ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
—《ᠬᠦᠰᠡᠯ ᠵᠡᠭᠦᠳᠦᠳᠤᠪᠠᠨ ᠲᠡᠮᠡᠦᠯᠦᠨᠡᠮ》
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ
ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠣᠪᠴᠢ ᠲᠠᠨᠢᠯᠴᠠᠭᠤᠯᠭ᠎ᠠ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠦᠵᠡᠰᠬᠦᠯᠡᠩᠲᠦ ᠰᠠᠶ᠋ᠢᠬᠠᠨ ᠬᠥᠬᠡᠬᠣᠲᠠ ᠵᠢᠨ ᠳᠠᠯᠠᠨ ᠬᠠᠷ᠎ᠠ ᠠᠭᠤᠯᠠ ᠵᠢᠨ ᠬᠣᠷᠮᠣᠶ᠎ᠳᠤ ᠪᠠᠶ᠋ᠢᠷᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠰᠢᠭᠤᠳ ᠬᠠᠷᠢᠶᠠᠯᠠᠭᠳᠠᠬᠤ ᠢᠯᠡ ᠲᠣᠳᠣ ᠬᠢᠮᠢ ᠵᠢᠨ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠮᠠᠲ᠋ᠧᠷᠢᠶᠠᠯ᠎ᠤᠨ ᠠᠵᠢᠯ ᠲᠥᠷᠥᠯ᠎ᠤᠨ ᠣᠨᠴᠠᠯᠢᠭ ᠵᠢᠴᠢ ᠮᠡᠷᠭᠡᠵᠢᠯ ᠵᠶ᠋ᠠᠷ ᠳᠠᠪᠠᠭᠤᠯᠢᠭ ᠤᠯᠤᠰ᠎ᠠᠴᠠ ᠡᠷᠭᠢᠯᠡᠭᠰᠡᠨ ᠪᠦᠬᠦᠯᠢ ᠡᠳᠦᠷ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠲᠣᠰ ᠰᠤᠷᠭ᠋ᠠᠭᠤᠯᠢ᠎ᠨᠢ 1978 ᠣᠨ᠎ᠳᠤ ᠪᠠᠶ᠋ᠢᠭᠤᠯᠤᠭᠳᠠᠭᠰᠠᠨ ᠥᠪᠥᠷ ᠮᠣᠩᠭᠣᠯ᠎ᠤᠨ ᠴᠢᠯᠠᠭᠤᠨ ᠲᠣᠰᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠰᠤᠷᠭ᠋ᠠᠭᠤᠯᠢ ᠪᠠ 1979 ᠣᠨ᠎ᠳᠤ ᠪᠠᠶ᠋ᠢᠭᠤᠯᠤᠭᠳᠠᠭᠰᠠᠨ ᠥᠪᠥᠷ ᠮᠣᠩᠭᠣᠯ᠎ᠤᠨ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ ᠵᠢᠨ ᠰᠤᠷᠭ᠋ᠠᠭᠤᠯᠢ ᠵᠢ 2003 ᠣᠨ᠎ᠳᠤ ᠨᠡᠶ᠋ᠢᠯᠡᠭᠦᠯᠦᠭᠡᠳ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠭ᠋ᠠᠨ ᠪᠠᠢ᠌ᠭᠤᠯᠤᠭᠰᠠᠨ ᠶᠤᠮ᠃

ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠭᠦᠨᠵᠡᠭᠡᠶ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠭᠢᠯᠡᠬᠦ ᠴᠢᠭᠯᠡᠯ᠎ᠢ ᠪᠠᠲᠤᠳᠬᠠᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠰ᠎ᠲᠤ ᠦᠨᠳᠦᠰᠦᠯᠡᠨ ᠲᠤᠰᠬᠠᠶ ᠮᠡᠷᠭᠡᠵᠢᠯ᠎ᠢ ᠪᠠᠢ᠌ᠭᠤᠯᠵᠤ᠂ ᠣᠷᠣᠨ ᠨᠤᠲᠤᠭ᠎ᠲᠤ ᠰᠠᠭᠤᠷᠢᠯᠠᠵᠤ᠂ ᠪᠥᠬᠥ ᠤᠯᠤᠰ᠎ᠲᠤ ᠬᠠᠨᠳᠤᠭᠤᠯᠤᠨ᠂ ᠪᠦᠬᠦᠯᠢ ᠡᠳᠦᠷ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠵᠶ᠋ᠠᠷ ᠭᠣᠣᠯᠯᠠᠭᠤᠯᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠪ ᠵᠶ᠋ᠠᠷ ᠦᠯᠡᠳᠡᠭᠡᠵᠦ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠦᠷᠭᠦᠯᠵᠢᠯᠡᠭᠰᠡᠨ ᠰᠤᠷᠭ᠋ᠠᠨ ᠬᠥᠮᠦᠵᠢᠯ ᠪᠠ ᠨᠡᠶ᠋ᠢᠭᠡᠮ᠎ᠤᠨ ᠪᠣᠯᠪᠠᠰᠤᠷᠠᠭᠤᠯᠤᠯ᠎ᠢ ᠵᠡᠷᠭᠡ᠎ᠪᠠᠷ ᠴᠢᠬᠤᠯᠠᠴᠢᠯᠠᠭᠰᠠᠨ ᠣᠯᠠᠨ ᠲᠠᠰ ᠳᠠᠪᠬᠤᠷᠭ᠋ᠠᠲᠤ᠂ ᠣᠯᠠᠨ ᠬᠡᠯᠪᠡᠷᠢᠲᠦ ᠰᠤᠷᠭ᠋ᠠᠭᠤᠯᠢ ᠡᠷᠭᠢᠯᠡᠬᠦ ᠪᠠᠢ᠌ᠷᠢᠰᠢᠯᠠᠭᠤᠯᠤᠯᠲᠠ ᠵᠢ ᠪᠠᠶ᠋ᠢᠭᠤᠯᠪᠠ᠃
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠠᠭᠤᠯᠤᠭᠳᠠᠬᠤᠨ᠎ᠤ ᠪᠠᠶ᠋ᠢᠭᠤᠯᠤᠯᠲᠠ᠎ᠪᠠᠨ ᠲᠠᠰᠤᠷᠠᠯᠲᠠ ᠥᠬᠡᠶ ᠴᠢᠩᠭ᠋ᠠᠳᠬᠠᠵᠤ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠂ ᠪᠠᠶ᠋ᠢᠭᠤᠯᠤᠯ᠎ᠤᠨ ᠰᠢᠨ᠎ᠡ ᠵᠢ ᠡᠭᠦᠳᠬᠦ ᠵᠢ ᠢᠳᠡᠪᠬᠢᠲᠡᠶ ᠠᠬᠢᠭᠤᠯᠵᠤ᠂ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠵᠤ᠂ ᠬᠡᠪ ᠪᠣᠯᠪᠠᠰᠤᠷᠠᠯ᠎ᠤᠨ ᠰᠤᠷᠭ᠋ᠠᠨ ᠬᠥᠮᠦᠵᠢᠯ ᠵᠶ᠋ᠠᠷ ᠬᠠᠷᠠᠯᠲᠠ᠎ᠪᠠᠨ ᠪᠣᠯᠭ᠋ᠠᠵᠤ᠂ ᠴᠢᠳᠠᠪᠤᠷᠢ ᠵᠢ ᠬᠥᠮᠦᠵᠢᠭᠦᠯᠬᠦ᠎ᠪᠠᠷ ᠵᠣᠷᠢᠯᠲᠠ᠎ᠪᠠᠨ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠥᠨᠳᠥᠷ ᠬᠡᠪ ᠪᠣᠯᠪᠠᠰᠤᠷᠠᠯ ᠪᠥᠬᠥᠶ ᠮᠡᠷᠭᠡᠵᠢᠯ ᠴᠢᠳᠠᠪᠤᠷᠢ ᠬᠣᠣᠰᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠢᠯᠡ ᠲᠣᠳᠣ ᠰᠤᠷᠭ᠋ᠠᠭᠤᠯᠢ ᠡᠷᠭᠢᠯᠡᠬᠦ ᠣᠨᠴᠠᠯᠢᠭ᠎ᠢ ᠪᠣᠶ ᠪᠣᠯᠭ᠋ᠠᠪᠠ᠃
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠢᠮᠠᠭᠲᠠ 《ᠶᠣᠰᠣ ᠮᠣᠷᠠᠯ᠎ᠢ ᠡᠷᠬᠢᠮᠯᠡᠨ ᠡᠷᠳᠡᠮ ᠮᠡᠳᠡᠯᠭᠡ ᠵᠢ ᠲᠦᠭᠡᠮᠡᠯᠵᠢᠭᠦᠯᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠬᠤ》 ᠰᠤᠷᠭ᠋ᠠᠭᠤᠯᠢ ᠵᠢᠨ ᠰᠤᠷᠭ᠋ᠠᠯ᠎ᠢ ᠵᠢᠷᠤᠮᠯᠠᠨ᠂ ᠴᠢᠨᠠᠷ ᠵᠶ᠋ᠠᠷ ᠲᠡᠷᠢᠭᠦᠨ ᠵᠡᠷᠭᠡ ᠵᠢᠨ ᠣᠨᠴᠠᠯᠢᠭ ᠵᠶ᠋ᠠᠷ ᠢᠯᠡ ᠲᠣᠳᠣ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠥᠲᠥᠭᠡᠨ ᠪᠠᠶ᠋ᠢᠭᠤᠯᠬᠤ ᠰᠤᠷᠭ᠋ᠠᠭᠤᠯᠢ ᠡᠷᠭᠢᠯᠡᠬᠦ ᠬᠠᠷᠠᠯᠲᠠ ᠵᠢᠨ ᠲᠣᠭᠣᠷᠢᠨ᠎ᠳᠤ ᠴᠢᠳᠠᠪᠤᠷᠢᠲᠠᠨ᠎ᠢ ᠬᠥᠮᠦᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠨᠡᠶ᠋ᠢᠭᠡᠮ᠎ᠤᠨ ᠦᠢ᠍ᠯᠡᠴᠢᠯᠡᠭᠡ᠂ ᠰᠣᠶᠣᠯ᠎ᠤᠨ ᠤᠯᠠᠮᠵᠢᠯᠠᠯ᠂ ᠣᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠡᠯ᠎ᠡ ᠬᠦᠷᠢᠶᠡᠨ᠎ᠳᠤ ᠰᠠᠶ᠋ᠢᠨ ᠰᠠᠶ᠋ᠢᠬᠠᠨ ᠬᠥᠭᠵᠢᠯᠲᠡ ᠵᠢᠨ ᠪᠠᠶ᠋ᠢᠳᠠᠯ ᠵᠶ᠋ᠠᠨ ᠪᠠᠲᠤᠯᠠᠵᠤ᠂ ᠣᠷᠳᠣ ᠬᠤᠭᠤᠴᠠᠭ᠋ᠠᠨ᠎ᠤ ᠪᠥᠲᠥᠭᠡᠨ ᠪᠠᠶ᠋ᠢᠭᠤᠯᠤᠯᠲᠠ᠂ ᠬᠥᠭᠵᠢᠯᠲᠡ᠎ᠪᠠᠷ ᠳᠡᠮᠵᠢᠨ᠂ ᠨᠡᠶ᠋ᠢᠲᠡ 7 ᠲᠦᠮᠡ ᠭᠠᠷᠤᠶ ᠮᠡᠷᠭᠡᠵᠢᠯ ᠴᠢᠳᠠᠪᠤᠷᠢ ᠬᠣᠣᠰᠯᠠᠭᠰᠠᠨ ᠴᠢᠳᠠᠪᠤᠷᠢᠲᠠᠨ᠎ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠤᠯᠤᠰ᠎ᠤᠨ ᠭᠣᠣᠯᠯᠠᠭᠴᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠤᠯᠤᠰ᠎ᠤᠨ ᠬᠣᠣᠰ ᠥᠨᠳᠥᠷ ᠲᠥᠯᠥᠪᠯᠡᠭᠡᠨ᠎ᠤ ᠪᠥᠲᠦᠭᠡᠨ ᠪᠠᠶ᠋ᠢᠭᠤᠯᠤᠯᠲᠠ ᠵᠢᠨ ᠨᠢᠭᠡᠴᠢ᠂ ᠰᠤᠷᠭ᠋ᠠᠨ ᠬᠥᠮᠦᠵᠢᠯ᠎ᠤᠨ ᠶᠠᠮᠤᠨ᠎ᠤ ᠳᠣᠲᠣᠭ᠋ᠠᠳᠤ ᠵᠢᠨ ᠴᠢᠨᠠᠷ ᠴᠢᠨᠰᠠᠭ᠎ᠠ ᠵᠢ ᠣᠨᠣᠰᠢᠯᠠᠬᠤ ᠪᠠ ᠰᠠᠶ᠋ᠢᠵᠢᠷᠠᠭᠤᠯᠬᠤ ᠠᠵᠢᠯ᠎ᠤᠨ ᠲᠤᠷᠰᠢᠯᠲᠠ ᠵᠢᠨ ᠨᠢᠭᠡᠴᠢ᠂ ᠰᠤᠷᠭ᠋ᠠᠨ ᠬᠥᠮᠦᠵᠢᠯ᠎ᠤᠨ ᠶᠠᠮᠤᠨ᠎ᠤ ᠣᠳᠣ ᠦᠶ᠎ᠡ ᠵᠢᠨ ᠱᠠᠪᠢᠯᠠᠬᠤ ᠳᠦᠷᠢᠮᠲᠦ ᠲᠤᠷᠰᠢᠯᠲᠠ ᠵᠢᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠂ ᠤᠷᠢᠳ ᠬᠣᠵᠢᠳ ᠪᠦᠬᠦ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠡᠷᠢᠭᠦᠨ᠎ᠤ ᠨᠢᠭᠡᠴᠢ᠂ ᠪᠥᠬᠥ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠣᠯᠭᠣᠯᠲᠠ ᠵᠢ ᠵᠢᠯᠣᠭᠣᠳᠬᠤ ᠲᠡᠷᠢᠭᠦᠨ᠎ᠤ ᠨᠢᠭᠡᠴᠢ᠂ ᠪᠦᠬᠦ ᠤᠯᠤᠰ᠎ᠤᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠣᠨᠴᠠᠯᠢᠭᠲᠤ ᠰᠤᠷᠭ᠋ᠠᠭᠤᠯᠢ᠂ ᠪᠦᠬᠦ ᠤᠯᠤᠰ᠎ᠤᠨ ᠬᠠᠮᠤᠭ᠎ᠤᠨ ᠬᠦᠷᠢᠶᠡᠯᠡᠯ᠎ᠲᠠᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠪᠦᠬᠦ ᠣᠷᠣᠨ᠎ᠤ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠨᠢᠭᠡᠴᠢ ᠵᠢᠨ ᠵᠢᠱ᠌ᠢᠶᠡᠴᠢ᠂ ᠥᠪᠡᠷᠲᠡᠭᠡᠨ ᠵᠠᠰᠠᠬᠤ ᠣᠷᠣᠨ᠎ᠤ 《5.1》᠎ᠤ ᠬᠥᠳᠡᠯᠮᠦᠷᠢ ᠵᠢᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠪᠠ ᠪᠣᠯᠪᠠᠰᠤᠷᠠᠭᠤᠯᠤᠯ᠎ᠤᠨ ᠲᠡᠷᠢᠭᠦᠨ᠎ᠤ ᠳᠡᠭᠡᠳᠦ ᠰᠤᠷᠭ᠋ᠠᠭᠤᠯᠢ᠂ ᠪᠦᠬᠦ ᠣᠷᠣᠨ᠎ᠤ ᠳᠡᠳᠬᠦᠨ ᠲᠤᠰᠠᠯᠠᠬᠤ ᠠᠵᠢᠯ᠎ᠤᠨ ᠲᠡᠷᠢᠭᠦᠨ᠎ᠤ ᠬᠠᠮᠲᠤ ᠨᠡᠢ᠌ᠲᠡ᠂ ᠪᠦᠬᠦ ᠣᠷᠣᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠲᠡᠷᠢᠭᠦᠨ᠎ᠤ ᠬᠠᠮᠲᠤ ᠨᠡᠢ᠌ᠲᠡ᠂ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠴᠡᠷᠢᠭ ᠡᠯᠰᠡᠬᠦ ᠠᠵᠢᠯ᠎ᠤᠨ ᠲᠡᠷᠢᠭᠦᠨ᠎ᠤ ᠬᠠᠮᠲᠤ ᠨᠡᠢ᠌ᠲᠡ᠂ ᠪᠦᠬᠦ ᠣᠷᠣᠨ᠎ᠤ ᠰᠤᠷᠤᠭᠴᠢᠳ᠎ᠤᠨ ᠠᠵᠢᠯ᠎ᠤᠨ ᠲᠡᠷᠢᠭᠦᠨ᠎ᠤ ᠨᠢᠭᠡᠴᠢ ᠵᠡᠷᠭᠡ ᠢᠷᠠᠭᠤ ᠠᠯᠳᠠᠷ᠎ᠤᠨ ᠴᠣᠯᠠ ᠵᠢ ᠭᠦᠷᠲᠡᠪᠡ᠃
ᠰᠤᠷᠭ᠋ᠠᠭᠤᠯᠢ ᠡᠷᠬᠢᠯᠡᠬᠦ ᠨᠥᠬᠥᠴᠡᠯ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠵᠡᠯᠡᠵᠦ ᠪᠠᠶ᠋ᠢᠭ᠎ᠠ ᠭᠠᠵᠠᠷ᠎ᠨᠢ 827 ᠮᠦ᠍᠂ ᠭᠡᠷ ᠪᠠᠷᠢᠯᠭ᠎ᠠ ᠵᠢᠨ ᠲᠠᠯᠠᠪᠠᠶ᠎ᠨᠢ 30 . 8 ᠲᠥᠮᠡᠨ ᠺᠣᠸᠠᠲ ᠮᠧᠲᠷ᠂ ᠲᠣᠭᠲᠠᠮᠠᠯ ᠬᠥᠷᠥᠩᠭᠡ ᠵᠢᠨ ᠶᠡᠷᠦᠩᠬᠡᠶ ᠥᠷᠲᠡᠭ᠎ᠨᠢ 9 . 98 ᠳ᠋ᠦᠩᠰᠢᠭᠤᠷ ᠲᠥᠭᠥᠷᠢᠭ ᠪᠠᠶ᠋ᠢᠵᠤ᠂ ᠡᠭᠦᠨ᠎ᠳᠤ ᠵᠢᠭ᠋ᠠᠨ ᠰᠤᠷᠭ᠋ᠠᠯᠲᠠ ᠵᠢᠨ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ᠎ᠨᠢ 2 . 72 ᠳ᠋ᠦᠩᠰᠢᠭᠤᠷ ᠲᠥᠭᠥᠷᠢᠭ᠂ ᠨᠣᠮ᠎ᠤᠨ ᠰᠠᠩ᠎ᠳᠤ ᠬᠠᠳᠠᠭ᠋ᠠᠯᠠᠵᠤ ᠪᠠᠶ᠋ᠢᠭ᠎ᠠ ᠨᠣᠮ ᠪᠢᠴᠢᠭ 63 . 1 ᠲᠦᠮᠡᠨ ᠳᠡᠪᠲᠡᠷ᠂ ᠡᠯᠧᠺᠲᠷᠣᠨ ᠨᠣᠮ ᠪᠢᠴᠢᠭ 30 ᠲᠦᠮᠡᠨ ᠳᠡᠪᠲᠡᠷ ᠪᠤᠶ; ᠲᠣᠭ᠋ᠠᠴᠢᠯᠠᠭᠰᠠᠨ ᠰᠤᠷᠭ᠋ᠠᠭᠤᠯᠢ ᠵᠢᠨ ᠬᠦᠷᠢᠶᠡᠨ᠎ᠤ ᠰᠠᠭᠤᠷᠢ ᠲᠥᠬᠥᠭᠡᠷᠦᠮᠵᠢ ᠲᠡᠭᠦᠯᠳᠡᠷᠵᠢᠵᠦ᠂ ᠰᠤᠷᠭ᠋ᠠᠭᠤᠯᠢ᠎ᠳᠤ ᠣᠳᠣ ᠪᠠᠶ᠋ᠢᠭ᠎ᠠ ᠰᠣᠷᠣᠭᠴᠢ 11078᠂ ᠡᠯ᠎ᠡ ᠲᠥᠷᠥᠯ᠎ᠤᠨ ᠰᠤᠷᠭ᠋ᠠᠭᠤᠯᠢ ᠡᠷᠭᠢᠯᠡᠬᠦ ᠨᠥᠬᠥᠴᠡᠯ᠎ᠨᠢ ᠴᠥᠮ ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠭᠰᠠᠨ ᠰᠤᠷᠭ᠋ᠠᠭᠤᠯᠢ ᠡᠷᠭᠢᠯᠡᠬᠦ ᠪᠠᠷᠢᠮᠵᠢᠶ᠎ᠠ᠎ᠳᠤ ᠬᠥᠷᠪᠡ᠃

ᠪᠠᠭᠰᠢ ᠵᠢᠨ ᠡᠩᠨᠡᠭᠡ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠡᠭᠡᠳᠦ ᠲᠡᠰ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠪᠠ᠃ ᠣᠳᠣ ᠪᠠᠭᠰᠢ ᠠᠵᠢᠯᠲᠠᠨ ᠠᠵᠢᠯᠴᠢᠨ 563᠂ ᠡᠭᠦᠨ᠎ᠳᠤ ᠲᠤᠰᠬᠠᠶ ᠪᠠᠭᠰᠢ 367᠂ ᠰᠤᠷᠭ᠋ᠠᠭᠤᠯᠢ ᠵᠢᠨ ᠬᠢᠴᠢᠶᠡᠯ ᠬᠠᠪᠰᠤᠷᠭ᠋ᠠᠭᠰᠠᠨ ᠪᠠᠭᠰᠢ 71᠂ ᠳᠡᠳ᠋ ᠳᠡᠭᠡᠳᠦ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠤᠯᠠᠲᠠᠢ ᠪᠠᠭᠰᠢ 192 ᠪᠠᠶ᠋ᠢᠵᠤ᠂ 38 . 6 % ᠵᠢ ᠡᠵᠡᠯᠡᠵᠦ ᠪᠣᠶ; ᠫᠷᠤᠹᠧᠰᠰᠤᠷ 32 ᠪᠠᠶ᠋ᠢᠵᠤ᠂ 7 . 3 % ᠵᠢ ᠡᠵᠡᠯᠡᠵᠦ ᠪᠣᠶ; ᠮᠠᠰᠲ᠋ᠧᠷ᠎ᠠᠴᠠ ᠳᠡᠭᠡᠭᠰᠢ ᠡᠷᠳᠡᠮ᠎ᠤᠨ ᠴᠤᠯᠠᠲᠠᠢ ᠲᠤᠰᠬᠠᠶ ᠪᠠᠭᠰᠢ 212 ᠪᠠᠢ᠌ᠵᠤ᠂ 57 . 7 % ᠵᠢ ᠡᠵᠡᠯᠡᠵᠦ ᠪᠣᠶ; ᠡᠭᠦᠨ᠎ᠳᠤ ᠳ᠋ᠣᠺᠲ᠋ᠣᠷ 12 ᠪᠠᠶ᠋ᠢᠵᠤ᠂ 3 . 3 % ᠵᠢ ᠡᠵᠡᠯᠡᠵᠦ ᠪᠣᠶ; ᠬᠤᠤᠰ ᠪᠠᠭᠰᠢ ᠵᠢᠨ ᠬᠡᠪ ᠪᠣᠯᠪᠠᠰᠤᠷᠠᠯ᠎ᠲᠠᠢ ᠪᠠᠭᠰᠢ 237 ᠪᠠᠶ᠋ᠢᠵᠤ᠂ 59 . 3 % ᠵᠢ ᠡᠵᠡᠯᠡᠵᠦ ᠪᠣᠶ᠃ ᠪᠥᠬᠥ ᠤᠯᠤᠰ᠎ᠤᠨ 《ᠲᠦᠮᠡᠨ ᠬᠥᠮᠦᠨ᠎ᠤ ᠲᠥᠯᠥᠪᠯᠡᠭᠡ》 ᠵᠢᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 1᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢ ᠬᠦᠷᠲᠡᠭᠴᠢ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠠᠰ᠎ᠤᠨ ᠬᠥᠳᠡᠯᠮᠦᠷᠢ ᠵᠢᠨ ᠵᠢᠱ᠌ᠢᠶᠡᠴᠢ 2᠂ 《5.1》᠎ᠤ ᠬᠥᠳᠡᠯᠮᠦᠷᠢ ᠵᠢᠨ ᠵᠢᠱ᠌ᠢᠶᠡᠴᠢ ᠵᠢᠨ ᠱᠠᠩᠨᠠᠯ ᠬᠦᠷᠲᠡᠭᠴᠢ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 14᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠢᠳᠡᠭ ᠪᠠᠭᠰᠢ 3᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨ᠎ᠡ ᠪᠠᠭᠰᠢ 12 ᠪᠣᠶ᠃ ᠪᠥᠬᠥ ᠤᠯᠤᠰ᠎ᠤᠨ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 3 ᠪᠣᠢ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠪᠦᠯᠬᠦᠮ ᠨᠡᠶ᠋ᠢᠲᠡ 14 ᠪᠣᠶ᠃
ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠭᠣᠣᠯᠯᠠᠭᠴᠢ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠷ ᠳᠠᠶ᠋ᠢᠴᠢᠯᠠᠬᠤ ᠵᠢ ᠪᠠᠷᠢᠮᠲᠠᠯᠠᠵᠤ᠂ ᠲᠤᠰᠬᠠᠶ ᠮᠡᠷᠭᠡᠵᠢᠯ᠎ᠤᠨ ᠬᠠᠮᠵᠢᠯᠴᠠᠨ ᠬᠥᠭᠵᠢᠬᠦ ᠵᠢ ᠲᠤᠯᠭ᠋ᠠᠭᠤᠷᠢᠯᠠᠪᠠ᠃ ᠰᠣᠷᠣᠭᠴᠢ ᠡᠯᠰᠡᠬᠦ ᠲᠤᠰᠬᠠᠶ ᠮᠡᠷᠭᠡᠵᠢᠯ 44 ᠵᠢ ᠨᠡᠭᠡᠭᠡᠵᠦ᠂ 《ᠨᠡᠭᠦᠷᠡᠰᠦ ᠪᠣᠯᠪᠠᠰᠤᠷᠠᠭᠤᠯᠬᠤ ᠪᠠ ᠠᠰᠢᠭᠯᠠᠬᠤ᠎ᠪᠠᠷ ᠭᠣᠣᠯᠯᠠᠭᠴᠢ ᠲᠤᠰᠬᠠᠶ ᠮᠡᠷᠭᠡᠵᠢᠯ ᠪᠣᠯᠭ᠋ᠠᠭᠰᠠᠨ ᠬᠢᠮᠢ ᠵᠢᠨ ᠠᠵᠤ ᠦᠢ᠍ᠯᠡᠳᠪᠦᠷᠢ ᠵᠢᠨ ᠣᠨᠴᠠᠯᠢᠭᠲᠤ ᠲᠤᠰᠬᠠᠶ ᠮᠡᠷᠭᠡᠵᠢᠯ᠎ᠤᠨ ᠴᠤᠭᠯᠠᠷᠠᠯ》᠂ 《ᠬᠢᠮᠢ ᠵᠢᠨ ᠠᠵᠤ ᠦᠢ᠍ᠯᠡᠳᠪᠦᠷᠢ ᠵᠢᠨ ᠲᠣᠨᠣᠭ ᠲᠥᠬᠥᠭᠡᠷᠦᠮᠵᠢ ᠵᠢᠨ ᠮᠡᠷᠭᠡᠵᠢᠯ ᠵᠶ᠋ᠠᠷ ᠭᠣᠣᠯᠯᠠᠭᠴᠢ ᠲᠤᠰᠬᠠᠶ ᠮᠡᠷᠭᠡᠵᠢᠯ ᠪᠣᠯᠭ᠋ᠠᠭᠰᠠᠨ ᠮᠠᠰᠢᠨ ᠴᠠᠬᠢᠯᠭ᠋ᠠᠨ᠎ᠤ ᠣᠨᠴᠠᠯᠢᠭᠲᠤ ᠲᠤᠰᠬᠠᠶ ᠮᠡᠷᠭᠡᠵᠢᠯ᠎ᠤᠨ ᠴᠤᠭᠯᠠᠷᠠᠯ》᠂ 《ᠢᠳᠡᠭᠡᠨ᠎ᠤ ᠰᠢᠮ᠎ᠡ ᠲᠡᠵᠢᠭᠡᠯ ᠬᠢᠭᠡᠳ ᠪᠠᠢ᠌ᠴᠠᠭ᠋ᠠᠯᠲᠠ᠎ᠪᠠᠷ ᠭᠣᠣᠯᠯᠠᠭᠴᠢ ᠲᠤᠰᠬᠠᠶ ᠮᠡᠷᠭᠡᠵᠢᠯ ᠪᠣᠯᠭ᠋ᠠᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠨᠴᠠᠯᠢᠭᠲᠤ ᠲᠤᠰᠬᠠᠶ ᠮᠡᠷᠭᠡᠵᠢᠯ᠎ᠤᠨ ᠴᠤᠭᠯᠠᠷᠠᠯ》 ᠵᠡᠷᠭᠡ 3 ᠣᠨᠴᠠᠯᠢᠭᠲᠤ ᠲᠤᠰᠬᠠᠶ ᠮᠡᠷᠭᠡᠵᠢᠯ᠎ᠤᠨ ᠴᠤᠭᠯᠠᠷᠠᠯ᠎ᠢ ᠪᠠᠶ᠋ᠢᠭᠤᠯᠵᠤ᠂ ᠤᠯᠤᠰ᠎ᠤᠨ ᠲᠠᠰ᠎ᠤᠨ ᠭᠣᠣᠯᠳᠠᠯᠭ᠋ᠠᠲᠠᠢ ᠲᠤᠰᠬᠠᠶ ᠮᠡᠷᠭᠡᠵᠢᠯ 6᠂ ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠵᠢ ᠡᠭᠦᠳᠬᠦ ᠠᠵᠢᠯᠯᠠᠭ᠋ᠠᠨ᠎ᠤ ᠲᠥᠯᠥᠪᠯᠡᠭᠡ ᠵᠢᠨ ᠭᠤᠤᠯᠯᠠᠭᠴᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠠᠷᠠᠲᠤ ᠲᠤᠰᠬᠠᠶ ᠮᠡᠷᠭᠡᠵᠢᠯ 14᠂ ᠰᠤᠷᠭ᠋ᠠᠨ ᠬᠥᠮᠦᠵᠢᠯ᠎ᠤᠨ ᠶᠠᠮᠤᠨ᠎ᠤ ᠣᠲᠣ ᠦᠶ᠎ᠡ ᠵᠢᠨ ᠱᠠᠪᠢᠯᠠᠬᠤ ᠳᠦᠷᠢᠮᠲᠦ ᠲᠤᠷᠰᠢᠯᠲᠠ ᠵᠢᠨ ᠲᠤᠰᠬᠠᠶ ᠮᠡᠷᠭᠡᠵᠢᠯ 5᠂ 《1 + X》 ᠳᠤᠷᠰᠢᠯᠲᠠ ᠵᠢᠨ ᠴᠡᠭ᠎ᠤᠨ ᠳᠤᠰᠬᠠᠢ ᠮᠡᠷᠭᠡᠵᠢᠯ 8 ᠪᠣᠢ᠃ ᠰᠤᠷᠭ᠋ᠠᠭᠤᠯᠢ᠎ᠳᠤ ᠤᠯᠤᠰ᠎ᠤᠨ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ ᠭᠡᠬᠦ ᠬᠣᠶᠠᠷ ᠣᠨᠴᠠᠭ᠋ᠠᠶ ᠠᠵᠢᠯ ᠲᠥᠷᠦᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠥᠷᠲᠡᠭᠡ᠎ᠲᠠᠢ ᠪᠠᠶ᠋ᠢᠵᠤ᠂ 26 ᠠᠵᠢᠯ ᠲᠥᠷᠥᠯ᠎ᠤᠨ ᠳᠤᠮᠳᠠ᠂ ᠳᠡᠭᠡᠳᠦ ᠵᠡᠷᠭᠡ ᠵᠢᠨ ᠠᠵᠢᠯᠴᠢᠨ᠎ᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ ᠵᠢᠨ ᠠᠵᠢᠯ᠎ᠢ ᠥᠷᠨᠢᠭᠦᠯᠵᠦ ᠪᠣᠯᠤᠨ᠎ᠠ᠃

ᠴᠢᠳᠠᠪᠤᠷᠢᠲᠠᠨ᠎ᠢ ᠬᠥᠮᠦᠵᠢᠭᠦᠯᠬᠦ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠠᠵᠤ ᠦᠢ᠍ᠯᠡᠳᠪᠦᠷᠢ ᠵᠡᠷᠭᠡ ᠭᠣᠣᠯᠳᠠᠯᠭ᠋ᠠᠲᠠᠢ ᠬᠥᠭᠵᠢᠭᠦᠯᠬᠦ ᠠᠵᠤ ᠦᠢ᠍ᠯᠡᠰ᠎ᠤᠨ ᠥᠨᠳᠥᠷ ᠬᠡᠪ ᠪᠣᠯᠪᠠᠰᠤᠷᠠᠯ ᠪᠦᠬᠦᠢ ᠮᠡᠷᠭᠡᠵᠢᠯ ᠤᠨ ᠮᠠᠶᠢᠭ᠎ᠲᠤ ᠴᠢᠳᠠᠪᠤᠷᠢᠲᠠᠨ᠎ᠤ ᠬᠡᠷᠡᠭᠴᠡᠭᠡᠲᠤ ᠢᠳᠡᠪᠬᠢᠲᠡᠢ ᠵᠣᠬᠢᠴᠠᠵᠤ᠂ ᠥᠪᠡᠷᠲᠡᠭᠡᠨ ᠵᠠᠰᠠᠬᠤ ᠣᠷᠣᠨ᠎ᠤ ᠪᠦᠬᠦ ᠤᠯᠤᠰ᠎ᠤᠨ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶ᠋ᠢᠭᠤᠯᠬᠤ ᠴᠢᠬᠤᠯᠠ ᠠᠵᠠ ᠲᠣᠬᠢᠶᠠᠯ᠎ᠢ ᠴᠢᠩᠭ᠎ᠠ ᠠᠳᠬᠤᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠨᠤᠯᠵᠢᠬᠤᠨ ᠵᠶ᠋ᠠᠨ ᠰᠢᠨᠡᠳᠬᠡᠨ᠂ ᠠᠭᠤᠯᠤᠭᠳᠠᠬᠤᠨ᠎ᠤ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ ᠬᠡᠪ ᠵᠠᠭᠪᠤᠷ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢᠨ ᠭᠦᠨᠵᠡᠭᠡᠢ ᠠᠭᠤᠰᠤᠯᠴᠠᠭ᠎ᠠ ᠵᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠦᠷᠦᠯ᠎ᠤᠨ ᠠᠵᠤ ᠠᠬᠤᠶ᠋ᠢᠯᠠᠯ᠎ᠤᠨ ᠥᠨᠳᠥᠷ ᠬᠡᠪ ᠪᠣᠯᠪᠠᠰᠤᠷᠠᠯ ᠪᠦᠬᠦᠢ ᠮᠡᠷᠭᠡᠵᠢᠯ᠎ᠤᠨ ᠮᠠᠶᠢᠭ᠎ᠲᠤ ᠴᠢᠳᠠᠪᠤᠷᠢᠲᠠᠨ᠎ᠢ ᠬᠥᠮᠦᠵᠢᠭᠦᠯᠬᠦ ᠪᠠ ᠨᠡᠶ᠋ᠢᠭᠡᠮ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠣᠯᠤᠭᠰᠠᠨ ᠪᠠᠶ᠋ᠢᠨ᠎ᠠ᠃ ᠣᠶ᠋ᠢᠷ᠎ᠠ ᠵᠢᠨ ᠲᠠᠪᠤᠨ ᠵᠢᠯ᠎ᠳᠤ᠂ ᠰᠤᠷᠤᠭᠴᠢᠳ ᠤᠯᠤᠰ᠎ᠤᠨ ᠲᠠᠰ᠎ᠤᠨ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠱᠠᠩᠨᠠᠯ 14 ᠵᠢ ᠭᠦᠷᠲᠡᠵᠦ᠂ ᠡᠭᠦᠨ᠎ᠳᠤ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠱᠠᠩᠨᠠᠯ 10᠂ ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠤᠷᠤᠯᠳᠤᠭ᠋ᠠᠨ᠎ᠤ ᠱᠠᠩᠨᠠᠯ 4 ᠵᠢ ᠭᠦᠷᠲᠡᠪᠡ; ᠮᠣᠵᠢ ᠪᠠ ᠶᠠᠮᠤᠨ᠎ᠤ ᠲᠡᠰ᠎ᠤᠨ ᠡᠯ᠎ᠡ ᠲᠥᠷᠥᠯ᠎ᠤᠨ ᠤᠷᠤᠯᠳᠤᠭ᠋ᠠᠨ᠎ᠤ ᠱᠠᠩᠨᠠᠯ 190 ᠭᠠᠷᠤᠶ ᠵᠢ ᠭᠦᠷᠲᠡᠪᠡ᠃ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠰᠤᠷᠤᠭᠴᠢ ᠡᠯᠰᠡᠵᠦ ᠠᠵᠢᠯ ᠣᠯᠭᠣᠬᠤ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠵᠢᠩᠬᠢᠨᠢ ᠠᠩᠭᠢ ᠵᠢᠨ ᠲᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠳᠠᠪᠤᠷᠢ ᠵᠢ ᠴᠢᠩᠭ᠋ᠠᠳᠬᠠᠪᠠ᠃ ᠤᠷᠢᠳ ᠬᠣᠵᠢᠳ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠲᠠᠢ ᠬᠠᠮᠲᠤᠷᠠᠨ ᠲᠤᠰᠬᠠᠶ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠡᠷᠭᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠣᠷᠳᠣᠰ᠎ᠤᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢ ᠡᠷᠭᠢᠯᠡᠪᠡ᠃ ᠰᠣᠷᠣᠭᠴᠢ ᠡᠯᠰᠡᠬᠦ ᠬᠡᠪᠴᠢᠶ᠎ᠡ ᠲᠣᠭᠲᠠᠭᠤᠨ ᠪᠠᠶ᠋ᠢᠵᠤ᠂ ᠵᠢᠯ᠎ᠳᠤ ᠳᠤᠮᠳᠠᠴᠢ᠎ᠪᠠᠷ 3300 ᠣᠷᠴᠢᠮ ᠰᠣᠷᠣᠭᠴᠢ ᠡᠯᠰᠡᠵᠦ᠂ ᠰᠣᠷᠣᠭᠴᠢ ᠵᠢᠨ ᠢᠷᠡᠯᠲᠡ ᠵᠢᠨ ᠴᠢᠨᠠᠷ ᠴᠢᠨᠰᠠᠭ᠎ᠠ ᠲᠣᠭᠲᠠᠭᠤᠨ ᠵᠶ᠋ᠠᠷ ᠳᠡᠭᠡᠭᠰᠢᠯᠡᠪᠡ᠃
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠷᠢ ᠲᠣᠭᠲᠠᠭ᠋ᠠᠯᠲᠠ ᠪᠠ ᠰᠤᠷᠤᠭᠴᠢᠳ᠎ᠤᠨ ᠠᠵᠢᠯ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ 《ᠳᠣᠲᠣᠭ᠋ᠠᠳᠤ᠎ᠳᠤ᠎ᠪᠠᠨ ᠦᠢ᠍ᠯᠡᠴᠢᠯᠡᠬᠦ᠂ ᠭᠠᠳᠠᠭᠰᠢ᠎ᠪᠠᠨ ᠬᠠᠮᠲᠤᠷᠠᠯᠴᠠᠬᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ》 ᠵᠠᠷᠴᠢᠮ ᠵᠶ᠋ᠠᠷ ᠲᠡᠭᠦᠰᠬᠦ ᠰᠤᠷᠤᠭᠴᠢᠳ᠎ᠲᠤ ᠠᠵᠢᠯ ᠣᠯᠭᠣᠬᠤ ᠵᠠᠬ᠎ᠠ ᠳᠡᠯᠭᠡᠭᠦᠷ᠎ᠢ ᠲᠠᠰᠤᠷᠠᠯᠲᠠ ᠥᠬᠡᠶ ᠥᠷᠭᠡᠳᠬᠡᠪᠡ᠃ ᠣᠯᠠᠨ ᠵᠢᠯ᠎ᠤᠨ ᠲᠤᠷᠰᠢ᠂ ᠲᠡᠭᠦᠰᠬᠦ ᠰᠤᠷᠤᠭᠴᠢᠳ᠎ᠤᠨ ᠠᠵᠢᠯ ᠤᠯᠬᠤ ᠵᠠᠬ᠎ᠠ ᠳᠡᠯᠭᠡᠭᠦᠷ᠎ᠤᠨ ᠲᠣᠭ᠎ᠠ ᠲᠠᠰᠤᠷᠠᠯᠲᠠ ᠥᠬᠡᠶ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ᠂ ᠵᠡᠭᠦᠨ ᠬᠣᠶ᠋ᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠶ᠋ᠢᠲᠤ ᠣᠷᠣᠨ ᠵᠡᠷᠭᠡ ᠪᠥᠬᠥ ᠤᠯᠤᠰ᠎ᠤᠨ 7 ᠣᠷᠣᠨ ᠪᠦᠰᠡ ᠵᠢᠨ 29 ᠮᠤᠵᠢ ᠬᠣᠲᠠ ᠵᠢ ᠬᠠᠮᠤᠷᠴᠤ᠂ ᠣᠷᠣᠨ᠎ᠤ ᠳᠣᠲᠣᠷ᠎ᠠ ᠭᠠᠳᠠᠨᠠᠬᠢ 700 ᠭᠠᠷᠤᠶ ᠬᠥᠮᠦᠨ ᠬᠡᠷᠡᠭᠯᠡᠬᠦ ᠨᠢᠭᠡᠴᠢ᠎ᠲᠠᠢ ᠴᠢᠳᠠᠪᠤᠷᠢᠲᠠᠨ᠎ᠤ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠥᠷᠨᠢᠭᠦᠯᠵᠦ᠂ 200 ᠭᠠᠷᠤᠶ ᠬᠥᠮᠦᠨ ᠬᠡᠷᠡᠭᠯᠡᠬᠦ ᠨᠢᠭᠡᠴᠢ᠎ᠲᠠᠢ ᠣᠷᠳᠣ ᠬᠤᠭᠤᠴᠠᠭ᠋ᠠᠨ᠎ᠤ ᠲᠣᠭᠲᠠᠭᠤᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠭᠡᠯᠡᠯᠴᠡᠭᠡᠷ᠎ᠤᠨ ᠬᠤᠷᠠᠯ᠎ᠢ 13 ᠤᠳᠠᠭ᠎ᠠ ᠠᠮᠵᠢᠯᠲᠠ᠎ᠲᠠᠢ ᠡᠷᠭᠢᠯᠡᠪᠡ᠃ ᠲᠡᠭᠦᠰᠬᠦ ᠰᠤᠷᠤᠭᠴᠢᠳ᠎ᠤᠨ ᠠᠩᠬᠠᠨ᠎ᠤ ᠠᠵᠢᠯ ᠣᠯᠭᠣᠯᠲᠠ ᠵᠢᠨ ᠨᠣᠷᠮ᠎ᠠ 95 %᠎ᠠᠴᠠ ᠳᠡᠭᠡᠭᠰᠢ ᠵᠢ ᠪᠠᠲᠤᠯᠠᠪᠠ; ᠵᠢᠯ᠎ᠤᠨ ᠡᠴᠦᠰ᠎ᠤᠨ ᠠᠵᠢᠯ ᠣᠯᠭᠣᠯᠲᠠ ᠵᠢᠨ ᠨᠣᠷᠮ᠎ᠠ ᠵᠢ 96 %᠎ᠠᠴᠠ ᠳᠡᠭᠡᠭᠰᠢ ᠪᠠᠶ᠋ᠢᠯᠭ᠋ᠠᠬᠤ ᠵᠢ ᠪᠠᠲᠤᠯᠠᠪᠠ᠃
ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ
ᠣᠯᠠᠨ ᠵᠢᠯ᠎ᠤᠨ ᠲᠤᠷᠰᠢ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠵᠢᠯᠴᠠᠨ ᠮᠡᠷᠭᠡᠵᠢᠯ ᠴᠢᠳᠠᠪᠤᠷᠢ ᠬᠣᠣᠰᠯᠠᠭᠰᠠᠨ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠪᠡ᠃ 2011 ᠣᠨ᠎ᠳᠤ ᠰᠤᠷᠭ᠋ᠠᠭᠤᠯᠢ᠎ᠨᠢ ᠲᠦᠷᠦᠭᠦᠯᠡᠨ ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠪᠠᠶ᠋ᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠯᠴᠠᠬᠤ᠎ᠪᠠᠷ ᠭᠤᠤᠯ ᠱᠤᠭᠤᠮ ᠪᠣᠯᠭ᠋ᠠᠵᠤ᠂ ᠡᠬᠢ ᠪᠠᠶᠠᠯᠢᠭ᠎ᠢ ᠬᠠᠮᠲᠤ᠎ᠪᠠᠷ ᠬᠡᠷᠡᠭᠯᠡᠬᠦ᠂ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠪᠡ᠃ ᠤᠷᠢᠳ ᠬᠣᠵᠢᠳ ᠥᠪᠥᠷ ᠮᠣᠩᠭᠣᠯ᠎ᠤᠨ TCL ᠬᠡᠷᠡᠯ ᠴᠠᠬᠢᠯᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠥᠩ ᠬᠤᠸᠠᠨ ᠭᠤᠸᠠᠩ ᠹᠦ᠋ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ᠂ ᠣᠷᠳᠣᠰ ᠬᠣᠲᠠ ᠵᠢᠨ ᠶᠤᠸᠠᠨ ᠱᠧᠩ ᠬᠡᠷᠡᠯ ᠴᠠᠬᠢᠯᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠵᠠᠭᠤ ᠭᠠᠷᠤᠶ ᠠᠵᠤ ᠠᠬᠤᠶ᠋ᠢᠯᠠᠯ᠎ᠲᠠᠢ ᠬᠠᠮᠲᠤ᠎ᠪᠠᠷ 114 ᠰᠤᠷᠭ᠋ᠠᠭᠤᠯᠢ ᠵᠢᠨ ᠭᠠᠳᠠᠨᠠᠬᠢ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠪᠠ; ᠱᠸᠨ ᠬᠤᠸᠠ ᠨᠢᠩ ᠨᠡᠭᠦᠷᠡᠰᠦᠨ᠎ᠤ ᠪᠦᠯᠦᠭᠯᠡᠯ᠂ ᠥᠪᠥᠷ ᠮᠣᠩᠭᠣᠯ᠎ᠤᠨ ᠾᠦᠢ ᠨᠸᠩ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠂ ᠵᠦᠩ ᠬᠠᠩ ᠰᠢᠨ ᠪᠥᠸᠧ ᠿᠦᠨ ᠬᠢᠵᠠᠭ᠋ᠠᠷᠲᠤ ᠺᠣᠮᠫᠠᠨᠢ ᠵᠡᠷᠭᠡ ᠣᠷᠣᠨ᠎ᠤ ᠳᠣᠲᠣᠨ᠎ᠠ ᠭᠠᠳᠠᠨᠠᠬᠢ 179 ᠠᠵᠤ ᠠᠬᠤᠶ᠋ᠢᠯᠠᠯ᠎ᠲᠠᠢ ᠤᠯᠠᠨ ᠬᠡᠯᠪᠡᠷᠢ ᠵᠢᠨ 《ᠵᠠᠬᠢᠶᠠᠯᠠᠭ᠎ᠠ᠎ᠪᠠᠷ ᠬᠥᠮᠦᠵᠢᠭᠦᠯᠬᠦ》 ᠠᠵᠢᠯᠯᠠᠭ᠎ᠠ ᠵᠢ ᠥᠷᠨᠢᠭᠦᠯᠵᠦ᠂ ᠵᠦᠩ ᠬᠠᠢ ᠶᠢᠦ ᠲᠢᠶᠠᠨ ᠶᠧ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠢ᠎ᠲᠠᠢ ᠨᠡᠭᠦᠷᠡᠰᠦ᠎ᠪᠠᠷ ᠲᠤᠰᠤ ᠦᠢ᠍ᠯᠡᠳᠬᠦ ᠬᠢᠵᠠᠭ᠋ᠠᠷᠲᠤ ᠺᠣᠮᠫᠠᠨᠢ ᠵᠡᠷᠭᠡ 200 ᠭᠠᠷᠤᠢ ᠠᠵᠤ ᠠᠬᠤᠶ᠋ᠢᠯᠠᠯ᠎ᠲᠠᠢ 《ᠠᠵᠤ ᠦᠢ᠍ᠯᠡᠳᠪᠦᠷᠢ ᠪᠠ ᠰᠤᠷᠭ᠋ᠠᠭᠤᠯᠢ ᠤᠶᠠᠯᠳᠤᠭᠰᠠᠨ》 ᠴᠢᠳᠠᠪᠤᠷᠢᠲᠠᠨ᠎ᠢ ᠬᠥᠮᠦᠵᠢᠭᠦᠯᠵᠦ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤ᠎ᠪᠠᠷ 《ᠨᠡᠷᠡᠳᠤ ᠠᠩᠬᠢ》᠂ 《ᠭᠠᠷᠮᠠᠭ᠋ᠠᠢ ᠤᠷᠠᠨ ᠳᠠᠷᠬᠠᠨ᠎ᠤ ᠠᠩᠬᠢ》 ᠵᠢ ᠪᠠᠶ᠋ᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠰᠣᠶᠣᠯ ᠬᠠᠮᠵᠢᠯᠴᠠᠨ ᠬᠥᠮᠦᠨ᠎ᠢ ᠬᠥᠮᠦᠵᠢᠭᠦᠯᠬᠦ ᠵᠢ ᠪᠡᠶᠡᠯᠡᠭᠦᠯᠵᠦ᠂ ᠨᠢᠭᠡ ᠪᠦᠯᠦᠭ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ ᠬᠣᠣᠰᠯᠠᠭᠰᠠᠨ ᠴᠢᠳᠠᠪᠤᠷᠢᠲᠠᠨ᠎ᠢ ᠬᠥᠮᠦᠵᠢᠭᠦᠯᠪᠡ᠃
ᠰᠢᠨ᠎ᠡ ᠵᠢ ᠡᠭᠦᠳᠦᠨ ᠦᠢ᠍ᠯᠡᠰ ᠪᠦᠲᠦᠭᠡᠬᠦ
ᠤᠯᠤᠰ᠎ᠤᠨ 《ᠣᠯᠠᠨ ᠲᠦᠮᠡᠨ ᠦᠢ᠍ᠯᠡᠰ ᠪᠥᠲᠦᠭᠡᠵᠦ᠂ ᠣᠯᠠᠨ ᠲᠥᠮᠡᠨ ᠰᠢᠨ᠎ᠡ ᠵᠢ ᠡᠭᠦᠳᠬᠦ》 ᠤᠷᠢᠶᠠᠯᠠᠭ᠎ᠠ ᠵᠢ ᠴᠤᠤᠷᠢᠶᠠᠳᠤᠨ ᠳᠠᠭ᠋ᠠᠬᠤ ᠵᠢᠨ ᠲᠥᠯᠦᠭᠡ᠂ ᠰᠤᠷᠭ᠋ᠠᠭᠤᠯᠢ᠎ᠠᠴᠠ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠰᠤᠷᠭ᠋ᠠᠨ ᠬᠥᠮᠦᠵᠢᠯ᠎ᠤᠨ ᠠᠵᠢᠯ᠎ᠢ ᠢᠳᠡᠪᠬᠢᠲᠡᠶ ᠥᠷᠨᠢᠭᠦᠯᠵᠦ᠂ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠰᠤᠷᠭ᠋ᠠᠨ ᠬᠥᠮᠦᠵᠢᠯ᠎ᠤᠨ ᠬᠣᠯᠪᠤᠭᠳᠠᠬᠤ ᠠᠭᠤᠯᠭ᠎ᠠ ᠵᠢ ᠨᠡᠮᠡᠵᠦ ᠳᠣᠭᠢᠷᠠᠭᠤᠯᠤᠨ᠂ ᠠᠵᠢᠯ᠎ᠤᠨ ᠲᠣᠭᠲᠠᠴᠠ ᠪᠠ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠬᠢᠴᠢᠶᠡᠯ ᠵᠢᠴᠢ ᠵᠢᠭ᠋ᠠᠨ ᠰᠤᠷᠭ᠋ᠠᠯᠲᠠ ᠵᠢᠨ ᠳᠣᠭᠲᠠᠯᠴᠠᠭ᠎ᠠ ᠵᠢ ᠪᠠᠶ᠋ᠢᠭᠤᠯᠤᠨ ᠪᠦᠷᠢᠳᠦᠭᠦᠯᠪᠡ᠃ ᠣᠶ᠋ᠢᠷ᠎ᠠ ᠵᠢᠨ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠡᠯ᠎ᠡ ᠲᠥᠷᠥᠯ᠎ᠤᠨ ᠤᠷᠤᠯᠳᠤᠭ᠋ᠠᠨ᠎ᠳᠤ ᠨᠢᠭᠡᠳᠦᠭᠡᠷ ᠳᠡᠰ᠎ᠤᠨ ᠱᠠᠩᠨᠠᠯ 19᠂ ᠬᠣᠶᠠᠳᠤᠭ᠋ᠠᠷ ᠳᠡᠰ᠎ᠤᠨ ᠱᠠᠩᠨᠠᠯ 19᠂ ᠭᠤᠷᠪᠠᠳᠤᠭ᠋ᠠᠷ ᠳᠡᠰ᠎ᠤᠨ ᠱᠠᠩᠨᠠᠯ 64 ᠵᠢ ᠭᠥᠷᠳᠡᠪᠡ᠃ ᠳᠤᠮᠳᠠᠳᠤ ᠤᠯᠤᠰ᠎ᠤᠨ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠤᠷᠤᠯᠳᠤᠭ᠋ᠠᠨ᠎ᠳᠤ ᠤᠯᠤᠰ᠎ᠤᠨ ᠲᠠᠰ᠎ᠤᠨ ᠭᠠᠤᠯᠢᠨ ᠮᠧᠲᠠᠯ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠯᠲᠠᠨ ᠮᠧᠲᠠᠯ 2᠂ ᠮᠥᠩᠭᠥᠨ ᠮᠧᠲᠠᠯ 2᠂ ᠭᠠᠤᠯᠢᠨ ᠮᠧᠲᠠᠯ 7᠂ ᠰᠢᠯᠢᠳᠡᠭ ᠱᠠᠩᠨᠠᠯ 4 ᠵᠢ ᠭᠥᠷᠳᠡᠪᠡ᠃
ᠡᠷᠳᠡᠮ ᠰᠢᠨᠵᠢᠯᠡᠭᠡᠨ ᠪᠠ ᠨᠡᠶ᠋ᠢᠭᠡᠮ᠎ᠤᠨ ᠦᠢ᠍ᠯᠡᠴᠢᠯᠡᠭᠡ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠡᠷᠳᠡᠮ ᠰᠢᠨᠵᠢᠯᠡᠭᠡᠨ ᠪᠠ ᠨᠡᠶ᠋ᠢᠭᠡᠮ᠎ᠤᠨ ᠦᠢ᠍ᠯᠡᠴᠢᠯᠡᠭᠡᠨ᠎ᠤ ᠴᠢᠳᠠᠮᠵᠢ᠎ᠪᠠᠨ ᠦᠷᠭᠦᠯᠵᠢᠯᠡᠨ ᠳᠡᠭᠡᠭᠰᠢᠯᠡᠭᠦᠯᠪᠡ᠃ ᠣᠶ᠋ᠢᠷ᠎ᠠ ᠵᠢᠨ ᠲᠠᠪᠤᠨ ᠵᠢᠯ᠎ᠳᠤ᠂ ᠰᠤᠷᠭ᠋ᠠᠭᠤᠯᠢ ᠵᠢᠨ ᠪᠠᠭᠰᠢ ᠨᠠᠷ ᠤᠯᠤᠰ᠎ᠤᠨ ᠲᠠᠰ᠎ᠤᠨ ᠲᠥᠰᠦᠯ 2᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠷᠳᠡᠮ ᠰᠢᠨᠵᠢᠯᠡᠭᠡᠨ᠎ᠤ ᠲᠥᠰᠦᠯ ᠪᠠ ᠰᠡᠳᠦᠪ 107 ᠵᠢ ᠡᠭᠦᠷᠭᠡᠯᠡᠵᠦ᠂ ᠬᠡᠷᠡᠭᠯᠡᠭᠡᠨ᠎ᠤ ᠰᠢᠨ᠎ᠡ ᠬᠡᠯᠪᠡᠷᠢᠲᠦ ᠲᠤᠰᠬᠠᠶ ᠠᠰᠢᠭ 97 ᠵᠢ ᠭᠤᠶᠤᠴᠢᠯᠠᠪᠠ᠃ ᠨᠠᠷᠠᠲᠤ ᠪᠠᠭᠰᠢ ᠵᠢᠨ ᠠᠵᠢᠯᠯᠠᠬᠤ ᠭᠠᠵᠠᠷ 2᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠬᠠᠮᠵᠢᠯᠴᠠᠨ ᠰᠢᠨ᠎ᠡ ᠵᠢ ᠡᠭᠦᠳᠬᠦ ᠲᠥᠪ᠎ᠤᠨ ᠲᠥᠰᠦᠯ 1᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠭᠦᠨᠵᠡᠭᠡᠶ ᠠᠭᠤᠰᠬᠠᠬᠤ ᠳᠠᠳᠤᠯᠭ᠎ᠠ ᠪᠣᠯᠪᠠᠰᠤᠷᠠᠯ᠎ᠤᠨ ᠲᠠᠪᠴᠠᠩ᠎ᠤᠨ ᠲᠥᠰᠦᠯ 1᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠦᠢ᠍ᠯᠡᠴᠢᠯᠡᠭᠡ 20 ᠭᠠᠷᠤᠶ ᠵᠦᠢ᠍ᠯ᠎ᠳᠤ ᠬᠦᠷᠴᠦ᠂ ᠠᠵᠤ ᠠᠬᠤᠶ᠋ᠢᠯᠠᠯ᠎ᠤᠨ ᠤᠷ᠎ᠠ ᠴᠢᠳᠠᠪᠤᠷᠢᠲᠠᠨ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ ᠵᠢᠨ ᠦᠢ᠍ᠯᠡᠴᠢᠯᠡᠭᠡ 2 . 3 ᠲᠦᠮᠡ ᠭᠠᠷᠤᠶ ᠬᠥᠮᠦᠨ ᠡᠳᠦᠷ ᠬᠠᠩᠭ᠋ᠠᠵᠤ᠂ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠣᠨᠴᠠ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠥᠷᠲᠡᠭᠡ᠎ᠨᠢ ᠤᠯᠤᠰ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠵᠢᠯᠣᠭᠣᠳᠬᠤ ᠲᠥᠪ᠎ᠲᠤ ᠲᠡᠷᠢᠭᠦᠨ᠎ᠤ ᠬᠢᠨᠠᠨ ᠲᠣᠭᠲᠠᠭ᠋ᠠᠯᠲᠠ ᠵᠢᠨ ᠥᠷᠲᠡᠭᠡ᠎ᠪᠠᠷ ᠵᠠᠯᠭ᠋ᠠᠭ᠎ᠠ᠎ᠪᠠᠷ 2 ᠤᠳᠠᠭ᠎ᠠ ᠦᠨᠡᠯᠡᠭᠳᠡᠵᠦ᠂ ᠣᠷᠣᠨ ᠪᠦᠰᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠠᠶ᠋ᠢᠴᠢᠯᠠᠨ ᠢᠯᠡᠳᠲᠡ ᠦᠷ᠎ᠡ ᠪᠦᠲᠦᠮᠵᠢ ᠤᠯᠪᠠ᠃
ᠣᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ
ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠨᠡᠭᠡᠭᠡᠯᠲᠡᠲᠦ ᠰᠤᠷᠭ᠋ᠠᠭᠤᠯᠢ ᠡᠷᠬᠢᠯᠡᠬᠦ ᠦᠵᠡᠯ ᠰᠠᠨᠠᠭ᠎ᠠ ᠵᠢ ᠪᠠᠷᠢᠮᠲᠠᠯᠠᠵᠤ᠂ ᠤᠯᠠᠨ ᠤᠯᠤᠰᠴᠢᠯᠠᠬᠰᠠᠨ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠵᠦ᠂ ᠤᠷᠢᠳ ᠬᠣᠵᠢᠳ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ ᠶᠡᠬᠡ ᠰᠤᠷᠭ᠋ᠠᠭᠤᠯᠢ᠂ ᠮᠣᠩᠭᠣᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠮᠠᠯᠠᠢ᠍ᠢ᠍ᠰᠢᠶ᠎ᠠ ᠵᠢᠨ ᠴᠧᠩ ᠭᠥᠩ ᠯᠢ ᠳ᠋ᠠᠢ ᠶᠡᠬᠡ ᠰᠤᠷᠭ᠋ᠠᠭᠤᠯᠢ᠂ ᠮᠠᠯᠠᠢ᠍ᠢ᠍ᠰᠢᠶ᠎ᠠ ᠶᠡᠬᠡ ᠰᠤᠷᠭ᠋ᠠᠭᠤᠯᠢ ᠵᠡᠷᠭᠡ᠎ᠲᠠᠢ ᠰᠤᠷᠭ᠋ᠠᠭᠤᠯᠢ ᠵᠢᠨ ᠬᠣᠭᠣᠷᠣᠨᠳᠣᠬᠢ ᠬᠠᠮᠲᠤᠷᠠᠯᠴᠠᠭ᠋ᠠᠨ᠎ᠤ ᠬᠡᠯᠡᠯᠴᠡᠭᠡᠷ᠎ᠤᠨ ᠲᠥᠰᠦᠪ᠎ᠢ ᠳᠣᠭᠲᠠᠭ᠋ᠠᠵᠤ᠂ ᠪᠠᠭᠰᠢ ᠨᠠᠷ ᠠᠶ᠋ᠢᠯᠴᠢᠯᠠᠬᠤ᠂ ᠰᠤᠷᠤᠭᠴᠢᠳ᠎ᠢ ᠲᠣᠮᠢᠯᠠᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠡᠷᠭᠡ ᠬᠠᠮᠲᠤᠷᠠᠯᠴᠠᠭ᠎ᠠ ᠵᠢ ᠭᠦᠨᠵᠡᠭᠡᠢ ᠥᠷᠨᠢᠭᠦᠯᠪᠡ᠃ ᠠᠮᠧᠷᠢᠺᠠ᠂ ᠭᠧᠷᠮᠠᠨ᠂ ᠠᠨᠭ᠌ᠭ᠍ᠯᠢ᠂ ᠠᠦ᠋ᠰᠲᠷᠠᠯᠢᠶ᠎ᠠ᠂ ᠮᠠᠯᠠᠢ᠍ᠢ᠍ᠰᠢᠶ᠎ᠠ ᠵᠡᠷᠭᠡ ᠤᠯᠤᠰ᠎ᠯᠤᠭ᠎ᠠ ᠰᠣᠯᠢᠯᠴᠠᠭ᠎ᠠ ᠪᠠ ᠬᠠᠮᠲᠤᠷᠠᠯᠴᠠᠭ᠎ᠠ ᠬᠢᠬᠦ ᠵᠢ ᠢᠳᠡᠪᠬᠢᠲᠡᠢ ᠠᠬᠢᠭᠤᠯᠵᠤ᠂ ᠪᠠᠭᠰᠢ ᠵᠢᠨ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠬᠤᠪᠢᠷᠠᠭᠤᠯᠵᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠰᠤᠷᠤᠭᠴᠢᠳ᠎ᠤᠨ ᠠᠵᠢᠯ ᠤᠯᠬᠤ ᠪᠠ ᠰᠤᠳᠤᠯᠤᠨ ᠰᠤᠷᠤᠯᠴᠠᠬᠤ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠪᠣᠳᠠᠲᠤ ᠬᠦᠴᠦᠨ᠎ᠢ ᠳᠡᠭᠡᠭᠰᠢᠯᠡᠭᠦᠯᠬᠦ᠎ᠳᠤ ᠠᠰᠢᠭᠲᠠᠢ ᠨᠥᠬᠥᠴᠡᠯ᠎ᠢ ᠪᠦᠷᠢᠯᠳᠦᠭᠦᠯᠵᠦ ᠥᠭᠪᠡ᠃ ᠣᠶ᠋ᠢᠷ᠎ᠠ ᠵᠢᠨ ᠭᠤᠷᠪᠠᠨ ᠵᠢᠯ᠎ᠳᠤ ᠮᠣᠩᠭᠣᠯ ᠤᠯᠤᠰ᠎ᠲᠤ 73 ᠪᠠᠭᠰᠢ ᠰᠣᠷᠣᠭᠴᠢ ᠬᠥᠮᠦᠵᠢᠭᠦᠯᠦᠨ ᠥᠭᠴᠦ᠂ 10 ᠬᠥᠮᠦᠨ ᠠᠮᠧᠷᠢᠺᠠ᠂ ᠭᠧᠷᠮᠠᠨ᠂ ᠮᠣᠩᠭᠣᠯ ᠤᠯᠤᠰ᠎ᠲᠤ ᠬᠦᠷᠴᠦ ᠪᠣᠯᠪᠠᠰᠤᠷᠠᠯ᠎ᠳᠤ ᠣᠷᠣᠯᠴᠠᠵᠤ᠂ ᠠᠶ᠋ᠢᠯᠴᠢᠯᠠᠪᠠ᠃

ᠰᠢᠨ᠎ᠡ ᠴᠠᠭ ᠦᠶ᠎ᠡ᠂ ᠰᠢᠨ᠎ᠡ ᠵᠠᠭᠤᠨ ᠵᠢᠯ᠎ᠳᠤ᠂ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠡᠭᠡᠳᠦ ᠰᠤᠷᠭ᠋ᠠᠭᠤᠯᠢ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠪᠠ ᠨᠠᠮ᠎ᠤᠨ ᠲᠥᠯᠥᠭᠡᠯᠡᠭᠴᠢᠳ᠎ᠤᠨ ᠬᠤᠷᠠᠯ᠎ᠠᠴᠠ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠤ᠎ᠪᠠᠷ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠭᠤᠯᠤᠭᠳᠠᠬᠤᠨ᠎ᠤ ᠪᠠᠶ᠋ᠢᠭᠤᠯᠤᠯᠲᠠ ᠵᠢ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠵᠢᠨ ᠴᠢᠨᠠᠷ ᠴᠢᠨᠰᠠᠭ᠎ᠠ ᠵᠢ ᠪᠠᠲᠤᠯᠠᠬᠤ ᠳᠣᠭᠲᠠᠯᠴᠠᠭ᠎ᠠ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠤᠷᠭ᠋ᠠᠭᠤᠯᠢ᠎ᠪᠠᠨ ᠢᠯᠡ ᠲᠣᠳᠣ ᠣᠨᠴᠠᠯᠢᠭᠲᠤ᠂ ᠠᠷᠠᠳ ᠲᠦᠮᠡᠨ᠎ᠳᠤ ᠳᠠᠭ᠋ᠠᠰᠢᠶᠠᠭᠳᠠᠭᠰᠠᠨ᠂ ᠪᠠᠭᠰᠢ ᠰᠤᠷᠤᠭᠴᠢ ᠵᠣᠯ ᠵᠢᠷᠭ᠋ᠠᠯᠲᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ᠂ ᠳᠡᠯᠡᠬᠡᠶ ᠪᠠ ᠤᠯᠤᠰ᠎ᠤᠨ ᠳᠣᠲᠣᠭ᠋ᠠᠳᠤ᠎ᠳᠤ ᠵᠣᠬᠢᠬᠤ ᠨᠥᠯᠥᠭᠡᠯᠡᠬᠦ ᠬᠦᠴᠦᠨ᠎ᠲᠠᠢ ᠳᠤᠮᠳᠠᠳᠤ ᠤᠯᠤᠰ᠎ᠤᠨ ᠣᠨᠴᠠᠯᠢᠭ ᠪᠥᠬᠦᠢ ᠥᠨᠳᠥᠷ ᠬᠢᠷᠢ ᠲᠦᠪᠰᠢᠨᠲᠡᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠭ᠋ᠠᠬᠤ᠎ᠪᠠᠷ ᠴᠢᠷᠮᠠᠢ᠌ᠨ᠎ᠠ᠃
