ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠬᠦᠰᠡᠯ ᠡᠷᠡᠮᠡᠯᠵᠡᠯ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-06-22


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
     — 《ᠬᠦᠰᠡᠯ ᠡᠷᠡᠮᠡᠯᠵᠡᠯ》


                  ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ 2011 ᠣᠨ᠎ᠤ 1 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠦᠪᠰᠢᠶᠡᠷᠡᠯ ᠵᠶ᠋ᠠᠷ ᠪᠠᠶ᠋ᠢᠭᠤᠯᠤᠭᠰᠠᠨ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱ᠌ᠠ ᠵᠡᠭᠦᠨ ᠬᠣᠰᠢᠭᠤᠨ᠎ᠤ ᠪᠠᠶᠠᠨᠬᠣᠲᠠ ᠪᠠᠯᠭ᠋ᠠᠰᠤᠨ᠎ᠳᠤ ᠪᠠᠶ᠋ᠢᠷᠢᠯᠠᠵᠤ᠂ 《ᠣᠷᠣᠨ ᠨᠤᠲᠤᠭ᠎ᠲᠤ ᠰᠠᠭᠤᠷᠢᠯᠠᠬᠤ᠂ ᠬᠥᠮᠦᠨ ᠵᠶ᠋ᠠᠷ ᠦᠨᠳᠦᠰᠦ ᠪᠣᠯᠭ᠋ᠠᠬᠤ᠂ ᠴᠢᠨᠠᠷ ᠳᠡᠰ᠎ᠢ ᠡᠷᠬᠢᠮᠯᠡᠬᠦ᠂ ᠣᠨᠴᠠᠯᠢᠭ᠎ᠢ ᠢᠯᠡᠷᠡᠭᠦᠯᠬᠦ》 ᠰᠤᠷᠭ᠋ᠠᠭᠤᠯᠢ ᠡᠷᠬᠢᠯᠡᠬᠦ ᠣᠨᠣᠯᠵᠢᠬᠤᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ᠎ᠲᠠᠢ ᠨᠢᠭᠲᠠ ᠤᠶᠠᠯᠳᠤᠭᠤᠯᠤᠨ᠂ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠨᠠᠷ ᠴᠢᠨᠰᠠᠭ᠎ᠠ᠎ᠪᠠᠷ ᠣᠷᠣᠨ ᠵᠠᠶ᠎ᠪᠠᠨ ᠥᠷᠭᠡᠳᠬᠡᠵᠦ᠂ ᠣᠨᠴᠠᠯᠢᠭ ᠵᠶ᠋ᠠᠷ ᠬᠥᠭᠵᠢᠯᠲᠡ᠎ᠪᠠᠨ ᠡᠷᠢᠯᠬᠢᠯᠡᠵᠦ᠂ ᠬᠢᠴᠢᠶᠡᠯ᠎ᠤᠨ ᠪᠠᠶ᠋ᠢᠭᠤᠯᠤᠯᠲᠠ ᠬᠢᠭᠡᠳ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠂ ᠦᠷᠭᠦᠯᠵᠢᠯᠡᠭᠰᠡᠨ ᠰᠤᠷᠭ᠋ᠠᠨ ᠬᠥᠮᠦᠵᠢᠯ ᠪᠠ ᠨᠡᠶ᠋ᠢᠭᠡᠮ᠎ᠤᠨ ᠪᠣᠯᠪᠠᠰᠤᠷᠠᠭᠤᠯᠤᠯ᠎ᠢ ᠵᠡᠷᠭᠡ᠎ᠪᠠᠷ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠭᠠᠵᠠᠷ ᠣᠷᠣᠨ᠎ᠤ ᠬᠥᠭᠵᠢᠯᠲᠡ᠎ᠳᠤ ᠪᠠᠴᠢᠮ ᠱᠠᠭ᠋ᠠᠷᠳᠠᠠᠭᠳᠠᠬᠤ ᠬᠡᠷᠡᠭᠴᠡᠭᠡᠲᠦ᠂ ᠤᠨᠴᠠᠯᠢᠭᠳᠤ᠂ ᠮᠡᠷᠭᠡᠰᠢᠯᠳᠦ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠬᠦ᠎ᠳᠤ ᠦᠢ᠍ᠯᠡᠴᠢᠯᠡᠵᠦ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠥᠬᠡᠶ   ᠳᠡᠭᠡᠭᠰᠢᠯᠡᠭᠦᠯᠵᠦ᠂ ᠳᠡᠭᠡᠳᠦ ᠰᠤᠷᠭ᠋ᠠᠭᠤᠯᠢ᠎ᠪᠠᠨ ᠢᠯᠡ ᠲᠣᠳᠣ ᠭᠠᠵᠠᠷ ᠣᠷᠣᠨ᠎ᠤ ᠣᠨᠴᠠᠯᠢᠭ ᠪᠠ ᠦᠨᠳᠦᠰᠦᠲᠡᠨ᠎ᠤ ᠣᠨᠴᠠᠯᠢᠭ᠎ᠲᠠᠢ᠂ ᠣᠷᠣᠨ ᠨᠤᠲᠤᠭ ᠪᠠ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠰᠠᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ ᠪᠣᠯᠭ᠋ᠠᠨ ᠪᠥᠲᠦᠭᠡᠨ ᠪᠠᠢ᠌ᠭᠤᠯᠬᠤ᠎ᠪᠠᠷ   ᠴᠢᠷᠮᠠᠢ᠌ᠭᠰᠠᠭ᠋ᠠᠷ ᠢᠷᠡᠪᠡ᠃



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠪᠠᠶᠠᠨᠬᠣᠲᠠ᠂ ᠤᠰᠤᠲᠠᠶ ᠬᠣᠶᠠᠷ ᠰᠤᠷᠭ᠋ᠠᠭᠤᠯᠢ ᠵᠢᠨ ᠲᠣᠭᠣᠷᠢᠭ᠎ᠲᠠᠢ᠂ ᠡᠮᠴᠢᠯᠡᠭᠡ ᠰᠤᠪᠢᠯᠠᠯᠲᠠ᠂ ᠠᠵᠤ ᠠᠬᠤᠶ ᠵᠢᠨ ᠬᠠᠮᠢᠶᠠᠷᠤᠯᠲᠠ᠂ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷᠢᠩ᠂ ᠮᠧᠬᠠᠨᠢᠭ᠎ᠤᠨ ᠢᠨᠵᠧᠨᠧᠷᠢᠩ᠂ ᠤᠷᠠᠯᠢᠭ᠂ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ ᠵᠡᠷᠭᠡ ᠰᠠᠯᠪᠤᠷᠢ 6᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 22᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 28 ᠪᠠᠢ᠌ᠵᠤ᠂ ᠠᠯᠠᠱ᠌ᠠ ᠵᠢᠨ ᠳᠠᠪᠠᠭᠤᠯᠢᠭ ᠪᠠ ᠣᠨᠴᠠᠯᠢᠭᠲᠤ ᠠᠵᠤ ᠦᠢ᠍ᠯᠡᠰ᠎ᠢ ᠦᠨᠳᠦᠰᠦᠨ᠎ᠳᠤ᠎ᠪᠠᠨ ᠬᠠᠮᠤᠷᠴᠠᠶ; ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ᠎ᠠᠴᠠ (ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠡᠯᠲᠡᠰ) ᠲᠤᠰᠬᠠᠶ ᠮᠡᠷᠭᠡᠵᠢᠯ᠎ᠤᠨ ᠠᠩᠭᠢ ᠵᠢᠨ ᠳᠤᠰᠬᠠᠢ ᠮᠡᠷᠭᠡᠵᠢᠯ ᠪᠠ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 22 ᠵᠢ ᠨᠡᠭᠡᠭᠡᠪᠡ᠃ ᠰᠤᠷᠭ᠋ᠠᠭᠤᠯᠢ᠎ᠳᠤ ᠪᠠᠭᠰᠢ ᠠᠵᠢᠯᠳᠠᠨ ᠠᠵᠢᠯᠴᠢᠨ 393᠂ ᠰᠤᠷᠤᠭᠴᠢ 7594᠂ ᠡᠭᠦᠨ᠎ᠳᠤ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 3972᠂ ᠨᠡᠭᠡᠭᠡᠯᠲᠡᠲᠦ ᠶᠡᠬᠡ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 3622 ᠪᠤᠢ᠃ ᠲᠤᠷᠰᠢᠯᠲᠠ ᠵᠢᠨ ᠲᠠᠰᠤᠭ 57᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ 30 ᠭᠠᠷᠤᠶ ᠵᠢ ᠪᠠᠶ᠋ᠢᠭᠤᠯᠵᠠᠶ᠃



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠠᠭᠤᠯᠤᠭᠳᠠᠬᠤᠨ᠎ᠤ ᠪᠠᠶ᠋ᠢᠭᠤᠯᠤᠯᠲᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠪᠡ᠃ ᠰᠤᠷᠭ᠋ᠠᠭᠤᠯᠢ᠎ᠨᠢ ᠪᠠᠭᠰᠢ ᠵᠢᠨ   ᠡᠩᠨᠡᠭᠡᠨ᠎ᠤ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ 2020 ᠣᠨ᠎ᠳᠤ 2 ᠪᠠᠭᠰᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠵᠢᠭ᠋ᠠᠨ ᠰᠤᠷᠭ᠋ᠠᠯᠲᠠ ᠵᠢᠨ ᠴᠢᠳᠠᠪᠤᠷᠢᠲᠠᠨ》᠎ᠤ ᠢᠷᠠᠭᠤ ᠠᠯᠳᠠᠷ᠎ᠤᠨ ᠴᠣᠯᠠ ᠵᠢ ᠭᠥᠷᠳᠡᠪᠡ; 《ᠬᠣᠣᠰ ᠪᠠᠭᠰᠢ》 ᠵᠢᠨ ᠪᠠᠭᠰᠢ ᠵᠢᠨ ᠡᠩᠨᠡᠭᠡᠨ᠎ᠤ ᠪᠠᠢ᠍ᠭᠤᠯᠤᠯᠲᠠ ᠵᠢ ᠠᠬᠢᠭᠤᠯᠵᠤ᠂ 《ᠬᠣᠣᠰ ᠪᠠᠭᠰᠢ》 110 ᠪᠠᠢ᠌ᠵᠤ᠂ ᠲᠤᠰᠬᠠᠢ ᠪᠠᠭᠰᠢ ᠵᠢᠨ 37 . 1 % ᠵᠢ ᠡᠵᠡᠯᠡᠪᠡ; ᠡᠯ᠎ᠡ ᠲᠥᠷᠥᠯ᠎ᠤᠨ ᠵᠢᠭ᠋ᠠᠬᠤ ᠴᠢᠳᠠᠪᠤᠷᠢ ᠵᠢᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠣᠷᠣᠯᠴᠠᠵᠤ᠂ 2020 ᠣᠨ᠎ᠳᠤ ᠤᠯᠤᠰ᠎ᠤᠨ ᠲᠠᠰ᠎ᠤᠨ ᠬᠣᠶᠠᠳᠤᠭ᠋ᠠᠷ ᠳᠡᠰ᠎ᠤᠨ ᠱᠠᠩᠨᠠᠯ 3᠂ ᠭᠤᠷᠪᠠᠳᠤᠭ᠋ᠠᠷ ᠳᠡᠰ᠎ᠤᠨ ᠱᠠᠩᠨᠠᠯ 1᠂ ᠰᠢᠯᠢᠳᠡᠭ ᠱᠠᠩᠨᠠᠯ 3 ᠭᠥᠷᠳᠡᠪᠡ; 1 + X ᠦᠨᠡᠮᠯᠡᠯ᠎ᠤᠨ   ᠳᠦᠷᠢᠮᠲᠦ ᠲᠤᠷᠰᠢᠯᠲᠠ ᠵᠢᠨ ᠴᠡᠭ᠎ᠤᠨ ᠠᠵᠢᠯ᠎ᠢ ᠢᠳᠡᠪᠬᠢᠲᠡᠶ ᠠᠬᠢᠭᠤᠯᠵᠤ᠂ 2020 ᠣᠨ᠎ᠳᠤ ᠳᠡᠭᠦᠰᠦᠭᠰᠡᠨ ᠤᠶᠤᠲᠠᠳ᠎ᠤᠨ ᠬᠤᠤᠰ ᠦᠨᠡᠮᠯᠡᠯ ᠣᠯᠤᠭᠰᠠᠨ ᠨᠣᠷᠮ᠎ᠠ 82 . 9 %᠎ᠳᠤ ᠬᠥᠷᠪᠡ᠃



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠤᠷᠤᠭᠴᠢ ᠡᠯᠰᠡᠨ ᠠᠵᠢᠯ ᠣᠯᠭᠣᠬᠤ ᠠᠷᠭ᠎ᠠ ᠵᠠᠮ᠎ᠢ ᠴᠢᠷᠮᠠᠶ᠋ᠢᠨ ᠥᠷᠭᠡᠳᠬᠡᠵᠦ᠂ ᠰᠤᠷᠭ᠋ᠠᠭᠤᠯᠢ ᠲᠡᠭᠦᠰᠦᠭᠰᠡᠳ ᠴᠢᠨᠠᠷᠯᠢᠭ ᠴᠢᠳᠠᠪᠤᠷᠢᠲᠠᠨ ᠪᠣᠯᠬᠤ᠂ ᠲᠣᠭᠲᠠᠭᠤᠨ ᠵᠶ᠋ᠠᠷ ᠠᠵᠢᠯ ᠣᠯᠬᠤ᠂ ᠤᠷᠤᠭᠰᠢᠲᠠᠶ ᠰᠤᠷᠭ᠋ᠠᠭᠤᠯᠢ ᠳᠡᠪᠰᠢᠬᠦ ᠵᠢ ᠪᠠᠲᠤᠯᠠᠪᠠ᠃ ᠰᠣᠷᠣᠭᠴᠢ ᠡᠯᠰᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠣᠷᠣᠭᠴᠢ ᠡᠯᠰᠡᠬᠦ ᠠᠵᠢᠯ᠎ᠤᠨ ᠬᠢᠷᠢ ᠲᠦᠪᠰᠢᠨ᠎ᠢ ᠵᠢᠯ ᠳᠠᠷᠠᠭ᠋ᠠᠯᠠᠨ ᠳᠡᠭᠡᠭᠰᠢᠯᠡᠭᠦᠯᠬᠦ ᠵᠢ ᠦᠨᠡᠨ ᠬᠦ᠌ ᠪᠠᠲᠤᠯᠠᠵᠤ᠂ 2020 ᠣᠨ᠎ᠳᠤ 2034 ᠰᠣᠷᠣᠭᠴᠢ ᠡᠯᠰᠡᠵᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠠᠩᠬ᠎ᠠ ᠤᠳᠠᠭ᠎ᠠ 3000 ᠵᠢ ᠳᠠᠪᠠᠵᠤ᠂ ᠰᠤᠷᠭ᠋ᠠᠭᠤᠯᠢ ᠪᠠᠶ᠋ᠢᠭᠤᠯᠬᠤ ᠦᠶ᠎ᠡ ᠵᠢᠨ ᠲᠥᠯᠥᠪᠯᠡᠭᠰᠡᠨ ᠰᠣᠷᠣᠭᠴᠢ ᠡᠯᠰᠡᠬᠦ ᠲᠣᠭ᠎ᠠ ᠵᠢ ᠪᠡᠶᠡᠯᠡᠭᠦᠯᠪᠡ᠃ ᠲᠡᠭᠦᠰᠬᠦ ᠰᠤᠷᠤᠭᠴᠢᠳ᠎ᠤᠨ ᠠᠵᠢᠯ ᠣᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠠᠵᠤ ᠦᠢ᠍ᠯᠡᠳᠪᠦᠷᠢ ᠪᠠ ᠰᠤᠷᠭ᠋ᠠᠭᠤᠯᠢ ᠵᠢ ᠤᠶᠠᠯᠳᠤᠭᠤᠯᠬᠤ》᠂ 《ᠵᠠᠬᠢᠶᠠᠯᠠᠭ᠎ᠠ ᠵᠢᠨ ᠮᠠᠶᠢᠭᠲᠤ》 ᠬᠥᠮᠦᠵᠢᠭᠦᠯᠬᠦ ᠬᠡᠪ ᠵᠠᠭᠪᠤᠷ᠎ᠢ ᠬᠡᠷᠡᠭᠵᠢᠭᠦᠯᠵᠦ᠂ 2020 ᠣᠨ᠎ᠳᠤ 336 ᠰᠤᠷᠤᠭᠴᠢ᠎ᠳᠤ ᠠᠵᠢᠯ ᠣᠯᠭᠤᠪᠠ᠃ ᠲᠤᠰᠬᠠᠶ ᠮᠡᠷᠭᠡᠵᠢᠯ᠎ᠤᠨ ᠠᠩᠭᠢ᠎ᠠᠴᠠ ᠵᠢᠩᠬᠢᠨᠢ ᠠᠩᠭᠢ᠎ᠳᠤ ᠳᠡᠪᠰᠢᠬᠦ ᠰᠢᠯᠭ᠋ᠠᠯᠲᠠ ᠵᠢ ᠢᠳᠡᠪᠬᠢᠲᠡᠶ ᠵᠣᠬᠢᠶᠠᠨ ᠪᠠᠶ᠋ᠢᠭᠤᠯᠵᠤ᠂ 2020 ᠣᠨ᠎ᠳᠤ 40 ᠰᠣᠷᠣᠭᠴᠢ ᠪᠣᠷᠣᠲᠣᠬᠣᠶ ᠳᠡᠭᠡᠳᠦ ᠰᠤᠷᠭ᠋ᠠᠭᠤᠯᠢ᠎ᠳᠤ ᠡᠯᠰᠡᠭᠳᠡᠵᠦ᠂ ᠲᠡᠦᠬᠡ ᠵᠢᠨ ᠬᠠᠮᠤᠭ᠎ᠤᠨ ᠰᠠᠶ᠋ᠢᠨ ᠬᠢᠷᠢ ᠪᠦᠲᠦᠮᠵᠢ ᠵᠢ ᠡᠭᠦᠳᠪᠡ᠃



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ᠎ᠳᠤ ᠬᠠᠨᠳᠤᠭᠤᠯᠤᠨ ᠰᠤᠷᠭ᠋ᠠᠭᠤᠯᠢ ᠡᠷᠬᠢᠯᠡᠪᠡ᠃ ᠠᠵᠢᠯ ᠲᠥᠷᠥᠯ᠂ ᠠᠵᠤ ᠠᠬᠤᠶ᠋ᠢᠯᠠᠯ ᠵᠢᠴᠢ ᠨᠡᠶ᠋ᠢᠭᠡᠮ ᠨᠡᠶ᠋ᠢᠲᠡ᠎ᠳᠤ ᠴᠢᠭᠯᠡᠭᠦᠯᠦᠨ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠵᠢᠯ ᠪᠦᠷᠢ ᠳᠤᠮᠳᠠᠴᠢ᠎ᠪᠠᠷ 1 . 5 ᠲᠦᠮᠡ᠎ᠠᠴᠠ ᠳᠡᠭᠡᠭᠰᠢ ᠬᠥᠮᠦᠨ᠎ᠢ ᠪᠣᠯᠪᠠᠰᠤᠷᠠᠭᠤᠯᠪᠠ᠃ ᠣᠨᠴᠠᠯᠢᠭᠲᠤ ᠰᠤᠷᠭ᠋ᠠᠭᠤᠯᠢ ᠡᠷᠬᠢᠯᠡᠬᠦ᠂ ᠬᠠᠮᠲᠤᠷᠠᠨ ᠰᠤᠷᠭ᠋ᠠᠭᠤᠯᠢ ᠡᠷᠬᠢᠯᠡᠬᠦ ᠵᠢ ᠪᠠᠷᠢᠮᠲᠠᠯᠠᠨ᠂ 《ᠠᠵᠢᠯᠯᠠᠬᠤ ᠰᠤᠷᠤᠯᠴᠠᠬᠤ ᠵᠢ ᠤᠶᠠᠯᠳᠤᠭᠤᠯᠬᠤ᠂ ᠬᠡᠷᠡᠭᠴᠡᠭᠡ᠎ᠳᠤ᠎ᠨᠢ ᠲᠣᠬᠢᠷᠠᠭᠤᠯᠤᠨ ᠵᠢᠭ᠋ᠠᠬᠤ᠂ ᠱᠠᠲᠤ ᠬᠤᠪᠢᠶᠠᠨ ᠲᠥᠪᠯᠡᠷᠡᠭᠦᠯᠬᠦ᠂ ᠨᠢᠭᠡᠳᠦᠯᠲᠡᠶ ᠬᠥᠮᠦᠵᠢᠭᠦᠯᠬᠦ》 ᠬᠡᠪ ᠵᠠᠭᠪᠤᠷ ᠵᠶ᠋ᠠᠷ ᠨᠠᠰᠤᠨ᠎ᠳᠤ ᠬᠦᠷᠦᠭᠰᠡᠳ᠎ᠤᠨ ᠵᠢᠭ᠋ᠠᠨ ᠰᠤᠷᠭ᠋ᠠᠯᠲᠠ ᠵᠢ ᠥᠷᠨᠢᠭᠦᠯᠵᠦ᠂ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠳᠤ ᠶᠡᠬᠡ ᠰᠤᠷᠭ᠋ᠠᠭᠤᠯᠢ ᠵᠢᠨ ᠴᠢᠳᠠᠮᠵᠢ ᠵᠢ ᠪᠠᠳᠠᠷᠠᠭᠤᠯᠤᠨ᠂ ᠨᠡᠶ᠋ᠢᠭᠡᠮ ᠲᠣᠭᠣᠷᠢᠭ᠎ᠤᠨ ᠰᠤᠷᠭ᠋ᠠᠨ ᠬᠥᠮᠦᠵᠢᠯ᠂ ᠨᠠᠰᠤᠲᠠᠶ᠋ᠢᠴᠤᠳ᠎ᠤᠨ ᠰᠤᠷᠭ᠋ᠠᠨ ᠬᠥᠮᠦᠵᠢᠯ᠎ᠢ ᠥᠳᠲᠡᠷ ᠲᠦᠷᠭᠡᠨ ᠬᠥᠭᠵᠢᠭᠦᠯᠵᠦ᠂ ᠰᠤᠷᠤᠯᠴᠠᠬᠤ ᠮᠠᠶᠢᠭ᠎ᠤᠨ ᠬᠣᠲᠠ ᠪᠣᠯᠤᠨ ᠡᠯ᠎ᠡ ᠲᠥᠷᠥᠯ᠎ᠤᠨ ᠰᠤᠷᠤᠯᠴᠠᠬᠤ ᠮᠠᠶᠢᠭ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠬᠤ ᠵᠢ ᠠᠬᠢᠭᠤᠯᠪᠠ᠃ ᠪᠦᠬᠦ ᠠᠶ᠋ᠢᠮᠠᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠵᠢᠴᠢ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠪᠠ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠱᠠᠭ᠋ᠠᠷᠳᠠᠯᠭ᠎ᠠ ᠵᠢ ᠪᠠᠷᠢᠮᠲᠠᠯᠠᠵᠤ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠴᠠᠭ ᠲᠤᠬᠠᠢ᠎ᠳᠤ᠎ᠨᠢ ᠲᠣᠬᠢᠷᠠᠭᠤᠯᠵᠤ᠂ ᠬᠣᠶᠠᠳᠤᠭ᠋ᠠᠷ ᠠᠵᠤ ᠦᠢ᠍ᠯᠡᠰ᠎ᠤᠨ ᠲᠥᠷᠥᠯ᠎ᠤᠨ ᠲᠤᠰᠬᠠᠢ ᠮᠡᠷᠭᠡᠵᠢᠯ᠎ᠢ ᠤᠰᠤᠲᠠᠢ ᠰᠤᠷᠭ᠋ᠠᠭᠤᠯᠢ ᠵᠢᠨ ᠲᠣᠭᠣᠷᠢᠭ᠎ᠲᠤ ᠲᠥᠪᠯᠡᠷᠡᠭᠦᠯᠦᠨ ᠡᠷᠬᠢᠯᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠲᠤᠰᠬᠠᠢ ᠮᠡᠷᠭᠡᠵᠢᠯ ᠪᠠ ᠨᠠᠰᠤᠨ᠎ᠳᠤ ᠬᠦᠷᠦᠭᠰᠡᠳ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠪᠠᠶᠠᠨᠬᠣᠲᠠ ᠵᠢᠨ ᠰᠤᠷᠭ᠋ᠠᠭᠤᠯᠢ ᠵᠢᠨ ᠲᠣᠭᠣᠷᠢᠭ᠎ᠲᠤ ᠲᠥᠪᠯᠡᠷᠡᠭᠦᠯᠦᠭᠰᠡᠨ ᠰᠤᠷᠭ᠋ᠠᠭᠤᠯᠢ ᠡᠷᠬᠢᠯᠡᠬᠦ ᠪᠠᠢ᠌ᠷᠢᠰᠢᠯᠠᠭᠤᠯᠤᠯᠲᠠ ᠵᠢ ᠦᠨᠳᠦᠰᠦᠨ᠎ᠳᠤ᠎ᠪᠠᠨ ᠪᠦᠷᠢᠳᠦᠭᠦᠯᠪᠡ᠃
      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠰᠤᠷᠭ᠋ᠠᠭᠤᠯᠢ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠭ᠎ᠠ ᠵᠢ ᠶᠡᠬᠡ᠎ᠪᠠᠷ ᠠᠬᠢᠭᠤᠯᠪᠠ᠃ ᠬᠥᠬᠡᠬᠣᠲᠠ᠂ ᠪᠤᠭᠤᠲᠤ᠂ ᠶᠢᠨᠴᠤᠸᠠᠨ᠂ ᠢᠦᠢ᠌ᠯᠢᠨ᠎ᠤ ᠠᠵᠤ ᠠᠬᠤᠢ ᠵᠢᠨ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠣᠯᠪᠣᠭ᠎ᠠ᠎ᠳᠤ ᠢᠳᠡᠪᠬᠢᠲᠡᠢ ᠠᠭᠤᠰᠴᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠲᠠᠢ ᠬᠠᠮᠲᠤᠷᠠᠵᠤ᠂ ᠡᠯᠡᠰᠦᠨ᠎ᠤ ᠠᠵᠤ ᠦᠢ᠍ᠯᠡᠰ᠎ᠤᠨ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠳᠡᠭᠡᠳᠦ ᠰᠤᠷᠭ᠋ᠠᠭᠤᠯᠢ ᠵᠢ ᠫᠠᠶ᠋ᠢᠰᠠ ᠡᠯᠭᠦᠨ ᠪᠠᠶ᠋ᠢᠭᠤᠯᠪᠠ᠃ ᠭᠠᠵᠠᠷ ᠣᠷᠣᠨ ᠠᠯᠤᠰᠯᠠᠨ ᠬᠠᠮᠲᠤᠷᠠᠨ ᠰᠤᠷᠭ᠋ᠠᠭᠤᠯᠢ ᠡᠷᠭᠢᠯᠡᠬᠦ ᠠᠵᠢᠯ ᠲᠠᠰᠤᠷᠠᠯᠲᠠ ᠥᠬᠡᠶ ᠰᠢᠪᠲᠤᠯᠤᠯᠲᠠ᠎ᠲᠠᠢ ᠪᠣᠯᠵᠣ᠂ ᠬᠥᠬᠡᠬᠣᠲᠠ᠂ ᠤᠯᠠᠭ᠋ᠠᠨᠬᠠᠳᠠ ᠬᠣᠲᠠ᠂ ᠲᠦᠩᠯᠢᠶᠣᠤ ᠬᠣᠲᠠ᠂ ᠣᠷᠳᠣᠰ ᠬᠣᠲᠠ ᠵᠡᠷᠭᠡ ᠭᠠᠵᠠᠷ᠎ᠤᠨ ᠰᠤᠷᠭ᠋ᠠᠭᠤᠯᠢ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠪᠥᠷ ᠮᠣᠩᠭᠣᠯ᠂ ᠨᠢᠩᠰᠢᠶᠠ ᠵᠡᠷᠭᠡ ᠭᠠᠵᠠᠷ᠎ᠤᠨ ᠰᠤᠷᠭ᠋ᠠᠭᠤᠯᠢ᠎ᠯᠤᠭ᠎ᠠ ᠬᠠᠮᠲᠤᠷᠠᠨ ᠰᠤᠷᠭ᠋ᠠᠭᠤᠯᠢ ᠡᠷᠭᠢᠯᠡᠬᠦ ᠵᠢ ᠥᠷᠨᠢᠭᠦᠯᠵᠦ᠂ ᠲᠣᠭᠲᠠᠪᠤᠷᠢᠲᠠᠶ ᠰᠣᠷᠣᠭᠴᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃ ᠠᠯᠠᠱ᠌ᠠ ᠵᠡᠭᠦᠨ ᠬᠣᠰᠢᠭᠤ᠎ᠲᠠᠢ ᠬᠠᠮᠲᠤᠷᠠᠨ ᠠᠯᠠᠱ᠌ᠠ ᠬᠣᠱ᠌ᠤᠳ ᠬᠣᠰᠢᠭᠤᠨ᠎ᠤ ᠲᠡᠦᠬᠡ ᠵᠢᠨ ᠳᠠᠩᠰᠠ ᠡᠪᠬᠡᠮᠡᠯ᠎ᠤᠨ ᠣᠷᠳᠣᠨ᠎ᠢ ᠪᠠᠶ᠋ᠢᠭᠤᠯᠵᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠠᠪᠴᠠᠩ᠎ᠢ ᠪᠠᠶ᠋ᠢᠭᠤᠯᠵᠤ᠂ ᠰᠣᠶᠣᠯ᠎ᠤᠨ ᠠᠭᠤᠯᠭ᠎ᠠ ᠵᠢ   ᠪᠠᠶᠠᠯᠢᠭᠵᠢᠭᠤᠯᠪᠠ᠃



      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠤᠷᠭ᠋ᠠᠭᠤᠯᠢ ᠡᠷᠬᠢᠯᠡᠬᠦ ᠣᠨᠴᠠᠯᠢᠭ ᠵᠶ᠋ᠠᠨ ᠳᠣᠪᠣᠶ᠋ᠢᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠢ ᠪᠣᠯᠭ᠋ᠠᠬᠤ ᠬᠥᠮᠦᠵᠢᠯ᠎ᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠪᠠ᠃ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠷᠠᠯᠢᠭ᠎ᠤᠨ ᠵᠢᠷᠤᠭ ᠲᠥᠯᠥᠪᠯᠡᠭᠡ᠂ ᠵᠤᠭ᠋ᠠᠴᠠᠯ᠎ᠤᠨ ᠬᠠᠮᠢᠶᠠᠷᠤᠯᠲᠠ᠂ ᠱᠤᠭᠤᠮᠠᠯ ᠤᠷᠠᠯᠢᠭ ᠵᠡᠷᠭᠡ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ᠎ᠳᠤ ᠠᠭᠤᠰᠠᠬᠬᠤ ᠵᠢ ᠴᠢᠬᠤᠯᠠᠴᠢᠯᠠᠵᠤ᠂ ᠮᠣᠩᠭᠣᠯ ᠡᠮ᠎ᠤᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠪᠠ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠨ᠂ ᠮᠣᠩᠭᠣᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠣᠯᠪᠠᠰᠤᠷᠠᠭᠤᠯᠤᠯ᠎ᠤᠨ ᠰᠣᠷᠢᠯᠲᠠ ᠵᠢᠨ ᠥᠷᠲᠡᠭᠡ ᠵᠢ ᠪᠠᠶ᠋ᠢᠭᠤᠯᠵᠤ᠂ ᠵᠢᠯ ᠪᠦᠷᠢ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠂ ᠮᠣᠩᠭᠣᠯ ᠬᠡᠯᠡᠨ᠎ᠤ ᠪᠣᠯᠪᠠᠰᠤᠷᠠᠭᠤᠯᠤᠯ ᠪᠠ ᠰᠢᠯᠭ᠋ᠠᠯᠲᠠ ᠵᠢ 2000 ᠭᠠᠷᠤᠶ ᠬᠥᠮᠦᠨ ᠤᠳᠠᠭ᠎ᠠ ᠡᠷᠭᠢᠯᠡᠪᠡ᠃ ᠦᠨᠳᠦᠰᠦᠲᠡᠨ᠎ᠤ ᠲᠣᠭᠯᠠᠯᠲᠠ ᠵᠢᠨ ᠤᠷᠠᠯᠢᠭ᠎ᠤᠨ ᠲᠤᠰᠬᠠᠶ ᠮᠡᠷᠭᠡᠵᠢᠯ᠎ᠢ ᠰᠢᠨ᠎ᠡ᠎ᠪᠠᠷ ᠨᠡᠮᠡᠭᠳᠡᠭᠦᠯᠵᠦ᠂ ᠠᠯᠠᠱ᠌ᠠ ᠠᠶ᠋ᠢᠮᠠᠭ᠎ᠤᠨ ᠤᠯᠠᠭ᠋ᠠᠨᠮᠥ᠋ᠴᠢᠷ᠎ᠤᠨ ᠤᠷᠠᠯᠢᠭ᠎ᠤᠨ ᠴᠢᠳᠠᠪᠤᠷᠢᠲᠠᠨ᠎ᠤ ᠰᠤᠷᠤᠯᠭ᠎ᠠ ᠵᠢᠨ ᠨᠠᠮᠲᠠᠷ᠎ᠢ ᠳᠡᠭᠡᠭᠰᠢᠯᠡᠭᠦᠯᠬᠦ ᠵᠡᠷᠭᠡ ᠠᠰᠠᠭᠤᠳᠠᠯ᠎ᠢ ᠰᠢᠢ᠍ᠢ᠍ᠳᠪᠦᠷᠢᠯᠡᠬᠦ᠎ᠳᠤ ᠦᠢ᠍ᠯᠡᠴᠢᠯᠡᠭᠡᠨ᠎ᠤ ᠪᠠᠲᠤᠯᠠᠭ᠎ᠠ ᠵᠢ ᠬᠠᠩᠭ᠋ᠠᠪᠠ᠃ ᠪᠠᠰᠠ ᠠᠯᠠᠱ᠌ᠠ ᠵᠢᠨ ᠬᠡᠪᠢᠰ᠎ᠤᠨ ᠭᠠᠷ ᠤᠷᠠᠯᠠᠯ᠎ᠤᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠵᠡᠷᠭᠡ ᠵᠢ ᠪᠠᠶ᠋ᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠶ ᠤᠯᠠᠮᠵᠢᠯᠠᠨ ᠵᠠᠯᠭ᠋ᠠᠮᠵᠢᠯᠠᠪᠠ᠃
      ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠰᠢᠨ᠎ᠡ ᠲᠡᠦᠬᠡ ᠵᠢᠨ ᠭᠠᠷᠤᠭ᠎ᠠ᠎ᠳᠤ ᠨᠡᠩ ᠡᠷᠡᠰ ᠪᠠᠲᠤ ᠢᠲᠡᠭᠡᠯ ᠪᠢᠰᠢᠷᠡᠯ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠂ ᠨᠡᠩ ᠢᠳᠡᠷᠡᠭᠦᠨ ᠠᠯᠬᠤᠭ᠎ᠠ᠎ᠪᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠬᠦᠰᠡᠯ ᠵᠶ᠋ᠠᠨ ᠪᠡᠶᠡᠯᠡᠭᠦᠯᠬᠦ ᠰᠢᠨ᠎ᠡ ᠠᠶᠠᠯᠠᠯ᠎ᠳᠤ᠎ᠪᠠᠨ ᠮᠣᠷᠳᠠᠯ᠎ᠠ᠃
     
   



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ᠎ᠬᠢᠨ 《ᠣᠭ ᠰᠠᠨᠠᠭ᠎ᠠ᠎ᠪᠠᠨ ᠮᠠᠷᠲᠠᠬᠤ ᠦᠭᠡᠢ》 ᠭᠡᠬᠦ ᠳᠠᠭᠤᠤ ᠵᠢ ᠬᠠᠩᠭᠢᠨᠠᠭᠤᠯᠪᠠ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠦᠰᠡᠯ ᠵᠡᠭᠦᠳᠦ᠎ᠳᠤ᠎ᠪᠠᠨ ᠲᠡᠮᠡᠦᠯᠦᠨᠡᠮ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠲᠠᠯ᠎ᠠ ᠨᠤᠲᠤᠭ᠎ᠠᠴᠠ ᠪᠡᠭᠡᠵᠢᠩ ᠵᠶ᠋ᠠᠨ ᠪᠠᠷᠠᠯᠠᠨ᠎ᠠ》 ᠭᠡᠬᠦ ᠳᠠᠭᠤᠤ ᠬᠠᠩᠭᠢᠨᠠᠨᠠᠮ
ᠪᠤᠭᠤᠲᠤ ᠵᠢᠨ ᠪᠤᠯᠤᠳ ᠲᠡᠮᠦᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠳᠤᠮᠳᠠᠳᠤ ᠤᠯᠤᠰ ᠳᠤᠮᠳᠠᠳᠤ ᠤᠯᠠᠭ᠋ᠠᠨ ᠨᠠᠷᠠᠨ ᠦᠨᠢᠲᠡ ᠮᠠᠨᠳᠤᠨ᠎ᠠ》 ᠭᠡᠬᠦ ᠳᠠᠭᠤᠤ ᠵᠢ ᠬᠠᠩᠭᠢᠨᠠᠭᠤᠯᠪᠠ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠠᠴᠠ 《ᠲᠠᠯ᠎ᠠ ᠨᠤᠲᠤᠭ᠎ᠤᠨ ᠥᠷᠯᠥᠭᠡ ᠵᠢᠨ ᠤᠶᠠᠩᠭ᠎ᠠ》 ᠭᠡᠬᠦ ᠳᠠᠭᠤᠤ ᠬᠠᠩᠭᠢᠨᠠᠨᠠᠮ
 
             蒙ICP备05000248号