ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ
—《ᠣᠭ ᠰᠠᠨᠠᠭ᠎ᠠ᠎ᠪᠠᠨ ᠮᠠᠷᠲᠠᠬᠤ ᠦᠭᠡᠢ》
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ

ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠬᠥᠬᠡᠬᠣᠲᠠ᠎ᠳᠤ ᠪᠠᠶ᠋ᠢᠷᠢᠯᠠᠵᠤ᠂ ᠠᠨᠠᠭ᠋ᠠᠬᠤ ᠤᠬᠠᠭ᠋ᠠᠨ ᠵᠶ᠋ᠠᠷ ᠭᠤᠤᠯ ᠪᠣᠯᠭ᠋ᠠᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ᠂ ᠲᠧᠭᠨᠢᠭ᠎ᠤᠨ ᠤᠬᠠᠭ᠋ᠠᠨ᠂ ᠤᠳᠬ᠎ᠠ ᠵᠣᠬᠢᠶᠠᠯ᠂ ᠬᠠᠤᠯᠢ ᠵᠢᠨ ᠤᠬᠠᠭ᠋ᠠᠨ᠎ᠢ ᠨᠢᠭᠡ ᠴᠣᠭᠴᠠᠵᠢᠭᠤᠯᠤᠭᠰᠠᠨ ᠣᠯᠠᠨ ᠬᠢᠴᠢᠶᠡᠯ ᠲᠥᠷᠥᠯ᠎ᠲᠠᠢ ᠳᠡᠭᠡᠳᠦ ᠵᠡᠷᠭᠡ ᠵᠢᠨ ᠡᠮ ᠡᠮᠨᠡᠯᠭᠡ ᠵᠢᠨ ᠰᠤᠷᠭ᠋ᠠᠭᠤᠯᠢ ᠪᠣᠯᠤᠨ᠎ᠠ᠃ 1956 ᠣᠨ᠎ᠳᠤ ᠪᠠᠢ᠌ᠭᠤᠯᠤᠭᠳᠠᠵᠤ᠂ ᠰᠢᠨ᠎ᠡ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠳᠤ ᠬᠠᠮᠤᠭ᠎ᠤᠨ ᠡᠷᠲᠡ ᠪᠠᠶ᠋ᠢᠭᠤᠯᠤᠭᠰᠠᠨ ᠳᠡᠭᠡᠳᠦ ᠵᠡᠷᠭᠡ ᠵᠢᠨ ᠡᠮᠨᠡᠯᠭᠡ ᠵᠢᠨ ᠰᠤᠷᠭ᠋ᠠᠭᠤᠯᠢ ᠵᠢᠨ ᠨᠢᠭᠡ ᠪᠠᠢ᠌ᠵᠤ᠂ ᠲᠤᠬᠠᠢ ᠵᠢᠨ ᠦᠶ᠎ᠡ᠎ᠳᠤ ᠤᠯᠤᠰ᠎ᠤᠨ ᠡᠷᠡᠭᠦᠯ ᠬᠠᠮᠠᠭ᠋ᠠᠯᠠᠯ᠎ᠤᠨ ᠶᠠᠮᠤᠨ᠎ᠳᠤ ᠬᠠᠷᠢᠶᠠᠯᠠᠭᠳᠠᠵᠤ᠂ 1958 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠠᠮᠢᠶᠠᠷᠤᠭᠳᠠᠪᠠ᠃ ᠤᠤᠯ᠎ᠤᠨ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠂ ᠬᠣᠵᠢᠮ᠎ᠨᠢ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠤᠯᠤᠰ᠎ᠤᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠬᠠᠮᠲᠤᠷᠠᠨ ᠪᠠᠶ᠋ᠢᠭᠤᠯᠤᠭᠰᠠᠨ ᠶᠡᠬᠡ ᠳᠡᠭᠡᠳᠦ ᠰᠤᠷᠭ᠋ᠠᠭᠤᠯᠢ ᠪᠣᠯᠵᠠᠢ᠃




60 ᠭᠠᠷᠤᠶ ᠵᠢᠯ᠎ᠤᠨ ᠪᠥᠲᠥᠭᠡᠨ ᠪᠠᠶ᠋ᠢᠭᠤᠯᠤᠯᠲᠠ ᠪᠠ ᠬᠥᠭᠵᠢᠯᠲᠡ᠎ᠪᠠᠷ ᠳᠡᠮᠵᠢᠨ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠎ᠨᠢ ᠤᠯᠤᠰ᠎ᠲᠤ ᠡᠯ᠎ᠡ ᠱᠠᠲᠤᠨ᠎ᠤ ᠡᠯ᠎ᠡ ᠲᠥᠷᠥᠯ᠎ᠤᠨ ᠴᠢᠳᠠᠪᠤᠷᠢᠲᠠᠨ᠎ᠢ 10 ᠲᠦᠮᠡ ᠭᠠᠷᠤᠶ ᠬᠥᠮᠦᠵᠢᠭᠦᠯᠦᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠬᠥᠭᠵᠢᠯᠲᠡ᠂ ᠨᠡᠶ᠋ᠢᠭᠡᠮ᠎ᠤᠨ ᠳᠠᠪᠰᠢᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠰᠣᠶᠣᠯ᠎ᠤᠨ ᠤᠯᠠᠮᠵᠢᠯᠠᠯ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭ᠋ᠠᠷ᠎ᠤᠨ ᠲᠣᠭᠲᠠᠭᠤᠨ᠎ᠳᠤ ᠴᠢᠬᠤᠯᠠ ᠬᠤᠪᠢ ᠨᠡᠮᠡᠷᠢ ᠦᠵᠡᠭᠦᠯᠵᠦ᠂ ᠨᠢᠭᠡᠨᠲᠡ ᠢᠯᠡ ᠲᠣᠳᠣ ᠰᠤᠷᠭ᠋ᠠᠭᠤᠯᠢ ᠡᠷᠭᠢᠯᠡᠬᠦ ᠣᠨᠴᠠᠯᠢᠭ ᠪᠥᠬᠥᠶ ᠣᠷᠣᠨ ᠨᠤᠲᠤᠭ᠎ᠤᠨ ᠳᠡᠭᠡᠳᠦ ᠵᠡᠷᠭᠡ ᠵᠢᠨ ᠡᠮ ᠡᠮᠨᠡᠯᠭᠡ ᠵᠢᠨ ᠰᠤᠷᠭ᠋ᠠᠭᠤᠯᠢ ᠪᠣᠯᠵᠠᠶ᠃
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠎ᠨᠢ 1956 ᠣᠨ᠎ᠠᠴᠠ ᠡᠬᠢᠯᠡᠨ ᠵᠢᠩᠬᠢᠨᠢ ᠠᠩᠭᠢ ᠵᠢᠨ ᠰᠤᠷᠤᠭᠴᠢ ᠡᠯᠰᠡᠵᠦ᠂ 1978 ᠣᠨ᠎ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂ 1981 ᠣᠨ᠎ᠳᠤ ᠮᠠᠰᠲ᠋ᠧᠷ ᠴᠣᠯᠠ ᠣᠯᠭᠣᠬᠤ ᠬᠢᠷᠢ ᠬᠡᠮ᠎ᠢ ᠣᠯᠵᠤ᠂ 1999 ᠣᠨ᠎ᠳᠤ ᠠᠳᠠᠯᠢ ᠳᠡᠰ᠎ᠤᠨ ᠰᠤᠷᠤᠯᠭ᠎ᠠ ᠵᠢᠨ ᠨᠠᠮᠲᠠᠷ᠎ᠲᠠᠢ ᠬᠥᠮᠦᠰ᠎ᠲᠤ ᠮᠠᠰᠲ᠋ᠧᠷ ᠴᠣᠯᠠ ᠣᠯᠭᠣᠬᠤ ᠬᠢᠷᠢ ᠬᠡᠮ᠎ᠢ ᠣᠯᠵᠠᠢ᠃ 2018 ᠣᠨ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠳᠡᠮ᠎ᠤᠨ ᠴᠣᠯᠠ ᠵᠢᠨ ᠵᠥᠪᠯᠡᠯ᠎ᠤᠨ ᠵᠥᠪᠰᠢᠶᠡᠷᠡᠯ ᠵᠶ᠋ᠠᠷ ᠳ᠋ᠣᠺᠲ᠋ᠣᠷ ᠴᠣᠯᠠ ᠣᠯᠭᠣᠬᠤ ᠨᠢᠭᠡᠴᠢ ᠪᠣᠯᠤᠭᠰᠠᠨ ᠪᠥᠭᠡᠳ ᠬᠢᠲᠠᠳ ᠡᠮᠨᠡᠯᠭᠡ (ᠮᠣᠩᠭᠣᠯ ᠠᠨᠠᠭ᠋ᠠᠬᠤ ᠤᠬᠠᠭ᠋ᠠᠨ) ᠵᠢᠨ ᠳ᠋ᠣᠺᠲ᠋ᠣᠷ ᠴᠣᠯᠠ ᠣᠯᠭᠣᠬᠤ ᠴᠡᠭ᠎ᠢ ᠤᠯᠪᠠ᠃ ᠵᠢᠩᠬᠢᠨᠢ ᠠᠩᠭᠢ ᠵᠢᠨ ᠰᠣᠷᠣᠭᠴᠢ᠂ ᠠᠰᠫᠢᠷᠠᠨᠲ᠂ ᠳ᠋ᠣᠺᠲ᠋ᠣᠷᠠᠨᠲ ᠪᠦᠷᠢᠳᠦᠭᠰᠡᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠣᠲᠣ ᠦᠶ᠎ᠡ ᠵᠢᠨ ᠡᠮ ᠡᠮᠨᠡᠯᠭᠡ ᠵᠢᠨ ᠤᠬᠠᠭ᠋ᠠᠨ᠂ ᠬᠢᠲᠠᠳ ᠡᠮ ᠡᠮᠨᠡᠯᠭᠡ ᠵᠢᠨ ᠤᠬᠠᠭ᠋ᠠᠨ᠂ ᠮᠣᠩᠭᠣᠯ ᠡᠮ ᠡᠮᠨᠡᠯᠭᠡ ᠵᠢᠨ ᠤᠬᠠᠭ᠋ᠠᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ 《ᠭᠤᠷᠪᠠ ᠵᠢ ᠨᠢᠭᠡ ᠴᠤᠭᠴᠠᠵᠢᠭᠤᠯᠤᠭᠰᠠᠨ》 ᠰᠤᠷᠭ᠋ᠠᠭᠤᠯᠢ ᠡᠷᠭᠢᠯᠡᠬᠦ ᠣᠨᠴᠠᠯᠢᠭ᠎ᠢ ᠪᠦᠷᠢᠳᠦᠭᠦᠯᠵᠡᠢ᠃
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠎ᠳᠤ ᠵᠢᠭ᠋ᠠᠨ ᠰᠤᠷᠭ᠋ᠠᠯᠲᠠ ᠵᠢᠨ ᠨᠢᠭᠡᠴᠢ 17᠂ ᠬᠠᠷᠢᠶᠠᠲᠤ ᠡᠮᠨᠡᠯᠭᠡ ᠵᠢᠨ ᠬᠣᠷᠢᠶ᠎ᠠ 8᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ 11 ᠪᠣᠢ᠃ ᠣᠷᠣᠨ᠎ᠤ ᠳᠣᠲᠣᠷ᠎ᠠ ᠭᠠᠳᠠᠨᠠᠬᠢ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ 114 ᠪᠤᠶ᠃ ᠡᠭᠦᠨ᠎ᠳᠤ᠂ ᠠᠨᠠᠭ᠋ᠠᠬᠤ ᠤᠬᠠᠭ᠋ᠠᠨ᠎ᠤ ᠲᠥᠷᠥᠯ᠎ᠤᠨ ᠲᠤᠰᠬᠠᠶ ᠮᠡᠷᠭᠡᠵᠢᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ 76᠂ ᠠᠨᠠᠭ᠋ᠠᠬᠤ ᠤᠬᠠᠭ᠋ᠠᠨ᠎ᠤ ᠪᠤᠰᠤ ᠲᠤᠰᠬᠠᠶ ᠮᠡᠷᠭᠡᠵᠢᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ 38 ᠪᠣᠶ᠃ ᠣᠳᠣ ᠤᠯᠤᠰ᠎ᠤᠨ ᠡᠮᠴᠢᠯᠡᠭᠡᠨ᠎ᠤ ᠭᠣᠣᠯᠳᠠᠯᠭ᠋ᠠᠲᠠᠢ ᠪᠦᠲᠦᠭᠡᠨ ᠪᠠᠢ᠌ᠭᠤᠯᠤᠭᠰᠠᠨ ᠲᠤᠰᠬᠠᠶ ᠮᠡᠷᠭᠡᠵᠢᠯ 3᠂ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠳᠣᠪᠴᠢᠶᠠᠨ᠎ᠤ ᠭᠣᠣᠯᠳᠠᠯᠭ᠋ᠠᠲᠠᠢ ᠪᠦᠲᠦᠭᠡᠨ ᠪᠠᠢ᠌ᠭᠤᠯᠤᠭᠰᠠᠨ ᠲᠤᠰᠬᠠᠶ ᠮᠡᠷᠭᠡᠵᠢᠯ 1᠂ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠳᠣᠪᠴᠢᠶᠠᠨ᠎ᠤ ᠭᠣᠣᠯᠳᠠᠯᠭ᠋ᠠᠲᠠᠢ ᠪᠦᠲᠦᠭᠡᠨ ᠪᠠᠢ᠌ᠭᠤᠯᠤᠭᠰᠠᠨ ᠰᠢᠨᠵᠢᠯᠡᠭᠡᠨ᠎ᠤ ᠰᠠᠯᠠᠭ᠎ᠠ 3 ᠪᠤᠶ; ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭᠲᠤ ᠰᠢᠨᠵᠢᠯᠡᠭᠡᠨ᠎ᠤ ᠰᠠᠯᠠᠭ᠎ᠠ 1᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ 5᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠬᠥᠮᠥᠵᠢᠭᠦᠯᠬᠦ ᠰᠢᠨᠵᠢᠯᠡᠭᠡᠨ᠎ᠤ ᠰᠠᠯᠠᠭ᠎ᠠ 2 ᠪᠣᠢ; ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ 11᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ 23᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠠᠮᠵᠢᠯᠴᠠᠨ ᠰᠢᠨ᠎ᠡ ᠵᠢ ᠡᠭᠦᠳᠬᠦ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠠᠮᠵᠢᠯᠴᠠᠨ ᠰᠢᠨ᠎ᠡ ᠵᠢ ᠡᠭᠦᠳᠬᠦ ᠬᠥᠮᠦᠵᠢᠯ᠎ᠤᠨ ᠲᠥᠪ 1 ᠪᠣᠶ᠃

ᠣᠷᠣᠨ ᠨᠤᠲᠤᠭ᠎ᠤᠨ ᠳᠡᠭᠡᠳᠦ ᠵᠡᠷᠭᠡ ᠵᠢᠨ ᠡᠮ ᠡᠮᠨᠡᠯᠭᠡ ᠵᠢᠨ ᠰᠤᠷᠭ᠋ᠠᠭᠤᠯᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠎ᠨᠢ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠢᠮᠠᠭᠲᠠ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠣᠷᠣᠨ ᠨᠤᠲᠤᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠲᠤ ᠦᠢ᠍ᠯᠡᠴᠢᠯᠡᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠡᠷᠬᠢᠯᠡᠬᠦ ᠶᠠᠪᠤᠳᠠᠯ ᠵᠶ᠋ᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠥᠨᠳᠥᠷ ᠬᠡᠪ ᠪᠣᠯᠪᠠᠰᠤᠷᠠᠯ᠎ᠲᠠᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠦᠨᠳᠦᠰᠦᠨ ᠡᠭᠦᠷᠭᠡ ᠪᠣᠯᠭ᠋ᠠᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ 《ᠡᠷᠳᠡᠮ ᠮᠡᠳᠡᠯᠭᠡ᠎ᠲᠡᠢ᠂ ᠡᠷᠬᠢᠮ ᠰᠤᠷᠲᠠᠯᠳᠠᠢ᠂ ᠴᠢᠩ ᠦᠨᠡᠨᠴᠢ᠂ ᠡᠷᠬᠢᠮ ᠳᠡᠭᠡᠳᠦ》 ᠰᠤᠷᠭ᠋ᠠᠭᠤᠯᠢ ᠵᠢᠨ ᠰᠤᠷᠭ᠋ᠠᠯ᠎ᠪᠠᠷ 《ᠰᠢᠷᠭ᠋ᠠᠭᠤ ᠬᠠᠲᠠᠭᠤᠵᠢᠯᠲᠠᠶ᠎ᠪᠠᠷ ᠦᠢ᠍ᠯᠡᠰ ᠪᠣᠰᠬᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠭᠤᠴᠢᠨ᠎ᠢ ᠥᠭᠡᠷᠡᠴᠢᠯᠡᠵᠦ ᠰᠢᠨ᠎ᠡ ᠵᠢ ᠪᠠᠶ᠋ᠢᠭᠤᠯᠬᠤ᠂ ᠠᠷᠢᠭᠤᠨ ᠴᠢᠬᠡᠴᠢ᠎ᠪᠠᠷ ᠬᠤᠪᠢ ᠨᠡᠮᠡᠷᠢ ᠦᠵᠡᠭᠦᠯᠬᠦ》 《ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠠᠤᠭ᠎ᠠ ᠵᠣᠷᠢᠭ ᠰᠠᠨᠠᠭ᠎ᠠ》 ᠵᠢ ᠪᠣᠯᠪᠠᠰᠤᠷᠠᠭᠤᠯᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢ ᠲᠠᠰᠤᠷᠠᠯᠲᠠ ᠦᠭᠡᠢ ᠪᠡᠶᠡᠯᠡᠭᠦᠯᠪᠡ᠃


