠢ ᠵᠢᠨ ᠰᠤᠷᠭ᠋ᠠᠭᠤᠯᠢ ᠪᠣᠯᠵᠣ ᠬᠥᠭᠵᠢᠭᠰᠡᠨ ᠪᠠᠶ᠋ᠢᠨ᠎ᠠ᠃



      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠳᠤ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠮᠠᠰᠲ᠋ᠧᠷ ᠴᠣᠯᠠᠯᠠᠬᠤ ᠡᠷᠬᠡᠲᠦ ᠴᠡᠭ 4᠂ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠮᠠᠰᠲ᠋ᠧᠷ ᠴᠣᠯᠠᠯᠠᠬᠤ ᠡᠷᠬᠡᠲᠦ ᠴᠡᠭ 2᠂ ᠳᠤᠰᠬᠠᠢ ᠮᠡᠷᠭᠡᠵᠢᠯ᠎ᠤᠨ ᠮᠠᠰᠲ᠋ᠧᠷ ᠴᠣᠯᠠᠯᠠᠬᠤ ᠡᠷᠬᠡᠲᠦ ᠴᠡᠭ 2᠂ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 44 ᠪᠠ ᠲᠤᠰᠬᠠᠶ ᠮᠡᠷᠭᠡᠵᠢᠯ᠎ᠤᠨ ᠠᠩᠭᠢ ᠵᠢᠨ ᠮᠡᠷᠭᠡᠵᠢᠯ 1 ᠪᠠᠢ᠌ᠵᠤ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 13769 ᠪᠣᠶ᠃ ᠰᠤᠷᠭ᠋ᠠᠭᠤᠯᠢ ᠵᠢᠨ ᠬᠡᠷ ᠪᠠᠷᠢᠯᠭ᠎ᠠ ᠵᠢᠨ ᠲᠠᠯᠠᠪᠠᠶ᠎ᠨᠢ 23.1 ᠲᠦᠮᠡᠨ ᠲᠡᠭᠰᠢ ᠳᠥᠷᠪᠡᠯᠵᠢᠨ ᠮᠧᠲᠷ᠂ ᠵᠥᠭᠡᠯᠡᠨ ᠬᠠᠲᠠᠭᠤ ᠲᠣᠨᠣᠭ ᠲᠥᠬᠥᠭᠡᠷᠦᠮᠵᠢ ᠪᠦᠷᠢᠨ ᠭᠦᠢ᠍ᠴᠡᠳ᠂ ᠤᠲᠠᠰᠤᠲᠤ ᠪᠠ ᠤᠲᠠᠰᠤ ᠥᠬᠡᠶ ᠰᠦᠯᠵᠢᠶ᠎ᠡ ᠵᠢ ᠨᠢᠭᠡ ᠴᠤᠭᠴᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠰᠦᠯᠵᠢᠶᠡᠨ᠎ᠤ ᠰᠢᠰᠲ᠋ᠧᠮ ᠪᠥᠬᠥ ᠰᠤᠷᠭ᠋ᠠᠭᠤᠯᠢ ᠵᠢ ᠪᠥᠷᠬᠦᠵᠦ᠂ ᠲᠤᠷᠰᠢᠯᠲᠠ ᠵᠢᠨ ᠲᠥᠪ14᠂ ᠰᠤᠷᠭ᠋ᠠᠭᠤᠯᠢ ᠵᠢᠨ ᠭᠠᠳᠠᠨᠠᠬᠢ ᠳᠠᠳᠤᠯᠭ᠎ᠠ ᠵᠢᠨ ᠰᠠᠭᠤᠷᠢᠨ ᠭᠠᠵᠠᠷ 144 ᠪᠣᠢ᠃ ᠰᠤᠷᠭ᠋ᠠᠭᠤᠯᠢ ᠵᠢᠨ ᠪᠡᠭ᠍ᠰᠢ ᠠᠵᠢᠯᠳᠡᠠ ᠠᠵᠢᠯᠴᠢᠠ 965 ᠪᠠᠢ᠌ᠵᠤ᠂ ᠡᠭᠦᠨ᠎ᠳᠤ ᠲᠤᠰᠬᠠᠶ ᠪᠠᠭᠰᠢ 660᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ》᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠭᠠᠷᠮᠠᠭ᠋ᠠᠶ ᠴᠢᠳᠠᠪᠤᠷᠢᠲᠠᠨ》᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠣᠲᠠ ᠵᠢᠨ 《ᠰᠢᠨ᠎ᠡ ᠵᠠᠭᠤᠨ᠎ᠤ ᠴᠢᠳᠠᠪᠤᠷᠢᠲᠠᠨ᠎ᠤ ᠢᠨᠵᠧᠨᠧᠷᠢᠩ》᠎ᠤᠨ ᠲᠠᠭ᠋ᠠᠭᠤᠯᠤᠬ᠍ᠴᠢ ᠴᠢᠳᠠᠪᠤᠷᠢᠲᠠᠨ 61 ᠪᠣᠢ᠃



      ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠳᠤ ᠤᠯᠤᠰ᠎ᠤᠨ ᠳᠡᠰ᠎ᠤᠨ ᠤᠨᠴᠠᠯᠢᠭᠳᠤ ᠲᠤᠰᠬᠠᠶ ᠮᠡᠷᠭᠡᠵᠢᠯ 2᠂ 《ᠰᠢᠯᠭ᠋ᠠᠷᠠᠭᠰᠠᠨ ᠪᠠᠭᠰᠢ ᠵᠢ ᠬᠥᠮᠦᠵᠢᠭᠦᠯᠬᠦ ᠲᠥᠯᠦᠪᠯᠡᠭᠡᠨ᠎ᠤ ᠥᠭᠡᠷᠡᠴᠢᠯᠡᠯᠲᠡ ᠵᠢᠨ ᠲᠥᠰᠦᠯ》 1᠂ ᠰᠤᠷᠭ᠋ᠠᠨ ᠬᠦᠮᠤᠵᠢᠯ᠎ᠤᠨ ᠶᠠᠮᠤᠨ᠎ᠤ ᠦᠢ᠍ᠯᠡᠳᠪᠦᠷᠢᠯᠡᠯ ᠪᠠ ᠰᠤᠷᠭ᠋ᠠᠭᠤᠯᠢ ᠬᠠᠮᠲᠤᠷᠠᠨ ᠬᠥᠮᠦᠨ᠎ᠢ ᠬᠥᠮᠦᠵᠢᠭᠦᠯᠬᠦ ᠲᠥᠰᠦᠯ 2 ᠪᠣᠶ; ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ 1᠂ ᠵᠢᠭ᠋ᠠᠨ ᠰᠤᠷᠭ᠋ᠠᠯᠲᠠ ᠵᠢᠨ ᠪᠦᠯᠬᠦᠮ 9᠂ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ 7᠂ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 7᠂ ᠰᠣᠳᠣᠨ ᠬᠢᠴᠢᠶᠡᠯ 25᠂ ᠰᠦᠯᠵᠢᠶᠡᠨ᠎ᠤ   ᠨᠡᠭᠡᠭᠡᠯᠲᠡᠲᠦ ᠪᠥᠲᠥᠭᠡᠨ ᠪᠠᠶ᠋ᠢᠭᠤᠯᠤᠯᠲᠠ ᠵᠢᠨ ᠬᠢᠴᠢᠶᠡᠯ 10 ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠱᠠᠩᠨᠠᠯ᠎ᠢ 19 ᠭᠥᠷᠳᠡᠪᠡ᠃



      ᠣᠶ᠋ᠢᠷ᠎ᠠ ᠵᠢᠨ ᠲᠠᠪᠤᠨ ᠵᠢᠯ᠎ᠳᠤ᠂ ᠡᠯ᠎ᠡ ᠱᠠᠲᠤᠨ᠎ᠤ ᠡᠯ᠎ᠡ ᠲᠥᠷᠥᠯ᠎ᠤᠨ   ᠡᠷᠳᠡᠮ ᠰᠢᠨᠵᠢᠯᠡᠭᠡᠨ᠎ᠤ ᠲᠥᠰᠦᠯ᠎ᠢ 215 ᠳᠠᠭ᠋ᠠᠭ᠋ᠠᠨ ᠠᠪᠴᠤ᠂ 1800 ᠭᠠᠷᠤᠶ ᠥᠭᠦᠯᠡᠯ ᠨᠡᠢ᠌ᠳᠡᠯᠡᠭᠦᠯᠵᠦ᠂ SCI᠂ EI᠂ CPCI ᠵᠡᠷᠭᠡ ᠭᠤᠷᠪᠠᠨ ᠶᠡᠬᠡ ᠬᠠᠢ᠌ᠯᠲᠠ᠎ᠳᠤ 108 ᠥᠭᠦᠯᠡᠯ ᠣᠷᠣᠭᠤᠯᠤᠭᠰᠠᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠱᠠᠩᠨᠠᠯ᠎ᠢ 21 ᠭᠥᠷᠳᠡᠵᠦ᠂ ᠪᠤᠭᠤᠲᠤ ᠬᠣᠲᠠ ᠵᠢᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠵᠠᠰᠠᠭ᠎ᠤᠨ ᠣᠷᠳᠣᠨ᠎ᠤ ᠱᠠᠩᠨᠠᠯ᠎ᠢ 80 ᠭᠥᠷᠳᠡᠪᠡ᠃ ᠰᠤᠷᠭ᠋ᠠᠭᠤᠯᠢ ᠵᠢᠨ ᠰᠡᠳᠬᠦᠯ 《ᠮᠤᠨᠢ ᠠᠭᠤᠯᠠ ᠡᠷᠳᠡᠮ ᠰᠢᠨᠵᠢᠯᠡᠭᠡᠨ᠎ᠤ ᠰᠡᠳᠬᠦᠯ》᠎ᠨᠢ ᠵᠠᠯᠭ᠋ᠠᠭ᠎ᠠ᠎ᠪᠠᠷ 《ᠪᠥᠬᠥ ᠤᠯᠤᠰ᠎ᠤᠨ ᠰᠢᠯᠢᠳᠡᠭ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠷᠭ᠋ᠠᠭᠤᠯᠢ ᠵᠢᠨ ᠰᠡᠡᠳᠭᠦᠯ》 ᠵᠶ᠋ᠠᠷ ᠦᠨᠡᠯᠡᠭᠳᠡᠵᠦ᠂ 《ᠬᠢᠯᠢ ᠬᠢᠵᠠᠭ᠋ᠠᠷ᠎ᠤᠨ ᠡᠷᠳᠡᠮ ᠰᠢᠨᠵᠢᠯᠡᠭᠡᠨ᠎ᠤ ᠴᠡᠴᠡᠭ》 ᠭᠡᠰᠡᠨ ᠰᠠᠶ᠋ᠢᠬᠠᠨ ᠠᠯᠳᠠᠷᠲᠠᠶ ᠶᠤᠮ᠃



      ᠪᠤᠭᠤᠲᠤ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠤᠯᠤᠰ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠢᠳᠡᠪᠬᠢᠲᠡᠢ ᠲᠤᠭᠤᠰᠢᠯᠠᠭᠤᠯᠵᠤ᠂ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠰᠤᠷᠭ᠋ᠠᠨ ᠬᠥᠮᠦᠵᠢᠯ᠎ᠢ ᠴᠢᠳᠠᠪᠤᠷᠢᠲᠠᠨ᠎ᠢ ᠬᠥᠮᠦᠵᠢᠭᠦᠯᠬᠦ ᠪᠦᠬᠦ ᠶᠠᠪᠤᠴᠠ᠎ᠳᠤ ᠠᠭᠤᠰᠬᠠᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠲᠠᠰᠤᠷᠠᠯᠳᠡ ᠦᠭᠡᠢ ᠠᠬᠢᠭᠤᠯᠵᠤ᠂ ᠤᠷᠢᠳ ᠬᠣᠵᠢᠳ 《ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠢ᠍ᠯᠡᠰ ᠪᠤᠰᠬᠠᠬᠤ ᠰᠤᠷᠭ᠋ᠠᠨ ᠬᠥᠮᠦᠵᠢᠯ᠎ᠤᠨ ᠰᠤᠳᠤᠯᠭ᠋ᠠᠨ ᠪᠠ ᠦᠢ᠍ᠯᠡᠳᠦᠯᠭᠡ ᠵᠢᠨ ᠲᠡᠷᠢᠭᠦᠨ᠎ᠤ ᠨᠢᠭᠡᠴᠢ》᠂ 《ᠤᠯᠤᠰ᠎ᠤᠨ ᠳᠡᠰ᠎ᠤᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ》 ᠵᠶ᠋ᠠᠷ ᠦᠨᠡᠯᠡᠭᠳᠡᠪᠡ᠃



      ᠪᠤᠭᠤᠲᠤ ᠪᠠᠭᠰᠢ ᠵᠢᠨ ᠳᠡᠭᠡᠳᠦ ᠰᠤᠷᠭ᠋ᠠᠭᠤᠯᠢ ᠵᠢᠨ᠎ᠬᠢᠨ ᠤᠶᠤᠲᠠᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠲᠥᠯᠥᠨ ᠳᠠᠭ᠋ᠠᠭᠤᠯᠬᠤ ᠠᠵᠢᠯ᠎ᠢ ᠭᠦᠨᠵᠡᠭᠡᠶ᠋ᠢᠷᠡᠭᠦᠯᠵᠦ᠂ ᠬᠥᠮᠦᠨ ᠨᠡᠶ᠋ᠢᠭᠡᠮ᠎ᠤᠨ ᠬᠡᠪ ᠪᠣᠯᠪᠠᠰᠤᠷᠠᠯ᠎ᠤᠨ ᠬᠥᠮᠦᠵᠢᠯ ᠪᠣᠯᠤᠨ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠋ᠠᠨ᠎ᠤ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠡᠷᠡᠭᠦᠯ ᠥᠭᠡᠳᠡᠷᠬᠡᠭ᠂   ᠡᠷᠬᠢᠮ ᠳᠡᠭᠡᠳᠦ ᠬᠡᠪ ᠰᠤᠷᠲᠠᠯ᠎ᠲᠠᠢ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠭᠤᠷ ᠠᠮᠢᠰᠬᠤᠯ ᠪᠠ ᠬᠥᠮᠦᠨ᠎ᠢ ᠬᠥᠮᠦᠵᠢᠭᠦᠯᠬᠦ ᠣᠷᠴᠢᠨ ᠲᠣᠭᠣᠷᠢᠨ᠎ᠢ ᠴᠢᠷᠮᠠᠶ᠋ᠢᠨ ᠪᠣᠶ ᠪᠣᠯᠭ᠋ᠠᠵᠤ᠂ 《ᠡᠷᠳᠡᠮ ᠮᠡᠳᠡᠯᠭᠡᠲᠡᠢ᠂ ᠦᠨᠡᠨᠴᠢ ᠰᠢᠳᠤᠷᠭᠤ᠂ ᠵᠣᠷᠢᠭ ᠨᠢᠭᠡᠲᠡᠢ᠂ ᠶᠣᠰᠣ ᠮᠣᠷᠠᠯ᠎ᠲᠠᠢ ᠪᠠᠶ᠋ᠢᠬᠤ》 ᠰᠢᠯᠢᠳᠡᠭ ᠰᠠᠶ᠋ᠢᠨ ᠰᠤᠷᠭ᠋ᠠᠭᠤᠯᠢ ᠵᠢᠨ ᠰᠤᠷᠲᠠᠯ᠎ᠢ ᠡᠭᠦᠳᠴᠦ᠂ ᠰᠤᠷᠤᠭᠴᠢᠳ ᠰᠢᠷᠭ᠋ᠠᠭᠤ ᠬᠠᠲᠠᠭᠤᠵᠢᠯᠲᠠᠶ ᠰᠤᠷᠤᠯᠴᠠᠵᠤ᠂ ᠴᠢᠳᠠᠪᠤᠷᠢᠲᠠᠨ ᠪᠣᠯᠬᠤ᠎ᠪᠠᠷ ᠬᠦᠴᠦᠯᠡᠨ ᠴᠢᠷᠮᠠᠶ᠋ᠢᠵᠤ᠂ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠣᠲᠠ ᠵᠢᠨ ᠡᠯ᠎ᠡ ᠱᠠᠲᠤᠨ᠎ᠤ ᠡᠯ᠎ᠡ ᠲᠥᠷᠥᠯ᠎ᠤᠨ ᠤᠷᠤᠯᠳᠤᠭ᠋ᠠᠨ᠎ᠳᠤ ᠣᠯᠠᠨ ᠤᠳᠠᠭ᠎ᠠ ᠰᠢᠯᠢᠳᠡᠭ ᠬᠢᠷᠢ ᠪᠦᠲᠦᠮᠵᠢ ᠤᠯᠪᠠ᠃



      ᠰᠢᠨ᠎ᠡ ᠴᠠᠭ ᠦᠶ᠎ᠡ᠎ᠳᠤ᠂ ᠰᠤᠷᠭ᠋ᠠᠭᠤᠯᠢ᠎ᠨᠢ ᠨᠠᠮ᠎ᠤᠨ ᠤᠨᠤᠯ᠂ ᠱᠤᠭᠤᠮ ᠪᠣᠯᠤᠨ ᠴᠢᠭᠯᠡᠯᠲᠡ ᠵᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠠᠭᠤᠷᠢ ᠰᠤᠷᠭ᠋ᠠᠨ ᠬᠥᠮᠦᠵᠢᠯ᠎ᠳᠤ ᠬᠠᠨᠳᠤᠭᠤᠯᠵᠤ᠂ ᠰᠠᠭᠤᠷᠢ ᠰᠤᠷᠭ᠋ᠠᠨ ᠬᠥᠮᠦᠵᠢᠯ᠎ᠢ ᠰᠣᠳᠤᠯᠵᠤ᠂ ᠰᠠᠭᠤᠷᠢ ᠰᠤᠷᠭ᠋ᠠᠨ ᠬᠥᠮᠦᠵᠢᠯ᠎ᠳᠤ ᠦᠢ᠍ᠯᠡᠴᠢᠯᠡᠬᠦ ᠵᠢ ᠭᠤᠶ᠋ᠢᠪᠢᠰᠢ ᠥᠭᠡᠢ ᠪᠠᠷᠢᠮᠲᠠᠯᠠᠵᠤ᠂ ᠭᠠᠵᠠᠷ ᠣᠷᠤᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠠᠨᠳᠤᠭᠤᠯᠬᠤ ᠵᠢ ᠭᠤᠶ᠋ᠢᠪᠢᠰᠢ ᠥᠭᠡᠢ ᠪᠠᠷᠢᠮᠲᠠᠯᠠᠵᠤ᠂ ᠰᠤᠷᠭ᠋ᠠᠭᠤᠯᠢ᠎ᠪᠠᠨ ᠪᠠᠭᠰᠢ ᠵᠢᠨ ᠰᠤᠷᠭ᠋ᠠᠨ ᠬᠥᠮᠦᠵᠢᠯ᠎ᠤᠨ ᠣᠨᠴᠠᠯᠢᠭ ᠵᠶ᠋ᠠᠷ ᠢᠯᠡ ᠲᠣᠳᠣ᠂ ᠤᠯᠠᠨ ᠰᠢᠨᠵᠢᠯᠡᠭᠡᠨ᠎ᠤ ᠰᠠᠯᠠᠭ᠎ᠠ ᠵᠣᠬᠢᠴᠠᠩᠭᠤᠶ ᠬᠥᠭᠵᠢᠭᠰᠡᠨ᠂ ᠣᠷᠣᠨ ᠨᠤᠲᠤᠭ᠎ᠲᠤ ᠦᠢ᠍ᠯᠡᠴᠢᠯᠡᠬᠦ ᠴᠢᠳᠠᠪᠤᠷᠢ᠎ᠪᠠᠷ ᠨᠡᠯᠢᠶᠡᠳ ᠴᠢᠩᠭ᠎ᠠ ᠥᠨᠳᠥᠷ ᠬᠢᠷᠢ ᠲᠦᠪᠰᠢᠨ ᠪᠥᠬᠦᠢ ᠪᠠᠭᠰᠢ ᠵᠢᠨ ᠳᠡᠭᠡᠳᠦ ᠰᠤᠷᠭ᠋ᠠᠭᠤᠯᠢ ᠪᠣᠯᠭ᠋ᠠᠨ ᠪᠥᠳᠥᠭᠡᠨ ᠪᠠᠶ᠋ᠢᠭᠤᠯᠬᠤ᠎ᠪᠠᠷ ᠴᠢᠷᠮᠠᠢ᠌ᠵᠤ ᠪᠠᠢ᠌ᠨ᠎ᠠ᠃
   




ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠡᠬᠡ ᠤᠯᠤᠰ ᠵᠶ᠋ᠠᠨ ᠵᠦᠩᠨᠡᠨ ᠢᠷᠥᠭᠡᠶ᠎ᠡ》 ᠭᠡᠬᠦ ᠳᠠᠭᠤᠤ ᠵᠢ ᠬᠠᠩᠭᠢᠨᠠᠭᠤᠯᠪᠠ
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠠᠴᠠ 《ᠮᠠᠭᠲᠠᠭ᠋ᠠᠯ ᠳᠠᠭᠤᠤ》 ᠬᠠᠩᠭᠢᠨᠠᠨᠠᠮ
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ 《ᠳᠤᠮᠳᠠᠳᠤ ᠤᠯᠤᠰ ᠵᠶ᠋ᠠᠨ ᠬᠠᠢ᠌ᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠵᠢᠨ᠎ᠬᠢᠨ 《ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ ᠮᠢᠨᠦ ᠥᠯᠦᠭᠡᠢ》 ᠭᠡᠬᠦ ᠳᠠᠭᠤᠤ ᠵᠢ ᠬᠠᠩᠭᠢᠨᠠᠭᠤᠯᠪᠠ
ᠦᠪᠦᠷ ᠮᠤᠨᠭ᠌ᠭᠤᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
 
             蒙ICP备05000248号