ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
— 《ᠳᠤᠮᠳᠠᠳᠤ ᠤᠯᠤᠰ ᠳᠤᠮᠳᠠᠳᠤ ᠤᠯᠤᠰ᠂ ᠤᠯᠠᠭ᠋ᠠᠨ ᠨᠠᠷᠠᠨ ᠥᠨᠢᠳᠡ ᠮᠠᠨᠳᠤᠨ᠎ᠠ》
ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠬᠠᠳᠤᠨ ᠭᠣᠣᠯ᠎ᠤᠨ ᠠᠵᠤ ᠠᠬᠤᠢ ᠵᠢᠨ ᠪᠦᠰᠡ᠂ ᠲᠠᠯ᠎ᠠ ᠨᠤᠲᠤᠭ᠎ᠤᠨ ᠪᠤᠯᠤᠳ ᠬᠤᠳᠠ ᠪᠤᠭᠤᠲᠤ᠎ᠳᠤ ᠪᠠᠶ᠋ᠢᠷᠢᠯᠠᠵᠤ᠂ 65 ᠵᠢᠯ᠎ᠤᠨ ᠲᠡᠦᠬᠡ᠎ᠲᠠᠢ ᠠᠯᠪᠠᠨ᠎ᠠᠴᠠ ᠡᠷᠬᠢᠯᠡᠭᠰᠡᠨ ᠪᠦᠬᠦᠯᠢ ᠡᠳᠦᠷ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠤᠯᠤᠰ᠎ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠤᠯᠤᠰ᠎ᠤᠨ ᠰᠢᠯᠢᠳᠡᠭ ᠲᠤᠰᠬᠠᠢ ᠮᠡᠷᠭᠡᠵᠢᠯ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ 1956 ᠣᠨ᠎ᠳᠤ ᠪᠠᠶ᠋ᠢᠭᠤᠯᠤᠭᠳᠠᠵᠤ᠂ ᠤᠤᠯ᠎ᠨᠢ ᠪᠦᠬᠦ ᠤᠯᠤᠰ᠎ᠤᠨ ᠭᠣᠣᠯᠳᠠᠯᠭ᠋ᠠᠲᠠᠢ ᠳᠤᠮᠲᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠪᠤᠭᠤᠲᠤ᠎ᠳᠠᠬᠢ ᠮᠧᠬᠠᠨᠢᠭ᠎ᠤᠨ ᠠᠵᠤ ᠦᠢ᠍ᠯᠡᠳᠪᠦᠷᠢ ᠵᠢᠨ ᠰᠤᠷᠭ᠋ᠠᠭᠤᠯᠢ ᠪᠠᠶ᠋ᠢᠵᠠᠢ᠃ 1998 ᠣᠨ᠎ᠳᠤ ᠰᠤᠷᠭ᠋ᠠᠭᠤᠯᠢ ᠵᠢ ᠵᠡᠷᠭᠡ ᠳᠡᠪᠰᠢᠭᠦᠯᠦᠨ ᠳᠡᠭᠡᠳᠦ ᠰᠤᠷᠭ᠋ᠠᠭᠤᠯᠢ ᠪᠣᠯᠭ᠋ᠠᠵᠤ᠂ ᠪᠦᠬᠦ ᠤᠯᠤᠰ᠎ᠤᠨ ᠬᠠᠮᠤᠭ᠎ᠤᠨ ᠡᠷᠲᠡ ᠲᠤᠰᠠᠭ᠋ᠠᠷ ᠪᠠᠶ᠋ᠢᠭᠤᠯᠤᠭᠰᠠᠨ 14 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠨᠢᠭᠡ ᠪᠣᠯᠪᠠ᠃ 2019 ᠣᠨ᠎ᠳᠤ᠂ ᠪᠤᠭᠤᠲᠤ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠪᠤᠭᠤᠲᠤ ᠵᠢᠨ ᠤᠷᠠᠨ ᠳᠠᠷᠬᠠᠨ᠎ᠤ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠵᠢ ᠵᠥᠪᠰᠢᠶᠡᠷᠡᠪᠡ᠃


ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠵᠡᠯᠡᠵᠦ ᠪᠠᠶ᠋ᠢᠭ᠎ᠠ ᠲᠠᠯᠠᠪᠠᠢ 73 . 36 ᠲᠦᠮᠡᠨ ᠲᠡᠭᠰᠢ ᠳᠥᠷᠪᠡᠯᠵᠢᠨ ᠮᠧᠲᠷ᠂ ᠲᠣᠭᠲᠠᠮᠠᠯ ᠬᠥᠷᠥᠩᠭᠡ ᠵᠢᠨ ᠶᠡᠷᠦᠩᠬᠡᠶ ᠥᠷᠲᠡᠭ 7 . 38 ᠳ᠋ᠦᠩᠰᠢᠭᠤᠷ ᠲᠥᠭᠥᠷᠢᠭ᠂ ᠰᠤᠷᠭ᠋ᠠᠭᠤᠯᠢ᠎ᠳᠤ ᠪᠣᠳᠠᠲᠤ ᠪᠣᠯᠪᠠᠰᠤᠷᠠᠯ᠎ᠤᠨ ᠰᠠᠭᠤᠷᠢᠨ ᠭᠠᠵᠠᠷ 187 ᠪᠣᠶ᠃ ᠵᠢᠭ᠋ᠠᠨ ᠰᠤᠷᠭ᠋ᠠᠯᠲᠠ ᠵᠢᠨ ᠰᠠᠯᠪᠤᠷᠢ ᠬᠡᠯᠲᠡᠰ 11᠂ ᠰᠣᠷᠣᠭᠴᠢ ᠡᠯᠰᠡᠬᠦ ᠲᠤᠰᠬᠠᠶ ᠮᠡᠷᠭᠡᠵᠢᠯ 48᠂ ᠲᠤᠰᠬᠠᠶ ᠮᠡᠷᠭᠡᠵᠢᠯ᠎ᠤᠨ ᠴᠤᠭᠯᠠᠷᠠᠯ 10 ᠪᠠᠶ᠋ᠢᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠣᠲᠠ ᠵᠢᠨ ᠲᠤᠯᠭ᠋ᠠᠭᠤᠷᠢ ᠠᠵᠤ ᠦᠢ᠍ᠯᠡᠰ ᠪᠠ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠲᠠᠢ ᠨᠢᠭᠲᠠ ᠵᠣᠯᠭ᠋ᠠᠯᠳᠤᠵᠤ ᠪᠠᠶ᠋ᠢᠨ᠎ᠠ᠃ ᠳᠤᠰᠬᠠᠢ ᠮᠡᠷᠭᠡᠵᠢᠯ᠎ᠨᠢ ᠲᠧᠭᠨᠢᠭ᠎ᠤᠨ ᠤᠬᠠᠭ᠋ᠠᠨ᠂ ᠰᠣᠶᠣᠯ᠂ ᠬᠠᠮᠢᠶᠠᠷᠤᠯᠲᠠ᠂ ᠠᠵᠤ ᠠᠬᠤᠶ᠂ ᠰᠤᠷᠭ᠋ᠠᠨ ᠬᠥᠮᠦᠵᠢᠯ᠂ ᠤᠷᠠᠯᠢᠭ᠂ ᠠᠨᠠᠭ᠋ᠠᠬᠤ ᠤᠬᠠᠭ᠋ᠠᠨ ᠵᠡᠷᠭᠡ 7 ᠰᠢᠨᠵᠢᠯᠡᠭᠡᠨ᠎ᠤ ᠰᠠᠯᠠᠭ᠎ᠠ᠎ᠳᠤ ᠬᠣᠯᠪᠣᠭᠳᠠᠵᠤ᠂ ᠲᠧᠭᠨᠢᠭ᠎ᠤᠨ ᠤᠬᠠᠭ᠋ᠠᠨ ᠵᠶ᠋ᠠᠷ ᠤᠯᠠᠮᠵᠢᠯᠠᠯᠲᠤ ᠳᠠᠪᠠᠭᠤᠯᠢᠭ ᠵᠶ᠋ᠠᠨ ᠪᠣᠯᠭ᠋ᠠᠵᠤ᠂ ᠣᠲᠣ ᠦᠶ᠎ᠡ ᠵᠢᠨ ᠲᠣᠨᠣᠭ ᠲᠥᠬᠥᠭᠡᠷᠦᠮᠵᠢ ᠦᠢ᠍ᠯᠡᠳᠬᠦ ᠲᠥᠷᠥᠯ᠎ᠤᠨ ᠲᠤᠰᠬᠠᠶ ᠮᠡᠷᠭᠡᠵᠢᠯ ᠬᠢᠭᠡᠳ ᠣᠲᠣ ᠦᠶ᠎ᠡ ᠵᠢᠨ ᠦᠢ᠍ᠯᠡᠴᠢᠯᠡᠭᠡᠨ᠎ᠤ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠬᠥᠳᠡᠯᠭᠡᠭᠦᠷ ᠪᠣᠯᠭ᠋ᠠᠭᠰᠠᠨ᠂ ᠬᠠᠮᠵᠢᠯᠴᠠᠨ ᠬᠥᠭᠵᠢᠬᠦ ᠲᠤᠰᠬᠠᠶ ᠮᠡᠷᠭᠡᠵᠢᠯ᠎ᠤᠨ ᠪᠠᠢ᠌ᠷᠢᠰᠢᠯᠠᠭᠤᠯᠤᠯᠲᠠ ᠵᠢ ᠪᠦᠷᠢᠳᠦᠭᠦᠯᠵᠡᠢ᠃ ᠤᠯᠤᠰ᠎ᠤᠨ ᠲᠠᠰ᠎ᠤᠨ ᠭᠤᠤᠯᠯᠠᠭᠴᠢ (ᠭᠣᠣᠯᠳᠠᠯᠭ᠋ᠠᠲᠠᠢ) ᠲᠤᠰᠬᠠᠶ ᠮᠡᠷᠭᠡᠵᠢᠯ 6᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠤᠰᠬᠠᠶ ᠮᠡᠷᠭᠡᠵᠢᠯ 17᠂ ᠪᠥᠬᠥ ᠤᠯᠤᠰ᠎ᠤᠨ ᠮᠧᠬᠠᠨᠢᠭ᠎ᠤᠨ ᠠᠵᠢᠯ ᠲᠥᠷᠥᠯ᠎ᠤᠨ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠬᠦ ᠤᠨᠴᠠᠯᠢᠭᠳᠤ ᠲᠤᠰᠬᠠᠶ ᠮᠡᠷᠭᠡᠵᠢᠯ 2᠂ ᠪᠥᠬᠥ ᠤᠯᠤᠰ᠎ᠤᠨ ᠮᠧᠬᠠᠨᠢᠭ᠎ᠤᠨ ᠠᠵᠢᠯ ᠲᠥᠷᠥᠯ᠎ᠤᠨ ᠥᠨᠳᠥᠷ ᠬᠡᠪ ᠪᠣᠯᠪᠠᠰᠤᠷᠠᠯ ᠪᠥᠬᠥᠶ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠬᠦ ᠰᠢᠨ᠎ᠡ ᠵᠢ ᠡᠭᠦᠳᠬᠦ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠲᠤᠰᠬᠠᠶ ᠮᠡᠷᠭᠡᠵᠢᠯ 3 ᠪᠠᠢ᠌ᠵᠤ᠂ ᠲᠤᠰᠬᠠᠶ ᠮᠡᠷᠭᠡᠵᠢᠯ᠎ᠤᠨ ᠵᠢᠩᠬᠢᠨᠢ ᠠᠩᠭᠢ 6 ᠵᠢ ᠲᠤᠷᠰᠢᠨ ᠡᠷᠭᠢᠯᠡᠭᠰᠡᠨ ᠪᠠᠢ᠌ᠨ᠎ᠠ᠃



ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠲᠦᠮᠡ ᠰᠢᠬᠠᠮ ᠪᠠᠶ᠋ᠢᠵᠤ᠂ ᠣᠶ᠋ᠢᠷ᠎ᠠ ᠵᠢᠨ ᠲᠠᠪᠤᠨ ᠵᠢᠯ᠎ᠳᠤ ᠠᠵᠢᠯ ᠣᠯᠬᠤ ᠨᠣᠷᠮ᠎ᠠ᠎ᠨᠢ ᠴᠥᠮ 95 %᠎ᠠᠴᠠ ᠳᠡᠭᠡᠭᠰᠢ ᠪᠣᠯᠵᠠᠶ᠃ ᠲᠤᠰᠬᠠᠶ ᠪᠠᠭᠰᠢ 516 ᠪᠠᠢ᠌ᠵᠤ᠂ ᠳᠡᠳ᠋ ᠫᠷᠣᠹᠧᠰᠰᠤᠷ᠎ᠠᠴᠠ ᠳᠡᠭᠡᠭᠰᠢᠬᠢ ᠥᠨᠳᠥᠷ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ ᠵᠢᠨ ᠬᠠᠷᠢᠴᠠᠯ 42 . 2 %᠂ ᠮᠠᠰᠲ᠋ᠧᠷ᠎ᠠᠴᠠ ᠳᠡᠭᠡᠭᠰᠢᠬᠢ ᠡᠷᠳᠡᠮ᠎ᠤᠨ ᠴᠤᠯᠠᠲᠠᠢ ᠪᠠᠭᠰᠢ ᠵᠢᠨ ᠬᠠᠷᠢᠴᠠᠯ 62 %᠂ 《ᠬᠤᠤᠰ ᠪᠠᠭᠰᠢ ᠵᠢᠨ ᠬᠡᠪ ᠪᠣᠯᠪᠠᠰᠤᠷᠠᠯ》᠎ᠲᠠᠢ ᠪᠠᠭᠰᠢ ᠵᠢᠨ ᠬᠠᠷᠢᠴᠠᠯ 70 . 35 % ᠪᠣᠢ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ᠂ ᠰᠢᠨ᠎ᠡ ᠰᠣᠳᠣᠨ 26᠂ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠴᠢᠳᠠᠪᠤᠷᠢᠲᠠᠨ 3 ᠪᠣᠶ; ᠬᠣᠲᠠ ᠵᠢᠨ ᠲᠠᠰ᠎ᠠᠴᠠ ᠳᠡᠭᠡᠭᠰᠢᠬᠢ ᠬᠥᠳᠡᠯᠮᠦᠷᠢ ᠵᠢᠨ ᠵᠢᠱ᠌ᠢᠶᠡᠴᠢ᠂ 《5.1》᠎ᠤ ᠬᠥᠳᠡᠯᠮᠦᠷᠢ ᠵᠢᠨ ᠵᠢᠱ᠌ᠢᠶᠡᠴᠢ ᠵᠢᠨ ᠱᠠᠩᠨᠠᠯ ᠭᠥᠷᠳᠡᠭᠰᠡᠳ 26᠂ ᠬᠣᠲᠠ ᠵᠢᠨ ᠲᠠᠰ᠎ᠠᠴᠠ ᠳᠡᠭᠡᠭᠰᠢᠬᠢ ᠮᠡᠷᠭᠡᠵᠢᠯ᠎ᠤᠨ ᠴᠢᠳᠠᠪᠤᠷᠢᠲᠠᠨ 22᠂ ᠮᠡᠷᠭᠡᠵᠢᠯ᠎ᠤᠨ ᠶᠡᠬᠡ ᠪᠠᠭᠰᠢ 9 (ᠤᠯᠤᠰ᠎ᠤᠨ ᠲᠠᠰ᠎ᠤᠨ ᠮᠡᠷᠭᠡᠵᠢᠯ᠎ᠤᠨ ᠶᠡᠬᠡ ᠪᠠᠭᠰᠢ 1)᠂ ᠪᠤᠭᠤᠲᠤ ᠬᠣᠲᠠ ᠵᠢᠨ ᠴᠢᠳᠠᠪᠤᠷᠢᠲᠠᠨ 11᠂ ᠪᠤᠭᠤᠲᠤ ᠵᠢᠨ ᠤᠷᠠᠨ ᠳᠠᠷᠬᠠᠨ 1 ᠪᠣᠶ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠢᠳᠡᠭ ᠵᠢᠭ᠋ᠠᠨ ᠰᠤᠷᠭ᠋ᠠᠯᠲᠠ ᠵᠢᠨ ᠪᠦᠯᠬᠦᠮ 15᠂ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠴᠢᠳᠠᠪᠤᠷᠢᠲᠠᠨ᠎ᠤ ᠢᠨᠵᠧᠨᠧᠷᠢᠩ᠎ᠤᠨ ᠪᠦᠯᠬᠦᠮ 1 ᠪᠠᠢ᠌ᠵᠤ᠂ ᠬᠣᠲᠠ ᠵᠢᠨ ᠲᠠᠰ᠎ᠠᠴᠠ ᠳᠡᠭᠡᠭᠰᠢᠬᠢ ᠮᠡᠷᠭᠡᠵᠢᠯ᠎ᠤᠨ ᠶᠡᠬᠡ ᠪᠠᠭᠰᠢ ᠵᠢᠨ ᠠᠵᠢᠯᠯᠠᠬᠤ ᠭᠠᠵᠠᠷ 8 ᠪᠠᠶ᠋ᠢᠵᠤ᠂ ᠡᠳᠡᠭᠡᠷ ᠪᠣᠯ ᠰᠤᠷᠭ᠋ᠠᠨ ᠬᠥᠮᠦᠵᠢᠯ᠎ᠤᠨ ᠶᠠᠮᠤᠨ᠎ᠠᠴᠠ ᠮᠠᠭ᠋ᠠᠳᠯᠠᠨ ᠲᠣᠭᠲᠠᠭ᠋ᠠᠭᠰᠠᠨ ᠤᠯᠤᠰ᠎ᠤᠨ ᠲᠠᠰ᠎ᠤᠨ 《ᠬᠤᠤᠰ ᠬᠡᠯᠪᠡᠷᠢᠲᠦ ᠪᠠᠭᠰᠢ》 ᠵᠢᠨ ᠬᠥᠮᠦᠵᠢᠭᠦᠯᠦᠯ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠣᠯᠤᠨ᠎ᠠ᠃ 2019 ᠣᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠢᠭ᠋ᠠᠬᠤ ᠰᠤᠷᠭ᠋ᠠᠬᠤ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠥᠷᠳᠡᠭᠰᠡᠨ ᠪᠥᠬᠥ ᠲᠣᠭ᠎ᠠ᠎ᠨᠢ ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠤᠮᠲᠠ ᠲᠡᠷᠢᠭᠦᠯᠡᠪᠡ᠃



ᠰᠢᠨ᠎ᠡ ᠲᠡᠦᠬᠡ ᠵᠢᠨ ᠭᠠᠷᠤᠭ᠎ᠠ᠎ᠳᠤ᠂ ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠢᠨ᠎ᠡ ᠨᠡᠶ᠋ᠢᠭᠡᠮ᠎ᠤᠨ ᠬᠠᠷᠢᠭᠤᠴᠠᠯᠭ᠎ᠠ ᠪᠣᠯᠤᠨ ᠲᠡᠦᠬᠡᠲᠦ ᠡᠭᠦᠷᠭᠡ ᠵᠢ ᠡᠭᠦᠷᠭᠡᠯᠡᠵᠦ᠂ 《ᠪᠦᠯᠬᠦᠮᠳᠡᠬᠦ᠂ ᠰᠢᠷᠭ᠋ᠠᠭᠤ ᠴᠢᠷᠮᠠᠶ᠋ᠢᠬᠤ᠂ ᠦᠨᠡᠨ᠎ᠢ ᠪᠠᠷᠢᠮᠲᠠᠯᠠᠬᠤ᠂ ᠠᠯᠢᠪᠠ᠎ᠪᠠᠨ ᠵᠣᠷᠢᠭᠤᠯᠬᠤ》 ᠰᠤᠷᠭ᠋ᠠᠭᠤᠯᠢ ᠵᠢᠨ ᠰᠤᠷᠭ᠋ᠠᠯ᠎ᠤᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠬᠤ᠂ ᠠᠭᠤᠯᠤᠭᠳᠠᠬᠤᠨ᠎ᠤ ᠪᠠᠶ᠋ᠢᠭᠤᠯᠤᠯᠲᠠ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠰᠢᠨ᠎ᠡ ᠣᠨᠣᠯᠵᠢᠬᠤᠨ ᠰᠢᠨ᠎ᠡ ᠪᠠᠶ᠋ᠢᠷᠢᠰᠢᠯ᠎ᠳᠤ ᠰᠢᠨ᠎ᠡ ᠠᠵᠠ ᠲᠣᠬᠢᠶᠠᠯ᠎ᠢ ᠠᠯᠳᠠᠯ ᠦᠭᠡᠢ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ 《ᠬᠣᠣᠰ ᠥᠨᠳᠥᠷ》᠎ᠤᠨ ᠪᠦᠳᠦᠭᠡᠨ ᠪᠠᠶ᠋ᠢᠭᠤᠯᠤᠯᠲᠠ᠎ᠳᠤ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠵᠤ᠂ ᠵᠢᠩᠬᠢᠨᠢ ᠠᠩᠬᠢ ᠵᠢᠨ ᠲᠡᠰ᠎ᠤᠨ ᠠᠵᠢᠯ ᠮᠡᠷᠭᠡᠵᠢᠯ᠎ᠤᠨ ᠶᠡᠬᠡ ᠰᠤᠷᠭ᠋ᠠᠭᠤᠯᠢ ᠲᠡᠢ᠌ᠰᠢ ᠴᠢᠷᠮᠠᠶ᠋ᠢᠨ ᠤᠷᠤᠭᠰᠢᠯᠠᠨ᠎ᠠ!