ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠦᠪᠦᠷ ᠮᠤᠨᠭ᠌ᠭᠤᠯ ᠲᠠᠷᠢᠶᠠᠯᠠᠩ᠎ᠤᠨ ᠶᠡᠬᠡ ᠰᠤᠷᠭ᠋ᠠᠭᠤᠯᠢ
—《ᠳᠤᠮᠳᠠᠳᠤ ᠤᠯᠤᠰ ᠵᠶ᠋ᠠᠨ ᠬᠠᠶ᠋ᠢᠷᠠᠯᠠᠨ᠎ᠠ》
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ

ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠭᠣᠣᠯᠳᠠᠯᠭ᠋ᠠᠲᠠᠢ ᠶᠡᠬᠡ ᠰᠤᠭ᠋ᠠᠭᠤᠯᠢ᠂ ᠲᠠᠷᠢᠶᠠᠯᠠᠩ ᠣᠶ ᠰᠢᠭᠤᠶ᠎ᠪᠠᠷ ᠭᠣᠣᠯᠯᠠᠭᠤᠯᠵᠤ᠂ ᠲᠠᠯ᠎ᠠ ᠨᠤᠲᠤᠭ᠎ᠤᠨ ᠮᠠᠯ ᠠᠵᠤ ᠠᠬᠤᠶ᠎ᠪᠠᠷ ᠭᠣᠣᠯᠳᠠᠯᠭ᠋ᠠᠲᠠᠢ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠨ ᠪᠣᠯᠭ᠋ᠠᠵᠤ᠂ ᠲᠠᠷᠢᠶᠠᠯᠠᠩ᠂ ᠠᠵᠤ ᠦᠢ᠍ᠯᠡᠳᠪᠦᠷᠢ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠂ ᠠᠵᠤ ᠠᠬᠤᠶ᠂ ᠬᠠᠮᠢᠶᠠᠷᠤᠯᠲᠠ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠬᠠᠤᠯᠢ ᠴᠠᠭ᠋ᠠᠵᠠ᠂ ᠤᠷᠠᠯᠢᠭ ᠵᠡᠷᠭᠡ 8 ᠰᠢᠨᠵᠢᠯᠡᠭᠡᠨ᠎ᠤ ᠰᠠᠯᠠᠭ᠎ᠠ᠎ᠲᠠᠢ ᠣᠯᠠᠨ ᠰᠢᠨᠵᠢᠯᠡᠭᠡᠨ᠎ᠤ ᠰᠠᠯᠠᠭ᠋ᠠᠲᠤ ᠶᠡᠬᠡ ᠰᠤᠷᠭ᠋ᠠᠭᠤᠯᠢ ᠮᠥᠨ᠂ ᠳᠡᠭᠡᠳᠦ ᠵᠡᠷᠭᠡ ᠵᠢᠨ ᠠᠵᠢᠯ ᠮᠡᠷᠭᠡᠵᠢᠯ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠂ ᠣᠶᠤᠲᠠᠨ᠂ ᠮᠠᠰᠲ᠋ᠧᠷ ᠵᠢᠴᠢ ᠳ᠋ᠣᠺᠲ᠋ᠣᠷ ᠬᠥᠮᠦᠵᠢᠭᠦᠯᠬᠦ ᠪᠦᠷᠢᠨ ᠪᠦᠲᠦᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ᠎ᠲᠠᠢ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 3.5 ᠲᠦᠮᠡ ᠪᠣᠶ᠃ 2001 ᠣᠨ᠎ᠳᠤ᠂ ᠤᠯᠤᠰ᠎ᠤᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ 《ᠨᠢᠭᠡ ᠮᠤᠵᠢ ᠨᠢᠭᠡ ᠰᠤᠷᠭ᠋ᠠᠭᠤᠯᠢ》 ᠵᠢᠨ ᠭᠣᠣᠯᠳᠠᠯᠭ᠋ᠠᠲᠠᠢ ᠳᠡᠮᠵᠢᠬᠦ ᠪᠥᠲᠥᠭᠡᠨ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ ᠪᠣᠯᠪᠠ᠃ 2012 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠤᠯᠤᠰ᠎ᠤᠨ ᠣᠶ ᠰᠢᠭᠤᠶ ᠬᠢᠭᠡᠳ ᠡᠪᠡᠰᠦ ᠪᠡᠯᠴᠢᠭᠡᠷ᠎ᠤᠨ ᠳᠣᠪᠴᠢᠶᠠᠨ᠎ᠤ ᠮᠤᠵᠢ ᠪᠠ ᠶᠠᠮᠤᠨ ᠬᠠᠮᠲᠤᠷᠠᠨ ᠪᠠᠶ᠋ᠢᠭᠤᠯᠤᠭᠰᠠᠨ ᠳᠡᠭᠡᠳᠦ ᠰᠤᠷᠭ᠋ᠠᠭᠤᠯᠢ ᠪᠣᠯᠪᠠ᠃




70 ᠰᠢᠬᠠᠮ ᠵᠢᠯ᠎ᠤᠨ ᠲᠤᠷᠰᠢ᠂ ᠰᠤᠷᠭ᠋ᠠᠭᠤᠯᠢ᠎ᠨᠢ 《ᠪᠥᠯᠬᠦᠮᠳᠡᠯ᠎ᠲᠠᠢ᠂ ᠦᠨᠡᠨᠴᠢ ᠰᠢᠳᠤᠷᠭᠤ᠂ ᠡᠷᠳᠡᠮ ᠮᠡᠳᠡᠯᠭᠡ᠎ᠲᠡᠢ᠂ ᠰᠢᠨ᠎ᠡ ᠵᠢ ᠡᠭᠦᠳᠬᠦ》 ᠰᠤᠷᠭ᠋ᠠᠭᠤᠯᠢ ᠵᠢᠨ ᠰᠤᠷᠭ᠋ᠠᠯ᠎ᠢ ᠪᠦᠷᠢᠳᠦᠭᠦᠯᠵᠦ᠂ 《ᠣᠷᠤᠨ ᠨᠤᠲᠤᠭ᠎ᠤᠨ ᠣᠨᠴᠠᠯᠢᠭ᠂ ᠦᠨᠳᠦᠰᠦᠲᠡᠨ᠎ᠤ ᠣᠨᠴᠠᠯᠢᠭ᠂ ᠲᠤᠰᠬᠠᠶ ᠮᠡᠷᠭᠡᠵᠢᠯ᠎ᠤᠨ ᠣᠨᠴᠠ ᠴᠢᠳᠠᠪᠤᠷᠢ ᠪᠠ ᠴᠠᠭ ᠦᠶ᠎ᠡ ᠵᠢᠨ ᠣᠨᠴᠠᠯᠢᠭ》 ᠪᠥᠬᠥᠶ ᠰᠤᠷᠭ᠋ᠠᠭᠤᠯᠢ ᠡᠷᠭᠢᠯᠡᠬᠦ ᠤᠯᠠᠮᠵᠢᠯᠠᠯ ᠪᠠ 《ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠬᠤ᠂ ᠶᠣᠰᠣ ᠰᠤᠷᠲᠠᠬᠤᠨ᠎ᠤ ᠬᠥᠮᠦᠵᠢᠯ᠎ᠢ ᠲᠡᠷᠢᠭᠦᠨ᠎ᠳᠤ ᠲᠠᠯᠪᠢᠬᠤ᠂ ᠴᠢᠳᠠᠪᠤᠷᠢ᠎ᠳᠤᠨᠢ ᠲᠣᠬᠢᠷᠠᠭᠤᠯᠤᠨ ᠵᠢᠭ᠋ᠠᠬᠤ᠂ ᠪᠥᠬᠥ ᠲᠠᠯ᠎ᠠ᠎ᠪᠠᠷ ᠬᠥᠭᠵᠢᠭᠦᠯᠬᠦ》 ᠰᠤᠷᠭ᠋ᠠᠭᠤᠯᠢ ᠡᠷᠭᠢᠯᠡᠬᠦ ᠣᠨᠣᠯᠵᠢᠬᠤᠨ᠎ᠢ ᠲᠡᠭᠦᠯᠳᠡᠷᠵᠢᠭᠦᠯᠵᠦ᠂ 《ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠪᠦᠯᠬᠦᠮᠳᠡᠨ ᠪᠣᠳᠠᠲᠠᠶ ᠵᠢ ᠡᠷᠬᠢᠮᠯᠡᠬᠦ᠂ ᠠᠵᠢᠯ ᠦᠢ᠍ᠯᠡᠰ ᠵᠶ᠋ᠠᠨ ᠳᠡᠭᠡᠳᠦᠯᠡᠨ ᠤᠷᠤᠭᠰᠢᠯᠠᠨ ᠳᠠᠪᠰᠢᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ》 ᠰᠢᠯᠢᠳᠡᠭ ᠰᠤᠷᠲᠠᠯ᠎ᠢ ᠬᠤᠷᠠᠮᠳᠤᠭᠤᠯᠤᠭᠰᠠᠨ ᠪᠠᠶ᠋ᠢᠨ᠎ᠠ᠃ ᠰᠤᠷᠭ᠋ᠠᠭᠤᠯᠢ᠎ᠨᠢ 《ᠨᠤᠲᠤᠭ ᠪᠡᠯᠴᠢᠭᠡᠷ᠎ᠤᠨ ᠪᠠᠴᠢᠮ ᠬᠡᠷᠡᠭᠴᠡᠭᠡᠨ᠎ᠤ ᠲᠤᠰᠬᠠᠶ ᠮᠡᠷᠭᠡᠵᠢᠯ᠎ᠢ ᠡᠷᠭᠢᠯᠡᠵᠦ᠂ ᠬᠢᠯᠢ ᠬᠢᠵᠠᠭ᠋ᠠᠷ᠎ᠤᠨ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠵᠦ᠂ ᠦᠪᠦᠷ ᠮᠤᠨᠭ᠌ᠭᠤᠯ᠎ᠤᠨ ᠮᠠᠯ ᠠᠵᠤ ᠠᠬᠤᠶ ᠵᠢ ᠬᠥᠭᠵᠢᠭᠦᠯᠬᠦ》 ᠰᠤᠷᠭ᠋ᠠᠭᠤᠯᠢ ᠡᠷᠭᠢᠯᠡᠬᠦ ᠡᠭᠦᠷᠭᠡ ᠵᠢ ᠪᠠᠷᠢᠮᠲᠠᠯᠠᠵᠤ᠂ ᠨᠢᠭᠡ ᠪᠦᠯᠦᠭ 《ᠪᠠᠭᠤᠵᠤ ᠳᠡᠶ᠋ᠢᠯᠬᠦ᠂ ᠦᠯᠡᠳᠡᠵᠦ ᠳᠡᠶ᠋ᠢᠯᠬᠦ᠂ ᠬᠡᠷᠡᠭᠯᠡᠵᠦ ᠳᠡᠶ᠋ᠢᠯᠬᠦ᠂ ᠰᠠᠶ᠋ᠢᠨ ᠠᠵᠢᠯᠯᠠᠭᠰᠠᠨ》 ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ ᠪᠠ 《ᠲᠠᠷᠢᠶᠠᠯᠠᠩ ᠮᠠᠯ ᠠᠵᠤ ᠠᠬᠤᠶ ᠵᠢ ᠣᠢ᠌ᠯᠠᠭ᠋ᠠᠵᠤ᠂ ᠬᠥᠳᠡᠭᠡ ᠳᠣᠰᠬᠤ᠎ᠨᠢ ᠬᠠᠢ᠌ᠷᠠᠯᠠᠵᠤ᠂ ᠮᠠᠯᠴᠢᠨ ᠲᠠᠷᠢᠶᠠᠴᠢᠨ᠎ᠢ ᠬᠠᠶ᠋ᠢᠷᠠᠯᠠᠬᠤ》᠂ 《ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ》᠎ᠤ ᠪᠡᠯᠡᠦᠡᠭᠡᠯ ᠬᠦᠴᠦᠠᠢ ᠬᠥᠮᠦᠵᠢᠭᠦᠯᠦᠨ ᠪᠣᠶ᠋ᠢᠵᠢᠭᠤᠯᠵᠤ᠂ ᠤᠯᠤᠰ᠎ᠲᠤ ᠨᠡᠶ᠋ᠢᠲᠡ 18 ᠲᠦᠮᠡ ᠭᠠᠷᠤᠶ ᠡᠯ᠎ᠡ ᠲᠥᠷᠥᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠥᠭᠴᠦ᠂ ᠲᠡᠭᠦᠰᠦᠭᠰᠡᠨ ᠰᠤᠷᠤᠭᠴᠢᠳ ᠪᠦᠬᠦ ᠤᠯᠤᠰ᠎ᠤᠨ ᠡᠯ᠎ᠡ ᠭᠠᠵᠠᠷ᠎ᠲᠤ ᠲᠦᠭᠡᠵᠦ᠂ ᠥᠪᠡᠷᠲᠡᠭᠡᠨ ᠵᠠᠰᠠᠬᠤ ᠣᠷᠣᠨ ᠴᠠᠭ᠋ᠠᠰᠢᠯᠠᠪᠠᠯ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ᠂ ᠡᠪᠡᠰᠦ ᠪᠡᠯᠴᠢᠭᠡᠷ᠂ ᠰᠦ᠂ ᠡᠯᠡᠰᠦ ᠵᠡᠷᠭᠡ ᠠᠵᠢᠯ ᠲᠥᠷᠥᠯ᠎ᠤᠨ ᠳᠠᠭ᠋ᠠᠭᠤᠯᠤᠭᠴᠢ ᠪᠠ ᠮᠡᠷᠭᠡᠵᠢᠯ᠎ᠤᠨ ᠭᠣᠣᠯᠯᠠᠭᠴᠢ ᠬᠦᠴᠦᠨ ᠪᠣᠯᠤᠭᠰᠠᠨ ᠪᠠᠶ᠋ᠢᠨ᠎ᠠ᠃ ᠲᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠺᠠᠩ ᠯᠧ᠂ ᠵᠠᠩ ᠶᠦᠩ᠂ ᠥᠪᠡᠷᠲᠡᠭᠡᠨ ᠵᠠᠰᠠᠬᠤ ᠣᠷᠣᠨ᠎ᠤ ᠠᠯᠳᠠᠷᠲᠤ ᠠᠵᠤ ᠠᠬᠤᠢ᠌ᠯᠠᠯᠲᠠᠨ ᠫᠠᠨ ᠭᠠᠩ᠂ ᠸᠠᠩ ᠵᠣᠣ ᠮᠢᠩ ᠨᠡᠷ ᠪᠣᠯ ᠴᠥᠮ ᠰᠤᠷᠭ᠋ᠠᠭᠤᠯᠢ ᠵᠢᠨ ᠰᠢᠯᠢᠳᠡᠭ ᠰᠤᠷᠭ᠋ᠠᠭᠤᠯᠢ ᠵᠢᠨ ᠨᠠᠶ᠋ᠢᠵᠠ ᠵᠢᠨ ᠲᠥᠯᠦᠭᠡᠯᠡᠭᠴᠢ ᠪᠣᠯᠤᠨ᠎ᠠ᠃ ᠰᠤᠷᠭ᠋ᠠᠭᠤᠯᠢ᠎ᠠᠴᠠ ᠤᠷᠢᠳ ᠬᠣᠵᠢᠳ 《12.14》᠎ᠤ ᠪᠠᠭ᠋ᠠᠲᠤᠷᠯᠢᠭ ᠬᠠᠮᠲᠤ ᠨᠡᠶ᠋ᠢᠲᠡ ᠪᠠ ᠬᠤᠤ ᠯᠦᠩ ᠪᠢᠶᠤᠤ᠂ 《ᠬᠡᠷᠡᠯᠳᠦᠭᠦᠯᠦᠭᠴᠢ ᠡᠯᠴᠢ》 ᠯᠢ ᠶᠢᠩ ᠴᠣᠯᠭᠣᠷᠠᠨ ᠭᠠᠷᠤᠭᠰᠠᠨ᠎ᠤ ᠬᠠᠮᠲᠤ 《ᠪᠥᠬᠥ ᠣᠷᠣᠨ᠎ᠤ ᠶᠣᠰᠣ ᠮᠣᠷᠠᠯ᠎ᠤᠨ ᠵᠢᠱ᠌ᠢᠶᠡᠴᠢ》 ᠳ᠋ᠦ᠋ ᠸᠧᠶ᠂ 《ᠳᠡᠭᠦᠦ᠎ᠪᠠᠨ ᠡᠭᠦᠷᠴᠦ ᠰᠤᠷᠤᠯᠴᠠᠭᠤᠯᠤᠭᠰᠠᠨ》 ᠵᠤᠸᠠᠩ ᠬᠣᠩ ᠴᠢᠤᠸᠠᠨ᠂ ᠵᠤᠸᠠᠩ ᠾᠤᠶ᠋ᠢ ᠴᠢᠤᠸᠠᠨ᠂ 《ᠤᠮᠠᠷᠠᠲᠤ ᠬᠢᠯᠢ ᠵᠢᠨ ᠥᠯᠢᠭᠡᠷ ᠳᠠᠭᠤᠷᠢᠶᠠᠯ》 ᠢᠦᠶ ᠬᠠᠶ ᠵᠢᠶᠦ᠋ᠨ᠂ ᠪᠥᠬᠥ ᠣᠷᠣᠨ᠎ᠤ 《ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ ᠲᠡᠷᠢᠭᠦᠨ᠎ᠤ ᠬᠥᠮᠦᠰ》 ᠵᠠᠩ ᠸᠧᠨ ᠪᠥᠸᠧ ᠵᠡᠷᠭᠡ ᠠᠮᠢᠳᠤᠯᠢᠭ ᠨᠡᠶ᠋ᠢᠲᠡᠯᠢᠭ ᠦᠢ᠍ᠯᠡ ᠠᠵᠢᠯᠯᠠᠭ᠎ᠠ᠎ᠨᠢ ᠨᠢᠭᠡᠨᠲᠡ ᠴᠠᠭ ᠦᠶ᠎ᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠢᠯᠡᠷᠡᠭᠦᠯᠬᠦ᠂ ᠨᠡᠶ᠋ᠢᠭᠡᠮ᠎ᠤᠨ ᠬᠡᠪ ᠰᠤᠷᠲᠠᠯ᠎ᠢ ᠬᠥᠲᠥᠯᠦᠨ ᠳᠠᠭ᠋ᠠᠭᠤᠯᠬᠤ 《ᠶᠣᠰᠣ ᠮᠣᠷᠠᠯ᠎ᠤᠨ ᠭᠡᠷᠡᠯᠲᠦ ᠴᠠᠮᠬᠠᠭ》 ᠪᠣᠯᠵᠣ᠂ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠰᠤᠷᠤᠭᠴᠢᠳ᠎ᠤᠨ ᠡᠷᠬᠢᠮ ᠳᠡᠭᠡᠳᠦ ᠣᠶᠤᠨ ᠰᠠᠨᠠᠭ᠋ᠠᠨ᠎ᠤ ᠠᠬᠤᠶ ᠪᠠᠶ᠋ᠢᠳᠠᠯ ᠪᠠ ᠰᠤᠷᠭ᠋ᠠᠭᠤᠯᠢ ᠡᠷᠬᠢᠯᠡᠬᠦ ᠡᠷᠬᠢᠮ ᠳᠡᠭᠡᠳᠦ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠪᠡ᠃


ᠥᠨᠥᠳᠦᠷ᠎ᠤᠨ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ ᠪᠥᠬᠦᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠠᠷᠢᠮᠲᠠᠯᠠᠵᠤ᠂ 《ᠦᠨᠳᠦᠰᠦ᠎ᠪᠠᠷ ᠦᠨᠳᠦᠰᠦ ᠪᠣᠯᠭ᠋ᠠᠬᠤ》 ᠵᠢ ᠪᠠᠷᠢᠮᠲᠠᠯᠠᠵᠤ᠂ 《ᠲᠦᠷᠪᠡᠨ ᠪᠤᠴᠠᠵᠤ ᠢᠷᠡᠬᠦ》 ᠵᠢ ᠠᠬᠢᠭᠤᠯᠵᠤ᠂ 《ᠰᠢᠨ᠎ᠡ ᠲᠠᠷᠢᠶᠠᠯᠠᠩ᠎ᠤᠨ ᠤᠬᠠᠭ᠋ᠠᠨ᠂ ᠰᠢᠨ᠎ᠡ ᠲᠧᠭᠨᠢᠭ᠎ᠤᠨ ᠤᠬᠠᠭ᠋ᠠᠨ᠂ ᠰᠢᠨ᠎ᠡ ᠨᠡᠶ᠋ᠢᠭᠡᠮ᠎ᠤᠨ ᠰᠢᠨᠵᠢᠯᠡᠬᠦ ᠤᠬᠠᠭ᠋ᠠᠨ》᠎ᠤ ᠪᠠᠶ᠋ᠢᠭᠤᠯᠤᠯᠲᠠ ᠵᠢ ᠲᠠᠰᠤᠷᠠᠯᠳᠡ ᠦᠭᠡᠢ ᠠᠬᠢᠭᠤᠯᠵᠤ᠂ ᠰᠤᠷᠭ᠋ᠠᠭᠤᠯᠢ ᠵᠢᠨ 《131467》 ᠪᠠᠶ᠋ᠢᠯᠳᠤᠬᠤ ᠪᠤᠳᠤᠯᠭ᠎ᠠ ᠵᠢᠨ ᠠᠵᠢᠯᠯᠠᠭ᠋ᠠᠨ᠎ᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠣᠨᠴᠠᠯᠢᠭ ᠵᠶ᠋ᠠᠷ ᠢᠯᠡ ᠲᠣᠳᠣ ᠥᠨᠳᠥᠷ ᠲᠦᠪᠰᠢᠨ ᠪᠥᠬᠦᠢ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢ ᠪᠠᠶ᠋ᠢᠭᠤᠯᠬᠤ ᠵᠢᠨ ᠲᠥᠯᠥᠭᠡ ᠴᠥᠬᠥᠷᠡᠰᠢ ᠦᠭᠡᠢ ᠤᠷᠤᠭᠰᠢᠯᠠᠵᠤ ᠪᠠᠢ᠌ᠨ᠎ᠠ᠃


