ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ
—《ᠮᠠᠭᠲᠠᠭ᠋ᠠᠯ ᠳᠠᠭᠤᠤ》
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠠᠴᠠ ᠭᠣᠣᠯᠳᠠᠯᠭ᠋ᠠᠲᠠᠢ ᠪᠠᠢ᠌ᠭᠤᠯᠤᠭᠰᠠᠨ ᠳᠡᠭᠡᠳᠦ ᠰᠤᠷᠭ᠋ᠠᠭᠤᠯᠢ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠤᠯᠤᠰ᠎ᠤᠨ ᠦᠨᠳᠤᠰᠤᠲᠡᠨ᠎ᠤ ᠬᠡᠷᠡᠭ ᠡᠷᠬᠢᠯᠡᠬᠦ ᠵᠦᠪᠯᠡᠯ᠎ᠠᠴᠠ ᠬᠠᠮᠲᠤᠷᠠᠨ ᠪᠠᠢ᠌ᠭᠤᠯᠤᠭᠰᠠᠨ ᠳᠡᠭᠡᠳᠦ ᠰᠤᠷᠭ᠋ᠠᠭᠤᠯᠢ ᠪᠣᠯᠤᠨ᠎ᠠ᠃ 1953 ᠣᠨ᠎ᠳᠤ ᠪᠠᠢ᠌ᠭᠤᠯᠤᠭᠳᠠᠭᠰᠠᠨ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠠᠮᠤᠭ᠎ᠤᠨ ᠡᠷᠲᠡᠨ᠎ᠤ ᠦᠨᠳᠦᠰᠦᠲᠡᠨ᠎ᠤ ᠰᠤᠷᠭ᠋ᠠᠭᠤᠯᠢ ᠪᠣᠯᠤᠨ᠎ᠠ᠃ 2000 ᠣᠨ᠎ᠳᠤ᠂ ᠦᠪᠦᠷ ᠮᠤᠨᠭ᠌ᠭᠤᠯ᠎ᠤᠨ ᠮᠣᠩᠭᠣᠯ ᠬᠡᠯᠡᠨ᠎ᠤ ᠲᠤᠰᠬᠠᠢ ᠮᠡᠷᠭᠡᠵᠢᠯ᠎ᠤᠨ ᠰᠤᠷᠭ᠋ᠠᠭᠤᠯᠢ ᠪᠣᠯᠤᠨ ᠦᠪᠦᠷ ᠮᠤᠨᠭ᠌ᠭᠤᠯ᠎ᠤᠨ ᠦᠨᠳᠦᠰᠦᠲᠡᠨ᠎ᠤ ᠪᠠᠭᠰᠢ ᠵᠢᠨ ᠰᠤᠷᠭ᠋ᠠᠭᠤᠯᠢ ᠵᠢ ᠨᠡᠶ᠋ᠢᠯᠡᠭᠦᠯᠦᠭᠡᠳ ᠦᠪᠦᠷ ᠮᠤᠨᠭ᠌ᠭᠤᠯ᠎ᠤᠨ ᠦᠨᠳᠦᠰᠦᠲᠡᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠭᠡᠪᠡ᠃ 2009 ᠣᠨ᠎ᠳᠤ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠵᠥᠪᠰᠢᠶᠡᠷᠡᠯ ᠵᠶ᠋ᠠᠷ ᠰᠤᠷᠭ᠋ᠠᠭᠤᠯᠢ᠎ᠨᠢ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ ᠪᠣᠯᠤᠨ ᠳᠡᠪᠰᠢᠵᠦ᠂ ᠨᠡᠷ᠎ᠡ᠎ᠪᠠᠨ ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ ᠭᠡᠵᠦ ᠬᠠᠯᠠᠪᠠ᠃ 60 ᠭᠠᠷᠤᠶ ᠵᠢᠯ᠎ᠤᠨ ᠰᠤᠷᠭ᠋ᠠᠭᠤᠯᠢ ᠡᠷᠭᠢᠯᠡᠬᠦ ᠶᠠᠪᠤᠴᠠ᠎ᠳᠤ ᠡᠯ᠎ᠡ ᠲᠥᠷᠥᠯ᠎ᠤᠨ ᠴᠢᠳᠠᠪᠤᠷᠢᠲᠠᠨ᠎ᠢ ᠨᠡᠶ᠋ᠢᠲᠡ 4 ᠲᠦᠮᠡ ᠰᠢᠬᠠᠮ ᠬᠥᠮᠦᠵᠢᠭᠦᠯᠵᠡᠶ᠃ ᠰᠤᠷᠭ᠋ᠠᠭᠤᠯᠢ᠎ᠨᠢ ᠣᠲᠣ ᠨᠢᠭᠡᠨᠲᠡ ᠪᠠᠭᠰᠢ ᠵᠢᠨ ᠬᠦᠴᠦᠨ ᠨᠡᠯᠢᠶᠡᠳ ᠴᠢᠩᠭ᠎ᠠ᠂ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ ᠬᠠᠷᠢᠴᠠᠩᠭᠤᠶ ᠪᠦᠷᠢᠨ ᠲᠡᠭᠦᠯᠳᠡᠷ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠰᠢᠯᠢᠳᠡᠭ᠂ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠷ ᠢᠯᠡ ᠲᠣᠳᠣ ᠶᠡᠷᠦᠩᠬᠡᠶ᠋ᠢᠯᠡᠭᠰᠡᠨ ᠴᠢᠨᠠᠷᠲᠠᠶ ᠦᠨᠳᠦᠰᠦᠲᠡᠨ᠎ᠤ ᠳᠡᠭᠡᠳᠦ ᠰᠤᠷᠭ᠋ᠠᠭᠤᠯᠢ ᠪᠣᠯᠵᠣ ᠬᠥᠭᠵᠢᠭᠰᠡᠨ ᠪᠠᠶ᠋ᠢᠨ᠎ᠠ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠨᠢ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠥᠪ ᠬᠥᠬᠡᠬᠣᠲᠠ᠎ᠳᠤ ᠪᠠᠶ᠋ᠢᠷᠢᠯᠠᠵᠤ᠂ ᠪᠥᠬᠥ ᠤᠯᠤᠰ᠎ᠲᠤ ᠬᠠᠨᠳᠤᠭᠤᠯᠤᠨ ᠰᠣᠷᠣᠭᠴᠢ ᠡᠯᠰᠡᠵᠦ᠂ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 9148 ᠪᠣᠶ᠃ ᠰᠤᠷᠭ᠋ᠠᠭᠤᠯᠢ᠎ᠨᠢ ᠵᠢᠭ᠋ᠠᠨ ᠰᠤᠷᠭ᠋ᠠᠯᠲᠠ ᠵᠢᠨ ᠨᠢᠭᠡᠴᠢ 17᠂ ᠵᠢᠭ᠋ᠠᠨ ᠰᠤᠷᠭ᠋ᠠᠯᠲᠠ ᠵᠢ ᠬᠠᠪᠰᠤᠷᠤᠨ ᠵᠢᠯᠣᠭᠣᠳᠬᠤ ᠨᠢᠭᠡᠴᠢ 8᠂ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 41᠂ ᠲᠤᠰᠬᠠᠶ ᠮᠡᠷᠭᠡᠵᠢᠯ᠎ᠤᠨ ᠠᠩᠭᠢ ᠵᠢᠨ ᠮᠡᠷᠭᠡᠵᠢᠯ 6 ᠪᠠᠶ᠋ᠢᠵᠤ᠂ ᠠᠵᠤ ᠠᠬᠤᠶ ᠵᠢᠨ ᠤᠬᠠᠭ᠋ᠠᠨ᠂ ᠬᠠᠤᠯᠢ ᠵᠢᠨ ᠤᠬᠠᠭ᠋ᠠᠨ᠂ ᠰᠤᠷᠭ᠋ᠠᠨ ᠬᠥᠮᠥᠵᠢᠭᠦᠯᠬᠦ ᠤᠬᠠᠭ᠋ᠠᠨ᠂ ᠤᠳᠬ᠎ᠠ ᠵᠣᠬᠢᠶᠠᠯ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠂ ᠲᠧᠭᠨᠢᠭ᠎ᠤᠨ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ᠂ ᠤᠷᠠᠯᠢᠭ᠎ᠤᠨ ᠤᠬᠠᠭ᠋ᠠᠨ ᠵᠡᠷᠭᠡ 8 ᠰᠢᠨᠵᠢᠯᠡᠭᠡᠨ᠎ᠤ ᠰᠠᠯᠠᠭ᠎ᠠ ᠵᠢ ᠬᠠᠮᠤᠷᠴᠠᠶ᠃ ᠡᠭᠦᠨ᠎ᠳᠤ ᠲᠣᠭ᠎ᠠ ᠪᠠᠷᠢᠮᠲᠠ ᠵᠢᠨ ᠰᠢᠨᠵᠢᠯᠡᠬᠦ ᠤᠬᠠᠭ᠋ᠠᠨ ᠬᠢᠭᠡᠳ ᠲᠣᠮᠣ ᠲᠣᠭ᠎ᠠ ᠪᠠᠷᠢᠮᠲᠠ ᠵᠢᠨ ᠮᠡᠷᠭᠡᠵᠢᠯ᠂ ᠣᠶᠤᠨᠴᠢ ᠰᠢᠨᠵᠢᠯᠡᠬᠦ ᠤᠬᠠᠭ᠋ᠠᠨ ᠬᠢᠭᠡᠳ ᠮᠡᠷᠭᠡᠵᠢᠯ᠂ ᠺᠣᠮᠫᠢᠦ᠋ᠲ᠋ᠧᠷ᠎ᠤᠨ ᠰᠢᠨᠵᠢᠯᠡᠬᠦ ᠤᠬᠠᠭ᠋ᠠᠨ ᠬᠢᠭᠡᠳ ᠮᠡᠷᠭᠡᠵᠢᠯ (ᠡᠭᠦᠯᠡᠨᠴᠢᠷ ᠪᠤᠳᠤᠯᠲᠠ)᠂ ᠬᠠᠷᠠᠭ᠋ᠠᠨ ᠰᠡᠷᠡᠯ᠎ᠤᠨ ᠳᠠᠮᠵᠢᠭᠤᠯᠭ᠎ᠠ ᠵᠢᠨ ᠵᠢᠷᠤᠭ ᠲᠥᠯᠥᠪᠯᠡᠭᠡ᠂ ᠣᠷᠴᠢᠨ ᠲᠣᠭᠣᠷᠢᠨ᠎ᠤ ᠵᠢᠷᠤᠭ ᠲᠥᠯᠥᠪᠯᠡᠭᠡ (ᠣᠷᠴᠢᠨ ᠲᠣᠭᠣᠷᠢᠨ᠎ᠤ ᠤᠷᠠᠯᠢᠭ᠎ᠤᠨ ᠵᠢᠷᠤᠭ ᠲᠥᠯᠦᠪᠯᠡᠭᠡᠨ᠎ᠤ ᠴᠢᠭᠯᠡᠯ) ᠪᠠ ᠶᠠᠫᠣᠨ ᠬᠡᠯᠡ (ᠦᠢ᠍ᠯᠡᠴᠢᠯᠡᠭᠡ ᠵᠢ ᠭᠠᠳᠠᠭᠰᠢ ᠳᠠᠭ᠋ᠠᠭ᠋ᠠᠴᠢᠯᠠᠭᠤᠯᠬᠤ ᠴᠢᠭᠯᠡᠯ) ᠵᠡᠷᠭᠡ 6 ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠨᠢ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠲᠤᠰᠬᠠᠶ ᠮᠡᠷᠭᠡᠵᠢᠯ᠎ᠳᠤ ᠬᠠᠷᠢᠶᠠᠯᠠᠭᠳᠠᠨ᠎ᠠ᠃ ᠰᠤᠷᠭ᠋ᠠᠭᠤᠯᠢ᠎ᠳᠤ ᠤᠯᠤᠰ᠎ᠤᠨ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ 1᠂ ᠮᠤᠵᠢ ᠵᠢᠨ ᠲᠠᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ 6 ᠪᠣᠶ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ ᠵᠢᠨ ᠪᠡᠭ᠍ᠰᠢ ᠠᠵᠢᠯᠳᠡᠠ ᠠᠵᠢᠯᠴᠢᠠ 627 ᠪᠠᠢ᠌ᠵᠤ᠂ ᠡᠭᠦᠨ᠎ᠳᠤ ᠲᠤᠰᠬᠠᠶ ᠪᠠᠭᠰᠢ 443 ᠪᠣᠶ᠃ ᠲᠤᠰᠬᠠᠶ ᠪᠠᠭᠰᠢ ᠵᠢᠨ ᠳᠣᠲᠣᠷ᠎ᠠ ᠮᠠᠰᠲ᠋ᠧᠷ᠎ᠤᠨ ᠡᠷᠳᠡᠮ᠎ᠤᠨ ᠴᠣᠯᠠ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠭᠰᠢ 74.3% ᠵᠢ ᠡᠵᠡᠯᠡᠵᠦ᠂ ᠡᠭᠦᠨ᠎ᠳᠤ ᠳ᠋ᠣᠺᠲ᠋ᠣᠷ 100 ᠪᠣᠶ᠃ ᠳᠡᠳ᠋ ᠳᠡᠭᠡᠳᠦ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠤᠯᠠᠲᠠᠢ ᠪᠠᠭᠰᠢ 46.1% ᠵᠢ ᠡᠵᠡᠯᠡᠵᠦ᠂ ᠡᠭᠦᠨ᠎ᠳᠤ ᠬᠣᠶᠠᠳᠤᠭ᠋ᠠᠷ ᠳᠡᠰ᠎ᠤᠨ ᠫᠷᠣᠹᠧᠰᠰᠤᠷ 5 ᠪᠣᠶ᠃ ᠪᠠᠭᠰᠢ ᠵᠢᠨ ᠡᠩᠨᠡᠭᠡᠨ᠎ᠳᠤ᠂ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠬᠤᠸᠠᠩ ᠳ᠋ᠠ ᠨᠢᠶᠠᠨ ᠮᠠᠶᠢᠭ᠎ᠤᠨ ᠪᠠᠭᠰᠢ ᠵᠢᠨ ᠪᠦᠯᠬᠦᠮ1᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠭᠠᠷᠮᠠᠭ᠋ᠠᠶ ᠴᠢᠳᠠᠪᠤᠷᠢᠲᠠᠨ》᠎ᠤ ᠰᠢᠨ᠎ᠡ ᠵᠢ ᠡᠭᠦᠳᠬᠦ ᠴᠢᠳᠠᠪᠤᠷᠢᠲᠠᠨ᠎ᠤ ᠪᠦᠯᠬᠦᠮ 3 ᠪᠣᠶ; ᠲᠦᠷᠤ ᠵᠢᠨ ᠶᠠᠪᠤᠳᠠᠯ᠎ᠤᠨ ᠬᠣᠷᠢᠶ᠎ᠠ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢ ᠭᠦᠷᠲᠡᠵᠦ ᠪᠠᠢ᠌ᠭ᠎ᠠ ᠪᠠᠭᠰᠢ 2᠂ ᠥᠪᠡᠷᠲᠡᠭᠡᠨ ᠵᠠᠰᠠᠬᠤ ᠣᠷᠣᠨ᠎ᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ᠎ᠤ 《111 ᠴᠢᠳᠠᠪᠤᠷᠢᠲᠠᠨ᠎ᠤ ᠢᠨᠵᠧᠨᠧᠷᠢᠩ》᠂ 《ᠲᠠᠯ᠎ᠠ ᠨᠤᠲᠤᠭ᠎ᠤᠨ ᠴᠢᠳᠠᠪᠤᠷᠢᠲᠠᠨ᠎ᠤ ᠢᠨᠵᠧᠨᠧᠷᠢᠩ》᠂ ᠰᠢᠨ᠎ᠡ ᠵᠠᠭᠤᠨ᠎ᠤ 《321 ᠴᠢᠳᠠᠪᠤᠷᠢᠲᠠᠨ᠎ᠤ ᠢᠨᠵᠧᠨᠧᠷᠢᠩ》᠎ᠤᠨ ᠵᠢᠱ᠌ᠢᠭᠳᠡᠭᠴᠢ 8 ᠬᠥᠮᠦᠨ ᠤᠳᠠᠭ᠎ᠠ᠎ᠳᠤ ᠬᠦᠷᠴᠡᠶ; ᠪᠥᠬᠥ ᠤᠯᠤᠰ᠎ᠤᠨ ᠰᠢᠯᠢᠳᠡᠭ ᠪᠠᠭᠰᠢ1 ᠪᠣᠶ; 《ᠳᠥᠷᠪᠡᠨ ᠨᠢᠭᠡ ᠪᠦᠯᠦᠭ》᠎ᠤᠨ ᠴᠢᠳᠠᠪᠤᠷᠢᠲᠠᠨ1; ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ — 《ᠲᠠᠯ᠎ᠠ ᠨᠤᠲᠤᠭ᠎ᠤᠨ ᠰᠣᠳᠣᠨ ᠴᠢᠳᠠᠪᠤᠷᠢᠲᠠᠨ》 ᠢᠨᠵᠧᠨᠧᠷᠢᠩ᠎ᠤᠨ ᠪᠡᠯᠡᠳᠬᠡᠯ ᠴᠢᠳᠠᠪᠤᠷᠢᠲᠠᠨ1; ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ1; 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠢᠨᠵᠧᠨᠧᠷᠢᠩ᠎ᠤᠨ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ2; ᠳᠡᠭᠡᠳᠦ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠺᠣᠮᠢᠰ᠎ᠤᠨ ᠠᠵᠢᠯ᠎ᠤᠨ ᠭᠡᠰᠢᠭᠦᠨ1 ᠪᠣᠢ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠳᠤ ᠲᠣᠭ᠋ᠠᠨ᠎ᠤ ᠤᠬᠠᠭ᠋ᠠᠨ᠂ ᠰᠤᠷᠭ᠋ᠠᠨ ᠬᠥᠮᠥᠵᠢᠭᠦᠯᠬᠦ ᠤᠬᠠᠭ᠋ᠠᠨ ᠭᠡᠬᠦ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠭᠣᠤᠯᠳᠠᠯᠭ᠎ᠠ ᠪᠣᠯᠬᠤ ᠰᠢᠨᠵᠢᠯᠡᠭᠡᠨ᠎ᠤ ᠰᠠᠯᠠᠭ᠎ᠠ 2᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠤᠬᠡ (ᠮᠣᠩᠭᠣᠯ ᠶᠤᠸᠠᠨ᠎ᠤ ᠰᠣᠶᠣᠯ)᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ (ᠬᠢᠲᠠᠳ ᠮᠣᠩᠭᠣᠯ ᠣᠷᠴᠢᠭᠤᠯᠭ᠎ᠠ)᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠪᠥᠲᠥᠭᠡᠨ ᠪᠠᠶ᠋ᠢᠭᠤᠯᠤᠯᠲᠠ ᠵᠢᠨ ᠰᠢᠨᠵᠢᠯᠡᠭᠡᠨ᠎ᠤ ᠰᠠᠯᠠᠭ᠎ᠠ 2 ᠪᠣᠶ᠃ ᠰᠤᠷᠭ᠋ᠠᠭᠤᠯᠢ᠎ᠳᠤ ᠣᠲᠣ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ 《ᠮᠣᠩᠭᠣᠯ ᠤᠯᠤᠰ᠎ᠤᠨ ᠰᠤᠳᠤᠯᠭ᠋ᠠᠨ᠎ᠤ ᠲᠥᠪ》᠂ ᠲᠤᠮᠳᠠᠳᠤ ᠤᠯᠤᠰ᠎ᠤᠨ ᠨᠡᠢ᠍ᠢ᠍ᠭᠡᠮ᠎ᠤᠨ ᠰᠢᠨᠵᠢᠯᠡᠭᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠤᠳᠤᠯᠭ᠋ᠠᠨ᠎ᠤ ᠭᠠᠵᠠᠷ᠎ᠲᠠᠢ ᠬᠠᠮᠲᠤᠷᠠᠨ ᠪᠠᠶ᠋ᠢᠭᠤᠯᠤᠭᠰᠠᠨ 《ᠰᠢᠨ᠎ᠡ ᠴᠠᠭ ᠦᠶ᠎ᠡ ᠵᠢᠨ ᠦᠪᠦᠷ ᠮᠤᠨᠭ᠌ᠭᠤᠯ᠎ᠤᠨ ᠭᠤᠷᠪᠠᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠰᠣᠶᠣᠯ᠎ᠤᠨ ᠰᠤᠳᠤᠯᠭ᠋ᠠᠨ᠎ᠤ ᠲᠥᠪ》᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ 《ᠨᠢᠭᠡ ᠪᠦᠰᠡ ᠨᠢᠭᠡ ᠵᠠᠮ᠎ᠤᠨ ᠬᠢᠲᠠᠳ ᠣᠷᠴᠢᠭᠤᠯᠭ᠎ᠠ ᠵᠢᠨ ᠰᠣᠳᠤᠯᠭ᠋ᠠᠨ᠎ᠤ ᠲᠥᠪ》᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ 《ᠨᠠᠢ᠍ᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠢ ᠳᠦᠷᠢᠮᠵᠢᠭᠦᠯᠬᠦ ᠰᠣᠳᠤᠯᠭ᠋ᠠᠨ᠎ᠤ ᠲᠥᠪ》᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ 《ᠦᠪᠦᠷ ᠮᠤᠨᠭ᠌ᠭᠤᠯ᠎ᠤᠨ ᠬᠡᠯᠡ ᠬᠢᠭᠡᠳ ᠣᠷᠴᠢᠭᠤᠯᠭ᠎ᠠ ᠵᠢᠨ ᠲᠥᠪ》᠂ ᠥᠪᠡᠷᠲᠡᠭᠡᠨ ᠵᠠᠰᠠᠬᠤ ᠣᠷᠣᠨ᠎ᠤ 《ᠤᠰᠤᠨ᠎ᠤ ᠴᠢᠨᠠᠷ᠎ᠤᠨ ᠰᠢᠨᠵᠢᠯᠡᠬᠦ ᠤᠬᠠᠭ᠋ᠠᠨ ᠬᠢᠭᠡᠳ ᠮᠡᠷᠭᠡᠵᠢᠯ᠎ᠤᠨ ᠲᠤᠰᠬᠠᠶ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠲᠥᠪ》 ᠪᠠ 《ᠬᠡᠷᠡᠭᠯᠡᠭᠡᠨ᠎ᠤ ᠲᠣᠭ᠋ᠠᠨ᠎ᠤ ᠤᠬᠠᠭ᠋ᠠᠨ ᠬᠢᠭᠡᠳ ᠲᠣᠮᠣ ᠳ᠋ᠠᠶ᠋ᠢᠲ᠋ᠠ ᠵᠢᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠲᠥᠪ》 ᠵᠡᠷᠭᠡ 7 ᠰᠤᠳᠤᠯᠭ᠋ᠠᠨ᠎ᠤ ᠲᠥᠪ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ 《ᠦᠨᠳᠦᠰᠦᠲᠡᠨ᠎ᠤ ᠰᠤᠷᠭ᠋ᠠᠭᠤᠯᠢ ᠵᠢᠨ ᠬᠡᠷᠡᠭᠯᠡᠭᠡᠨ᠎ᠤ ᠬᠡᠯᠪᠡᠷᠢᠲᠦ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠭᠣᠣᠯᠳᠠᠯᠭ᠋ᠠᠲᠠᠢ ᠰᠣᠳᠤᠯᠭ᠋ᠠᠨ᠎ᠤ ᠰᠠᠭᠤᠷᠢᠨ》᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ ᠭᠠᠵᠠᠷ 《ᠮᠣᠩᠭᠣᠯ ᠦᠨᠳᠦᠰᠦᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠭ᠋ᠠᠨ᠎ᠤ ᠰᠠᠭᠤᠷᠢᠨ》᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ 《ᠤᠯᠤᠰ᠎ᠤᠨ ᠬᠡᠯᠡᠨ᠎ᠤ ᠡᠬᠢ ᠪᠠᠶᠠᠯᠢᠭ᠎ᠢ ᠬᠢᠨᠠᠨ ᠰᠢᠯᠭ᠋ᠠᠬᠤ ᠪᠠ ᠰᠤᠳᠤᠯᠬᠤ ᠲᠥᠪ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠬᠤᠪᠢᠶᠠᠷᠢ ᠮᠣᠩᠭᠣᠯ ᠬᠡᠯᠡ ᠪᠢᠴᠢᠭ᠎ᠤᠨ ᠰᠤᠳᠤᠯᠭ᠋ᠠᠨ᠎ᠤ ᠰᠠᠭᠤᠷᠢᠨ》᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ 《ᠮᠣᠩᠭᠣᠯ ᠬᠡᠯᠡᠨ᠎ᠤ ᠣᠷᠴᠢᠭᠤᠯᠭ᠎ᠠ ᠵᠢᠨ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ》᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠬᠡᠪᠯᠡᠯ᠎ᠤᠨ ᠬᠣᠷᠢᠶᠠᠨ᠎ᠤ 《ᠦᠨᠳᠦᠰᠦᠲᠡᠨ᠎ᠤ ᠰᠤᠷᠭ᠋ᠠᠭᠤᠯᠢ ᠵᠢᠨ ᠠᠩᠭ᠍ᠯᠢ ᠬᠡᠯᠡᠨ᠎ᠤ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠰᠤᠳᠤᠯᠭ᠋ᠠᠨ᠎ᠤ ᠰᠠᠭᠤᠷᠢᠨ》᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ 《ᠥᠪᠥᠷ ᠮᠣᠩᠭᠣᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ》᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠢ ᠪᠣᠯᠭ᠋ᠠᠬᠤ ᠰᠤᠳᠤᠯᠭ᠋ᠠᠨ᠎ᠤ ᠰᠠᠭᠤᠷᠢᠨ》᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠮᠣᠩᠭᠣᠯ ᠬᠡᠯᠡᠨ᠎ᠤ ᠣᠷᠴᠢᠭᠤᠯᠭ᠎ᠠ ᠵᠢᠨ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ》᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ》᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠭᠠᠳᠠᠭ᠋ᠠᠳᠤ ᠬᠡᠯᠡᠨ᠎ᠤ ᠬᠡᠷᠡᠭᠯᠡᠭᠡᠨ᠎ᠤ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ ᠬᠡᠪ ᠵᠠᠭᠪᠤᠷ᠎ᠤᠨ ᠥᠭᠡᠷᠡᠴᠢᠯᠡᠯᠲᠡ ᠪᠠ ᠰᠢᠨ᠎ᠡ ᠵᠢ ᠡᠭᠦᠳᠬᠦ ᠰᠤᠳᠤᠯᠭ᠋ᠠᠨ᠎ᠤ ᠰᠠᠭᠤᠷᠢᠨ》᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ 《ᠮᠣᠩᠭᠤᠯ ᠬᠡᠯᠡᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠮᠡᠷᠭᠡᠵᠢᠯ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ》᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ 《ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠮᠣᠩᠭᠤᠯ ᠬᠡᠯᠡ ᠥᠰᠥᠭ ᠪᠢᠴᠢᠭ᠎ᠤᠨ ᠮᠡᠳᠡᠭᠡ ᠵᠠᠩᠭᠢ ᠵᠢᠨ ᠮᠡᠷᠭᠡᠵᠢᠯ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ》 ᠵᠡᠷᠭᠡ 2 ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ ᠪᠣᠢ᠃

ᠰᠤᠷᠭ᠋ᠠᠭᠤᠯᠢ ᠵᠢᠨ ᠰᠡᠳᠬᠦᠯ 《ᠮᠣᠩᠭᠤᠯ᠎ᠤᠨ ᠰᠤᠳᠤᠯᠤᠯ》᠎ᠢ ᠤᠯᠤᠰ᠎ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠎ᠤᠨ ᠶᠡᠷᠦᠩᠬᠡᠶ ᠳᠣᠪᠴᠢᠶᠠᠨ᠎ᠠᠴᠠ A ᠲᠠᠰ᠎ᠤᠨ ᠡᠷᠳᠡᠮ ᠰᠢᠨᠵᠢᠯᠡᠭᠡᠨ᠎ᠤ ᠬᠤᠭᠤᠴᠠᠭ᠋ᠠᠲᠤ ᠰᠡᠳᠬᠦᠯ ᠵᠶ᠋ᠠᠷ ᠲᠣᠭᠲᠠᠭ᠋ᠠᠵᠤ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠩᠬᠠᠳᠠᠭᠴᠢ ᠪᠦᠯᠦᠭ᠎ᠤᠨ ᠡᠷᠳᠡᠮ ᠰᠢᠨᠵᠢᠯᠡᠭᠡᠨ᠎ᠤ ᠬᠤᠭᠤᠴᠠᠭ᠋ᠠᠲᠤ ᠰᠡᠳᠬᠦᠯ᠎ᠤᠨ ᠨᠡᠷᠡᠰ᠎ᠲᠤ ᠣᠷᠣᠭᠤᠯᠪᠠ᠃ 《ᠮᠣᠩᠭᠤᠯ᠎ᠤᠨ ᠰᠤᠳᠤᠯᠤᠯ· ᠲᠡᠤᠬᠡ ᠰᠣᠶᠣᠯ᠎ᠤᠨ ᠰᠤᠳᠤᠯᠤᠯ》᠎ᠨᠢ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ 《ᠨᠠᠷᠠᠲᠤ ᠪᠤᠯᠤᠩ᠎ᠤᠨ ᠪᠠᠶ᠋ᠢᠭᠤᠯᠤᠯᠲᠠ》 ᠵᠢᠨ ᠲᠥᠰᠦᠯ ᠵᠶ᠋ᠠᠷ ᠲᠣᠭᠳᠠᠭ᠋ᠠᠭᠳᠠᠵᠤ᠂ 《ᠵᠠᠩ ᠦᠢ᠍ᠯᠡ ᠰᠤᠳᠤᠯᠤᠯ》᠂ 《ᠮᠣᠩᠭᠤᠯ᠎ᠤᠨ ᠦᠵᠡᠯ ᠰᠠᠨᠠᠭ᠋ᠠᠨ᠎ᠤ ᠲᠡᠤᠬᠡ ᠵᠢᠨ ᠰᠤᠳᠤᠯᠤᠯ》 ᠭᠡᠬᠦ 2 ᠪᠤᠯᠤᠩ᠎ᠨᠢ ᠲᠣᠰ ᠲᠣᠰ 《ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠤᠭᠤᠴᠠᠭ᠋ᠠᠲᠤ ᠰᠡᠳᠬᠦᠯ᠎ᠤᠨ ᠤᠨᠴᠠᠯᠢᠭᠳᠤ ᠪᠤᠯᠤᠩ᠎ᠤᠨ ᠱᠠᠩᠨᠠᠯ》 ᠪᠠ 《ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠦᠨᠳᠤᠰᠤᠲᠠᠨ᠎ᠤ ᠤᠷᠤᠨ᠎ᠤ ᠡᠷᠳᠡᠮ ᠰᠢᠨᠵᠢᠯᠡᠭᠡᠨ᠎ᠤ ᠰᠡᠳᠭᠦᠯ᠎ᠤᠨ ᠨᠠᠷᠠᠲᠤ ᠪᠤᠯᠤᠩ》᠎ᠤᠨ ᠱᠠᠩᠨᠠᠯ᠎ᠢ ᠭᠥᠷᠳᠡᠪᠡ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠨᠢ ᠮᠣᠩᠭᠣᠯ ᠤᠯᠤᠰ᠂ ᠤᠷᠤᠰ᠂ ᠶᠠᠫᠣᠨ᠂ ᠠᠮᠧᠷᠢᠺᠠ᠂ ᠮᠠᠯᠠᠢ᠍ᠢ᠍ᠰᠢᠶ᠎ᠠ᠂ ᠬᠠᠩᠭ᠋ᠠᠷᠢ᠂ᠲᠠᠢ ᠤᠯᠤᠰ᠂ ᠠᠩᠭ᠍ᠯᠢ᠂ ᠹᠢᠯᠢᠫᠢᠨ ᠵᠡᠷᠭᠡ ᠤᠯᠤᠰ᠎ᠤᠨ ᠳᠡᠭᠡᠳᠦ ᠰᠤᠷᠭ᠋ᠠᠭᠤᠯᠢ ᠪᠠ ᠰᠤᠷᠭ᠋ᠠᠨ ᠬᠥᠮᠦᠵᠢᠯ᠎ᠤᠨ ᠵᠣᠬᠢᠶᠠᠨ ᠪᠠᠶ᠋ᠢᠭᠤᠯᠤᠯᠲᠠ ᠵᠢᠴᠢ ᠲᠠᠶ᠋ᠢᠸᠠᠨ᠂ ᠰᠢᠶᠠᠩᠭ᠋ᠠᠩ᠎ᠤᠨ ᠳᠡᠭᠡᠳᠦ ᠰᠤᠷᠭ᠋ᠠᠭᠤᠯᠢ ᠪᠠ ᠰᠤᠷᠭ᠋ᠠᠨ ᠬᠥᠮᠦᠵᠢᠯ᠎ᠤᠨ ᠪᠦᠯᠦᠭᠯᠡᠯ᠎ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶ᠋ᠢᠭᠤᠯᠪᠠ; ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠪᠣᠯᠤᠨ ᠵᠡᠭᠦᠨ ᠬᠣᠶ᠋ᠢᠲᠤ ᠵᠢᠨ ᠪᠠᠭᠰᠢ ᠵᠢᠨ ᠶᠡᠬᠡ ᠰᠤᠷᠭ᠋ᠠᠭᠤᠯᠢ᠎ᠯᠤᠭ᠎ᠠ ᠠᠵᠢᠯ ᠲᠥᠷᠦᠯ ᠵᠶ᠋ᠠᠷ ᠵᠶ᠋ᠠᠨ ᠬᠠᠮᠵᠢᠯᠴᠠᠬᠤ ᠬᠠᠷᠢᠴᠠᠭ᠎ᠠ ᠵᠢ ᠪᠠᠶ᠋ᠢᠭᠤᠯᠵᠤ᠂ ᠨᠠᠨᠵᠢᠩ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠪᠣᠯᠤᠨ ᠣᠷᠣᠨ᠎ᠤ ᠳᠣᠲᠣᠷᠠᠬᠢ ᠬᠣᠯᠪᠤᠭᠳᠠᠬᠤ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠨ ᠬᠥᠮᠦᠵᠢᠭᠦᠯᠬᠦ ᠪᠠ ᠰᠣᠯᠢᠯᠴᠠᠬᠤ ᠵᠢ ᠥᠷᠨᠢᠭᠦᠯᠪᠡ; ᠳᠤᠮᠳᠠᠳᠤ ᠤᠯᠤᠰ᠎ᠤᠨ ᠵᠥᠭᠡᠯᠡᠨ ᠲᠣᠨᠣᠭ᠎ᠤᠨ ᠣᠯᠠᠨ ᠤᠯᠤᠰ᠎ᠤᠨ ᠬᠢᠵᠠᠭ᠋ᠠᠷᠲᠤ ᠺᠣᠮᠫᠠᠨᠢ᠂ ᠳ᠋ᠠ ᠨᠧᠢ ᠴᠠᠭ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠳ᠋ᠦᠩ ᠹᠠᠩ ᠣᠶᠤᠨ᠎ᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠤᠨ ᠴᠢᠩᠳᠣᠤ ᠵᠢᠨ ᠬᠥᠩᠭᠡᠨ ᠵᠥᠭᠡᠯᠡᠨ ᠲᠣᠨᠣᠭ᠎ᠤᠨ ᠬᠢᠵᠠᠭ᠋ᠠᠷᠲᠤ ᠺᠣᠮᠫᠠᠨᠢ ᠵᠡᠷᠭᠡ ᠠᠵᠤ ᠠᠬᠤᠶ᠋ᠢᠯᠠᠯ᠎ᠲᠠᠢ ᠬᠠᠮᠵᠢᠯᠴᠠᠨ ᠬᠥᠮᠦᠨ᠎ᠢ ᠬᠥᠮᠦᠵᠢᠭᠦᠯᠬᠦ ᠲᠥᠰᠦᠯ᠎ᠢ ᠥᠷᠨᠢᠭᠦᠯᠵᠦ᠂ ᠬᠡᠷᠡᠭᠯᠡᠭᠡᠨ᠎ᠤ ᠬᠡᠯᠪᠡᠷᠢᠲᠦ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠪᠡ; ᠣᠷᠣᠨ᠎ᠤ ᠳᠣᠲᠣᠷ᠎ᠠ ᠭᠠᠳᠠᠨᠠᠬᠢ ᠬᠣᠯᠪᠤᠭᠳᠠᠬᠤ ᠣᠷᠤᠨ ᠨᠤᠲᠤᠭ᠎ᠤᠨ ᠵᠠᠰᠠᠭ᠎ᠤᠨ ᠣᠷᠳᠤᠨᠯᠤᠭᠠ ᠪᠠᠶ᠋ᠢᠯᠳᠤᠬᠤ ᠪᠤᠳᠤᠯᠭ᠎ᠠ ᠵᠢᠨ ᠬᠣᠷᠰᠢᠯᠴᠠᠭ᠋ᠠᠨ᠎ᠤ ᠬᠡᠯᠡᠯᠴᠡᠭᠡᠷ᠎ᠤᠨ ᠲᠥᠰᠦᠪ ᠪᠣᠯᠤᠨ ᠤᠶᠤᠲᠠᠳ᠎ᠤᠨ ᠳᠠᠳᠤᠯᠭ᠎ᠠ ᠬᠢᠬᠦ ᠬᠡᠯᠡᠯᠴᠡᠭᠡᠷ᠎ᠢ ᠲᠣᠭᠲᠠᠵᠤ᠂ ᠰᠤᠷᠤᠭᠴᠢᠳ᠎ᠢ ᠰᠣᠩᠭᠣᠨ ᠲᠣᠮᠢᠯᠠᠵᠤ ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠯᠭᠡᠵᠦ᠂ ᠦᠢ᠍ᠯᠡᠳᠦᠯᠭᠡ ᠵᠢᠨ ᠪᠣᠯᠪᠠᠰᠤᠷᠠᠯ᠎ᠢ ᠥᠷᠨᠢᠭᠦᠯᠪᠡ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠨᠢ 《ᠲᠥᠪ ᠶᠣᠰᠣ ᠵᠢ ᠡᠷᠬᠢᠮᠯᠡᠬᠦ᠂ ᠣᠶᠤᠨ ᠤᠬᠠᠭ᠋ᠠᠨ᠎ᠢ ᠡᠷᠬᠢᠮᠯᠡᠬᠦ᠂ ᠦᠨᠳᠦᠰᠦ᠎ᠠᠴᠠ᠎ᠨᠢ ᠴᠢᠷᠮᠠᠢ᠌ᠬᠤ᠂ ᠤᠯᠠᠮᠵᠢᠯᠠᠨ ᠵᠠᠯᠭ᠋ᠠᠮᠵᠢᠯᠠᠬᠤ》 ᠰᠤᠷᠭ᠋ᠠᠭᠤᠯᠢ ᠵᠢᠨ ᠰᠤᠷᠭ᠋ᠠᠯ᠎ᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠭᠣᠤᠯᠯᠠᠭᠴᠢ ᠦᠷᠳᠡᠭ᠎ᠤᠨ ᠦᠵᠡᠯᠳᠠ᠎ᠪᠠᠷ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠬᠥᠲᠥᠯᠦᠨ ᠳᠠᠭ᠋ᠠᠭᠤᠯᠵᠤ᠂ ᠰᠢᠯᠢᠳᠡᠭ ᠰᠠᠶ᠋ᠢᠨ ᠰᠤᠷᠭ᠋ᠠᠭᠤᠯᠢ ᠵᠢᠨ ᠰᠤᠷᠲᠠᠯ᠂ ᠰᠤᠷᠭ᠋ᠠᠨ ᠬᠥᠮᠦᠵᠢᠯ᠎ᠤᠨ ᠰᠤᠷᠲᠠᠯ᠂ ᠰᠤᠷᠤᠯᠴᠠᠬᠤ ᠰᠤᠷᠲᠠᠯ᠎ᠤᠨ ᠪᠠᠶ᠋ᠢᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠱᠠᠲᠤᠨ᠎ᠤ 《ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠲᠡᠷᠢᠭᠦᠨ᠎ᠤ ᠬᠠᠮᠲᠤ》 ᠪᠠ 《ᠦᠨᠳᠤᠰᠤᠲᠠᠨ᠎ᠤ ᠪᠦᠯᠭᠦᠮᠳᠡᠯ ᠳᠠᠪᠰᠢᠯᠲᠠ ᠵᠢᠨ ᠲᠡᠷᠢᠭᠦᠨ᠎ᠤ ᠬᠠᠮᠲᠤ》᠎ᠪᠠᠷ ᠣᠯᠠᠨ ᠤᠳᠠᠭ᠎ᠠ ᠦᠨᠡᠯᠡᠭᠳᠡᠪᠡ᠃ ᠰᠤᠷᠭ᠋ᠠᠭᠤᠯᠢ᠎ᠨᠢ ᠳᠥᠷᠪᠡᠨ ᠵᠢᠯ ᠳᠠᠷᠠᠭ᠋ᠠᠯᠠᠨ 《ᠪᠥᠬᠥ ᠣᠷᠣᠨ᠎ᠤ ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠲᠡᠷᠢᠭᠦᠨ᠎ᠤ ᠬᠠᠮᠲᠤ》᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ᠎ᠤᠨ 《ᠠᠮᠤᠷ ᠲᠠᠢ᠌ᠪᠤᠩ ᠰᠤᠷᠭ᠋ᠠᠭᠤᠯᠢ ᠵᠢᠨ ᠬᠦᠷᠢᠶ᠎ᠡ》᠎ᠪᠠᠷ ᠦᠨᠡᠯᠡᠭᠳᠡᠪᠡ᠃ ᠰᠤᠷᠭ᠋ᠠᠭᠤᠯᠢ ᠵᠢᠨ ᠨᠡᠭ᠋ᠠᠳᠦᠮ ᠰᠣᠶᠣᠯ᠎ᠤᠨ ᠨᠠᠶ᠋ᠢᠷ ᠪᠣᠯᠤᠨ ᠰᠤᠷᠭ᠋ᠠᠭᠤᠯᠢ ᠵᠢᠨ ᠬᠦᠯ ᠪᠥᠮᠪᠥᠭᠡ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠰᠣᠳᠣᠨ ᠲᠥᠰᠦᠯ᠂ ᠰᠤᠷᠭ᠋ᠠᠭᠤᠯᠢ ᠵᠢᠨ ᠤᠯᠠᠭ᠋ᠠᠨᠮᠥ᠋ᠴᠢᠷ᠎ᠨᠢ 21 ᠬᠣᠰᠢᠭᠤ ᠰᠢᠶᠠᠨ᠎ᠤ ᠤᠯᠠᠭ᠋ᠠᠨᠮᠥ᠋ᠴᠢᠷ᠎ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠵᠢ ᠪᠠᠶ᠋ᠢᠭᠤᠯᠪᠠ᠃

ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ ᠪᠥᠬᠦᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠭᠢᠯᠡᠬᠦ ᠴᠢᠭᠯᠡᠯ᠎ᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠤᠶ ᠪᠣᠯᠭ᠋ᠠᠨ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠠᠷᠢᠮᠲᠠᠯᠠᠨ᠂ ᠨᠠᠮ᠎ᠤᠨ ᠦᠨᠳᠤᠰᠤᠲᠠᠨ᠎ᠤ ᠲᠦᠷᠦ ᠵᠢᠨ ᠪᠤᠳᠤᠯᠭᠠᠢ ᠲᠤᠭᠤᠰᠢᠯᠠᠭᠤᠯᠵᠤ᠂ ᠦᠨᠳᠦᠰᠦᠲᠡᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠬᠥᠭᠵᠢᠯ᠎ᠤᠨ ᠵᠢᠮ᠎ᠡ ᠶᠣᠰᠤ ᠵᠢ ᠵᠢᠷᠤᠮᠯᠠᠵᠤ᠂ ᠰᠢᠨ᠎ᠡ ᠵᠢ ᠡᠭᠦᠳᠦᠭᠰᠡᠨ᠂ ᠪᠠᠭᠲᠠᠭ᠋ᠠᠮᠵᠢᠲᠤ᠂ ᠬᠡᠯᠪᠡᠷᠢ᠎ᠪᠠᠨ ᠬᠤᠪᠢᠷᠠᠭᠤᠯᠤᠭᠰᠠᠨ᠂ ᠨᠡᠭᠡᠭᠡᠯᠲᠡᠲᠦ᠂ ᠡᠶ᠎ᠡ ᠵᠣᠬᠢᠴᠠᠩᠭᠤᠶ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠦᠢ᠍ᠯᠡᠴᠢᠯᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠎ᠪᠠᠷ ᠴᠢᠬᠤᠯᠠ ᠡᠭᠦᠷᠭᠡ᠎ᠪᠠᠨ ᠪᠣᠯᠭ᠋ᠠᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠎ᠪᠠᠷ ᠤᠳᠤᠷᠢᠳᠤᠮᠵᠢ ᠪᠣᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠤᠨᠴᠠᠯᠢᠬᠳᠤ ᠰᠤᠷᠭ᠋ᠠᠭᠤᠯᠢ ᠪᠠᠶ᠋ᠢᠭᠤᠯᠬᠤ᠂ ᠴᠢᠨᠠᠷ ᠴᠢᠨᠰᠠᠭ᠎ᠠ᠎ᠪᠠᠷ ᠰᠤᠷᠭ᠋ᠠᠭᠤᠯᠢ᠎ᠪᠠᠨ ᠮᠠᠨᠳᠤᠭᠤᠯᠬᠤ᠂ ᠴᠢᠳᠠᠪᠤᠷᠢᠲᠠᠨ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠰᠣᠶᠣᠯ ᠵᠶ᠋ᠠᠷ ᠬᠥᠲᠥᠯᠦᠨ ᠳᠠᠭ᠋ᠠᠭᠤᠯᠬᠤ ᠪᠠᠶ᠋ᠢᠯᠳᠤᠬᠤ ᠪᠣᠳᠣᠯᠭ᠎ᠠ᠂ ᠨᠡᠭᠡᠭᠡᠵᠦ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠵᠤ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ᠂ ᠠᠭᠤᠯᠤᠭᠳᠠᠬᠤᠨ᠎ᠤ ᠬᠥᠭᠵᠢᠯᠲᠡ ᠵᠢ ᠥᠳᠲᠡᠷ ᠲᠦᠷᠭᠡᠨ ᠠᠬᠢᠭᠤᠯᠵᠤ᠂ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠢ ᠲᠣᠭᠲᠠᠭᠤᠨ ᠵᠶ᠋ᠠᠷ ᠬᠡᠷᠡᠭᠵᠢᠭᠦᠯᠵᠦ᠂ ᠰᠤᠷᠭ᠋ᠠᠭᠤᠯᠢ ᠵᠢᠨ ᠰᠢᠨ᠎ᠡ ᠴᠠᠭ ᠦᠶ᠎ᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠪᠡ᠃