ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
— 《ᠲᠠᠯ᠎ᠠ ᠨᠤᠲᠤᠭ᠎ᠠᠴᠠ ᠪᠡᠭᠡᠵᠢᠩ ᠵᠶ᠋ᠠᠨ ᠪᠠᠷᠠᠯᠠᠨ᠎ᠠ》
ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 1974 ᠣᠨ᠎ᠳᠤ ᠪᠠᠢ᠌ᠭᠤᠯᠤᠭᠳᠠᠵᠤ᠂ 《ᠶᠣᠰᠣ ᠰᠤᠷᠲᠠᠬᠤᠨ᠎ᠤ ᠬᠥᠮᠦᠵᠢᠯ᠎ᠢ ᠲᠡᠷᠢᠭᠦᠨ᠎ᠳᠤ ᠲᠠᠯᠪᠢᠬᠤ᠂ ᠮᠡᠷᠭᠡᠵᠢᠯ ᠴᠢᠳᠠᠪᠤᠷᠢ᠎ᠪᠠᠷ ᠭᠣᠣᠯᠯᠠᠬᠤ᠂ ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠬᠤ》 ᠰᠤᠷᠭ᠋ᠠᠭᠤᠯᠢ ᠡᠷᠬᠢᠯᠡᠬᠦ ᠣᠨᠣᠯᠵᠢᠬᠤᠨ᠎ᠢ ᠢᠮᠠᠭᠲᠠ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ᠎ᠲᠠᠢ ᠣᠳᠣ ᠦᠶ᠎ᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠬᠤᠯᠠᠴᠢᠯᠠᠵᠤ᠂ 《ᠡᠬᠡ ᠤᠯᠤᠰ᠎ᠤᠨ ᠤᠮᠠᠷᠠᠲᠤ ᠬᠢᠯᠢ ᠵᠢᠨ ᠵᠠᠮ ᠬᠠᠷᠢᠯᠴᠠᠭ᠋ᠠᠨ᠎ᠤ ᠴᠢᠳᠠᠪᠤᠷᠢᠲᠠᠨ᠎ᠤ ᠥᠯᠥᠭᠡᠶ》 ᠭᠡᠰᠡᠨ ᠰᠠᠶ᠋ᠢᠬᠠᠨ ᠠᠯᠳᠠᠷᠲᠠᠶ ᠶᠤᠮ᠃ ᠪᠦᠬᠦ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠡᠷᠢᠭᠦᠨ᠎ᠤ ᠨᠢᠭᠡᠴᠢ᠂ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠂ ᠪᠦᠬᠦ ᠤᠯᠤᠰ᠎ᠤᠨ ᠵᠠᠮ ᠬᠠᠷᠢᠯᠴᠠᠭ᠋ᠠᠨ᠎ᠤ ᠲᠥᠷᠥᠯ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠳᠡᠭᠡᠳᠦ ᠰᠤᠷᠭ᠋ᠠᠭᠤᠯᠢ᠂ ᠪᠥᠬᠥ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠷᠥᠯ᠎ᠤᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ᠎ᠤᠨ ᠴᠡᠭ᠂ ᠠᠩᠬᠠᠳᠠᠭᠴᠢ ᠪᠦᠯᠦᠭ᠎ᠤᠨ ᠳᠤᠮᠳᠠᠳᠤ ᠭᠧᠷᠮᠠᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠋ᠠᠨ᠎ᠤ ᠲᠥᠰᠦᠯ᠎ᠤᠨ ᠳᠡᠭᠡᠳᠦ ᠰᠤᠷᠭ᠋ᠠᠭᠤᠯᠢ᠂ ᠪᠥᠸᠧ ᠱ᠌ᠢ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠲᠥᠰᠦᠯ᠎ᠤᠨ ᠳᠡᠭᠡᠳᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ᠎ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃


ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠶᠡᠷᠦᠩᠬᠡᠢ ᠵᠠᠬᠢᠷᠭ᠋ᠠᠨ᠎ᠤ ᠡᠵᠡᠯᠡᠵᠦ ᠪᠠᠢ᠌ᠭ᠎ᠠ ᠶᠡᠷᠦᠩᠬᠡᠢ ᠲᠠᠯᠠᠪᠠᠢ 400 ᠭᠠᠷᠤᠢ ᠮᠦ᠍᠂ ᠶᠡᠷᠦᠩᠬᠡᠢ ᠳᠠᠳᠤᠯᠭ᠎ᠠ ᠪᠣᠯᠪᠠᠰᠤᠷᠠᠯ᠎ᠤᠨ ᠰᠠᠭᠤᠷᠢᠨ 3400 ᠭᠠᠷᠤᠢ ᠮᠦ᠍ ᠡᠵᠡᠯᠡᠵᠦ ᠪᠣᠢ᠃ ᠣᠲᠣ ᠠᠵᠢᠯ ᠮᠡᠷᠭᠡᠵᠢᠯ᠎ᠤᠨ ᠵᠢᠩᠬᠢᠨᠢ ᠠᠩᠭᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠠᠴᠠ ᠡᠬᠢᠯᠡᠬᠦ ᠲᠠᠪᠤᠨ ᠵᠢᠯ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠂ ᠮᠡᠷᠭᠡᠵᠢᠯ᠎ᠤᠨ ᠠᠵᠢᠯᠴᠢᠨ ᠵᠡᠷᠭᠡ ᠡᠯ᠎ᠡ ᠲᠥᠷᠥᠯ᠎ᠤᠨ ᠬᠥᠮᠦᠵᠢᠭᠦᠯᠬᠦ ᠱᠠᠲᠤᠨ᠎ᠤ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 11000 ᠭᠠᠷᠤᠶ ᠪᠠᠶ᠋ᠢᠵᠤ᠂ ᠪᠥᠬᠥ ᠤᠯᠤᠰ᠎ᠤᠨ ᠤᠶᠤᠲᠠᠳ᠎ᠤᠨ ᠮᠠᠰᠢᠨ ᠬᠥᠮᠦᠨ᠎ᠤ ᠶᠡᠬᠡ ᠤᠷᠤᠯᠳᠤᠭ᠋ᠠᠨ᠂ ᠪᠥᠬᠥ ᠤᠯᠤᠰ᠎ᠤᠨ ᠬᠣᠲᠠ ᠵᠢᠨ ᠲᠡᠮᠦᠷ ᠵᠠᠮ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ 《ᠬᠤᠪᠢᠰᠬᠠᠯᠲᠤ ᠰᠣᠩᠭᠣᠳᠠᠭ ᠵᠣᠬᠢᠶᠠᠯ ᠵᠶ᠋ᠠᠨ ᠤᠶᠠᠩᠭ᠋ᠠᠯᠠᠨᠠᠮ》 ᠭᠡᠬᠦ ᠤᠩᠰᠢᠯᠭ᠎ᠠ ᠵᠢᠨ ᠤᠷᠤᠯᠳᠤᠭ᠋ᠠᠨ ᠵᠡᠷᠭᠡ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠴᠢ ᠰᠣᠶᠣᠯ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠰᠢᠯᠢᠳᠡᠭ ᠬᠢᠷᠢ ᠪᠦᠲᠦᠮᠵᠢ ᠤᠯᠪᠠ᠃ ᠣᠲᠣ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠪᠠᠭᠰᠢ 627 ᠪᠠᠶ᠋ᠢᠵᠤ᠂ 《ᠬᠤᠤᠰ ᠬᠡᠯᠪᠡᠷᠢᠲᠦ ᠪᠠᠭᠰᠢ》 54 % ᠵᠢ ᠡᠵᠡᠯᠡᠨ᠂ ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ 1᠂ ᠪᠥᠬᠥ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠮᠡᠷᠭᠡᠵᠢᠯ᠎ᠤᠨ ᠨᠠᠷᠠᠲᠤ ᠪᠠᠭᠰᠢ 1᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》 2᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠢᠳᠠᠪᠤᠷᠢᠲᠠᠨ 3᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 7᠂ ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠪᠦᠯᠬᠦᠮ 7 ᠵᠢ ᠬᠥᠮᠦᠵᠢᠭᠦᠯᠵᠦ᠂ ᠮᠡᠷᠭᠡᠵᠢᠯ᠎ᠤᠨ ᠶᠡᠬᠡ ᠪᠠᠭᠰᠢ ᠵᠢᠨ ᠠᠵᠢᠯᠯᠠᠬᠤ ᠲᠠᠰᠤᠭ 3 ᠵᠢ ᠪᠠᠶ᠋ᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ 40 ᠭᠠᠷᠤᠶ ᠵᠢᠯ ᠭᠦᠨᠵᠡᠭᠡᠶ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠳᠪᠦᠷᠢᠯᠡᠯ᠎ᠤᠨ ᠪᠥᠲᠥᠭᠡᠨ ᠪᠠᠶ᠋ᠢᠭᠤᠯᠤᠯᠲᠠ ᠵᠢᠨ ᠨᠢᠭᠡᠳᠦᠭᠡᠷ ᠹᠷᠣᠨᠲ᠎ᠲᠤ ᠶᠡᠬᠡ ᠬᠡᠮᠵᠢᠶᠡᠨ᠎ᠤ ᠲᠤᠰᠬᠠᠶ ᠮᠡᠷᠭᠡᠵᠢᠯᠲᠡᠨ᠎ᠢ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠳᠡᠮᠵᠢᠯᠭᠡ ᠪᠠ ᠣᠶᠤᠨ᠎ᠤ ᠪᠠᠲᠤᠯᠠᠭ᠎ᠠ ᠵᠢ ᠬᠠᠩᠭ᠋ᠠᠪᠠ᠃


ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠪᠠ᠃ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ + ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ + ᠪᠥᠬᠦ ᠠᠵᠢᠯᠲᠠᠨ ᠬᠥᠮᠦᠨ᠎ᠢ ᠬᠥᠮᠥᠵᠢᠭᠦᠯᠬᠦ᠂ ᠪᠥᠬᠦ ᠶᠠᠪᠤᠴᠠ᠎ᠳᠤ ᠬᠥᠮᠦᠨ᠎ᠢ ᠬᠥᠮᠥᠵᠢᠭᠦᠯᠬᠦ᠂ ᠪᠥᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ》 ᠳᠣᠭᠲᠠᠯᠴᠠᠭ᠎ᠠ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠵᠡᠯ ᠰᠠᠨᠠᠭ᠎ᠠ ᠤᠯᠤᠰ ᠲᠥᠷᠥ ᠵᠢᠨ ᠨᠠᠷᠠᠲᠤ ᠪᠠᠭᠰᠢ ᠵᠢᠨ ᠠᠵᠢᠯᠯᠠᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠲᠥᠪ᠎ᠢ ᠪᠠᠶ᠋ᠢᠭᠤᠯᠵᠤ᠂ ᠰᠣᠶᠣᠯ ᠵᠶ᠋ᠠᠷ ᠬᠥᠮᠦᠨ᠎ᠢ ᠬᠥᠮᠦᠵᠢᠭᠦᠯᠬᠦ ᠰᠢᠨ᠎ᠡ ᠥᠨᠳᠥᠷᠯᠢᠭ ᠭᠠᠵᠠᠷ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢ ᠵᠢ ᠬᠥᠲᠥᠯᠥᠨ ᠵᠢᠯᠣᠭᠣᠳᠴᠤ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ᠎ᠨᠢ ᠵᠤᠵᠠᠭ᠋ᠠᠳᠬᠠᠵᠤ᠂ 《ᠳᠤᠮᠳᠠᠳᠤ ᠤᠯᠤᠰ᠎ᠤᠨ ᠳᠡᠪᠢᠰᠭᠡᠷ ᠥᠩᠭᠡ》 ᠵᠢ ᠰᠠᠶ᠋ᠢᠲᠤᠷ ᠱᠤᠭᠤᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢ ᠰᠤᠷᠭ᠋ᠠᠭᠤᠯᠢ ᠵᠢᠨ ᠬᠦᠷᠢᠶᠡᠨ᠎ᠳᠤ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠪᠠ᠃
ᠠᠵᠤ ᠦᠢ᠍ᠯᠡᠰ᠎ᠲᠤ ᠠᠩᠬᠠᠷᠤᠯ ᠵᠶ᠋ᠠᠨ ᠬᠠᠨᠳᠤᠭᠤᠯᠵᠤ᠂ ᠣᠨᠴᠠᠯᠢᠭᠲᠤ ᠲᠤᠰᠬᠠᠶ ᠮᠡᠷᠭᠡᠵᠢᠯ᠎ᠤᠨ ᠲᠡᠮᠳᠡᠭᠲᠦ ᠵᠢᠨ ᠳᠠᠪᠠᠭᠤᠯᠢᠭ᠎ᠢ ᠢᠯᠡᠷᠡᠭᠦᠯᠪᠡ᠃ ᠰᠤᠷᠭ᠋ᠠᠭᠤᠯᠢ᠎ᠨᠢ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠠᠶ᠋ᠢᠯᠳᠤᠬᠤ ᠪᠣᠳᠣᠯᠭ᠎ᠠ᠎ᠲᠠᠢ ᠵᠣᠯᠭ᠋ᠠᠭᠤᠯᠵᠤ᠂ 《ᠲᠣᠮᠣ ᠵᠠᠮ ᠬᠠᠷᠢᠯᠴᠠᠭ᠎ᠠ᠂ ᠰᠢᠨ᠎ᠡ ᠵᠠᠮ ᠬᠠᠷᠢᠯᠴᠠᠭ᠎ᠠ》 ᠵᠢᠨ ᠣᠨᠣᠯᠵᠢᠬᠤᠨ᠎ᠤ ᠲᠣᠭᠣᠷᠢᠨ᠎ᠳᠤ ᠮᠠᠰᠢᠨ ᠲᠡᠷᠭᠡ᠂ ᠵᠠᠮ᠎ᠤᠨ ᠬᠥᠭᠥᠷᠭᠡ᠂ ᠪᠠᠷᠢᠯᠭ᠎ᠠ᠂ ᠴᠠᠬᠢᠯᠭ᠋ᠠᠨ᠂ ᠪᠠᠷᠠᠭ᠋ᠠᠨ᠎ᠤ ᠭᠦᠢ᠍ᠯᠭᠡᠭᠡ᠂ ᠲᠡᠮᠦᠷ ᠵᠠᠮ᠎ᠤᠨ ᠵᠠᠮ ᠬᠠᠷᠢᠯᠴᠠᠭ᠎ᠠ᠂ ᠠᠭ᠋ᠠᠷ᠎ᠤᠨ ᠲᠡᠭᠡᠭᠡᠪᠦᠷᠢ ᠵᠡᠷᠭᠡ 7 ᠲᠣᠮᠣ ᠣᠨᠴᠠᠯᠢᠭᠲᠤ ᠲᠤᠰᠬᠠᠶ ᠮᠡᠷᠭᠡᠵᠢᠯ᠎ᠤᠨ ᠴᠤᠭᠯᠠᠷᠠᠯ 40 ᠲᠤᠰᠬᠠᠶ ᠮᠡᠷᠭᠡᠵᠢᠯ᠎ᠢ ᠪᠠᠢ᠌ᠭᠤᠯᠵᠤ᠂ ᠡᠭᠦᠨ᠎ᠳᠤ ᠪᠥᠬᠥ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠪᠥᠲᠥᠭᠡᠨ ᠪᠠᠶ᠋ᠢᠭᠤᠯᠬᠤ ᠲᠤᠰᠬᠠᠶ ᠮᠡᠷᠭᠡᠵᠢᠯ 2᠂ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ᠎ᠤ ᠰᠣᠳᠣᠨ ᠬᠢᠴᠢᠶᠡᠯ 6 ᠪᠠᠶ᠋ᠢᠵᠤ᠂ ᠵᠣᠬᠢᠴᠠᠩᠭᠤᠶ᠎ᠪᠠᠷ ᠬᠥᠭᠵᠢᠭᠰᠡᠨ ᠣᠲᠣ ᠦᠶ᠎ᠡ ᠵᠢᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠤᠰᠬᠠᠶ ᠮᠡᠷᠭᠡᠵᠢᠯ᠎ᠤᠨ ᠳᠣᠭᠲᠠᠯᠴᠠᠭ᠎ᠠ ᠵᠢ ᠦᠨᠳᠦᠰᠦᠨ᠎ᠳᠤ᠎ᠪᠠᠨ ᠪᠦᠷᠢᠳᠦᠭᠦᠯᠪᠡ᠃


ᠬᠠᠮᠵᠢᠯᠴᠠᠨ ᠬᠥᠮᠦᠨ᠎ᠢ ᠬᠥᠮᠦᠵᠢᠭᠦᠯᠵᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠬᠠᠵᠤ ᠰᠢᠨ᠎ᠡ ᠵᠢ ᠡᠭᠦᠳᠦᠨ ᠬᠥᠭᠵᠢᠬᠦ ᠵᠢ ᠬᠥᠲᠥᠯᠥᠨ ᠳᠠᠭ᠋ᠠᠭᠤᠯᠪᠠ᠃ ᠰᠤᠷᠭ᠋ᠠᠭᠤᠯᠢ᠎ᠨᠢ ᠠᠵᠢᠯ ᠣᠯᠭᠣᠯᠲᠠ ᠵᠢᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠭᠰᠠᠨ᠂ ᠠᠵᠢᠯ ᠲᠥᠷᠥᠯ᠎ᠳᠤ ᠭᠦᠨᠵᠡᠭᠡᠶ ᠵᠢᠯᠣᠭᠣᠳᠤᠭᠰᠠᠨ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠭᠦᠨᠵᠡᠭᠡᠶ ᠠᠭᠤᠰᠤᠭᠰᠠᠨ ᠰᠤᠷᠭ᠋ᠠᠭᠤᠯᠢ ᠪᠠ ᠠᠵᠤ ᠠᠬᠤᠶ᠋ᠢᠯᠠᠯ ᠨᠢᠭᠲᠠᠷᠬᠠᠰᠠᠨ ᠬᠡᠯᠪᠡᠷᠢᠲᠦ ᠬᠠᠮᠲᠤᠷᠠᠨ ᠰᠤᠷᠭ᠋ᠠᠭᠤᠯᠢ ᠡᠷᠭᠢᠯᠡᠬᠦ ᠲᠣᠭᠲᠠᠴᠠ ᠵᠢ ᠢᠳᠡᠪᠬᠢᠲᠡᠶ ᠪᠠᠶ᠋ᠢᠭᠤᠯᠪᠠ᠃ ᠳᠤᠮᠳᠠᠳᠤ ᠭᠧᠷᠮᠠᠨ᠎ᠤ ᠮᠠᠰᠢᠨ ᠲᠡᠷᠭᠡᠨ᠎ᠤ ᠮᠠᠰᠢᠨ ᠴᠠᠬᠢᠯᠭ᠋ᠠᠨ᠎ᠤ ᠲᠥᠰᠦᠯ᠎ᠤᠨ ᠠᠩᠭᠢ᠂ ᠪᠥᠸᠧ ᠱ᠌ᠢ ᠢᠨᠵᠧᠨᠧᠷ᠎ᠤᠨ ᠠᠩᠭᠢ᠂ ᠨᠢᠭᠡᠳᠦᠭᠡᠷ ᠮᠠᠰᠢᠨ ᠲᠡᠷᠭᠡᠨ᠎ᠤ ᠪᠥᠯᠦᠭᠯᠡᠯ᠎ᠤᠨ ᠳ᠋ᠠ ᠵᠦᠩ ᠢᠨᠵᠧᠨᠧᠷ᠎ᠤᠨ ᠠᠩᠭᠢ᠂ ᠵᠢᠩ ᠳ᠋ᠦᠩ ᠪᠠᠷᠠᠭ᠋ᠠᠨ᠎ᠤ ᠭᠦᠢ᠍ᠯᠭᠡᠭᠡᠨ᠎ᠤ ᠠᠩᠭᠢ᠂ ᠰᠢᠶᠠᠨ ᠾᠧᠩ ᠣᠯᠠᠨ ᠤᠯᠤᠰ᠎ᠤᠨ ᠠᠩᠭᠢ ᠵᠡᠷᠭᠡ ᠵᠠᠬᠢᠶᠠᠯᠠᠭ᠎ᠠ ᠵᠢᠨ ᠬᠡᠯᠪᠡᠷᠢᠲᠦ ᠲᠥᠰᠦᠯ᠎ᠤᠨ ᠠᠩᠭᠢ ᠵᠢ ᠵᠠᠯᠭ᠋ᠠᠭ᠎ᠠ᠎ᠪᠠᠷ ᠵᠣᠬᠢᠶᠠᠨ ᠪᠠᠶ᠋ᠢᠭᠤᠯᠪᠠ; ᠠᠵᠤ ᠠᠬᠤᠶ᠋ᠢᠯᠠᠯ᠎ᠲᠠᠢ ᠬᠠᠮᠲᠤᠷᠠᠨ ᠲᠡᠮᠦᠷ ᠵᠠᠮ᠎ᠤᠨ ᠵᠠᠮ ᠬᠠᠷᠢᠯᠴᠠᠭ᠋ᠠᠨ᠎ᠤ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠣᠨᠴᠠ ᠲᠥᠷᠥᠯ᠎ᠤᠨ ᠲᠡᠷᠭᠡ ᠪᠣᠯᠪᠠᠰᠤᠷᠠᠭᠤᠯᠬᠤ ᠳᠡᠭᠡᠳᠦ ᠰᠤᠷᠭ᠋ᠠᠭᠤᠯᠢ᠂ ᠵᠢᠯᠣᠭᠣᠴᠢ ᠥᠬᠡᠶ ᠨᠢᠰᠬᠡᠯ᠎ᠤᠨ ᠳᠡᠭᠡᠳᠦ ᠰᠤᠷᠭ᠋ᠠᠭᠤᠯᠢ᠂ ᠣᠩᠭᠣᠴᠠᠴᠢᠨ ᠪᠣᠯᠪᠠᠰᠤᠷᠠᠭᠤᠯᠬᠤ ᠰᠠᠭᠤᠷᠢᠨ ᠭᠠᠵᠠᠷ᠂ ᠠᠭ᠋ᠠᠷ᠎ᠤᠨ ᠠᠶᠠᠯᠠᠯ᠎ᠤᠨ ᠲᠥᠰᠦᠯ᠎ᠤᠨ ᠬᠡᠯᠲᠡᠰ ᠵᠡᠷᠭᠡ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠵᠤ᠂ ᠲᠤᠰᠬᠠᠶ ᠮᠡᠷᠭᠡᠵᠢᠯ ᠵᠢᠴᠢ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠪᠠᠷ ᠨᠡᠭᠡᠭᠡᠨ ᠬᠥᠭᠵᠢᠭᠦᠯᠵᠦ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢ᠌ᠭᠤᠯᠤᠨ᠂ 《ᠬᠤᠤᠰ ᠪᠠᠭᠰᠢ》 ᠵᠢᠨ ᠬᠡᠯᠪᠡᠷᠢᠲᠦ ᠪᠠᠭᠰᠢ ᠵᠢᠨ ᠡᠩᠨᠡᠭᠡ ᠵᠢ ᠬᠥᠮᠥᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠨᠢᠭᠡ ᠴᠣᠭᠴᠠᠵᠢᠭᠤᠯᠤᠨ ᠬᠥᠮᠦᠨ᠎ᠢ ᠬᠥᠮᠦᠵᠢᠭᠦᠯᠬᠦ ᠣᠳᠣ ᠦᠶ᠎ᠡ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠪᠴᠠᠩ᠎ᠢ ᠪᠠᠢ᠌ᠭᠤᠯᠵᠤ᠂ ᠲᠡᠭᠦᠰᠬᠦ ᠰᠤᠷᠤᠭᠴᠢᠳ᠎ᠤᠨ ᠨᠠᠩ ᠴᠢᠨᠠᠷᠯᠢᠭ ᠨᠠᠩ ᠭᠦᠢ᠍ᠴᠡᠳ ᠠᠵᠢᠯ ᠣᠯᠭᠣᠯᠲᠠ ᠵᠢ ᠪᠦᠲᠦᠮᠵᠢᠲᠡᠶ ᠠᠬᠢᠭᠤᠯᠵᠤ᠂ ᠣᠶ᠋ᠢᠷ᠎ᠠ ᠵᠢᠨ ᠵᠢᠯ᠎ᠳᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ ᠨᠣᠷᠮ᠎ᠠ ᠢᠮᠠᠭᠲᠠ 95 %᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠲᠡᠭᠦᠰᠬᠦ ᠰᠤᠷᠤᠭᠴᠢᠳ᠎ᠤᠨ ᠬᠠᠨᠤᠮᠵᠢ ᠵᠢᠨ ᠬᠡᠮᠵᠢᠶ᠎ᠡ ᠪᠠ ᠬᠥᠮᠦᠨ ᠬᠡᠷᠡᠭᠯᠡᠬᠦ ᠨᠢᠭᠡᠴᠢ ᠵᠢᠨ ᠬᠠᠨᠤᠮᠵᠢ ᠵᠢᠨ ᠬᠡᠮᠵᠢᠶ᠎ᠡ ᠢᠮᠠᠭᠲᠠ 97 %᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠳᠡᠰ ᠳᠠᠪᠬᠤᠷᠭ᠎ᠠ ᠥᠨᠳᠥᠷ᠂ ᠠᠩᠬᠠᠨ᠎ᠤ ᠴᠠᠯᠢᠩ ᠥᠨᠳᠥᠷ᠂ ᠠᠵᠢᠯ ᠲᠥᠷᠥᠯ ᠵᠶ᠋ᠠᠷ ᠨᠢᠭᠡᠳᠬᠦ ᠨᠣᠷᠮ᠎ᠠ ᠥᠨᠳᠥᠷ᠂ ᠲᠣᠭᠲᠠᠭᠤᠨ᠎ᠤ ᠨᠣᠷᠮ᠎ᠠ ᠥᠨᠳᠥᠷ ᠰᠠᠢ᠌ᠨ ᠪᠠᠢ᠌ᠳᠠᠯ ᠢᠯᠡᠷᠡᠵᠦ᠂ ᠠᠩᠬᠠᠳᠠᠭᠴᠢ ᠪᠦᠯᠦᠭ᠎ᠤᠨ ᠲᠤᠷᠰᠢᠯᠲᠠ ᠵᠢᠨ ᠴᠡᠭ᠎ᠤᠨ ᠳᠡᠭᠡᠳᠦ ᠰᠤᠷᠭ᠋ᠠᠭᠤᠯᠢ ᠪᠠ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠴᠡᠭ᠎ᠤᠨ ᠳᠠᠭ᠋ᠠᠭᠤᠯᠤᠭᠴᠢ ᠨᠢᠭᠡᠴᠢ ᠪᠣᠯᠤᠭᠰᠠᠨ᠎ᠤ ᠬᠤᠪᠢ᠎ᠳᠤ᠂ ᠳᠡᠭᠡᠳᠦ ᠰᠤᠷᠭ᠋ᠠᠭᠤᠯᠢ᠎ᠨᠢ 1 + X ᠦᠨᠡᠮᠯᠡᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠶᠡᠬᠡ᠎ᠪᠠᠷ ᠠᠬᠢᠭᠤᠯᠵᠤ᠂ ᠨᠢᠭᠡᠨᠲᠡ 13 ᠲᠤᠰᠬᠠᠶ ᠮᠡᠷᠭᠡᠵᠢᠯ᠎ᠳᠤ ᠬᠠᠨᠳᠤᠭᠤᠯᠤᠨ 3 ᠪᠦᠯᠦᠭ 11 X ᠦᠨᠡᠮᠯᠡᠯ᠎ᠤᠨ ᠰᠢᠯᠭ᠋ᠠᠨ ᠦᠨᠡᠯᠡᠯᠲᠡ ᠵᠢ ᠥᠷᠨᠢᠭᠦᠯᠵᠦ᠂ 《ᠬᠢᠴᠢᠶᠡᠯ ᠪᠠ ᠠᠵᠢᠯ᠎ᠤᠨ ᠪᠠᠶ᠋ᠢᠷᠢ ᠵᠢᠨ ᠦᠨᠡᠮᠯᠡᠯ᠎ᠤᠨ ᠠᠭᠤᠰᠤᠯᠴᠠᠭ᠎ᠠ》 ᠵᠢ ᠭᠦᠨᠵᠡᠭᠡᠶ᠋ᠢᠷᠡᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠎ᠤᠨ ᠪᠠᠷᠢᠮᠵᠢᠶ᠎ᠠ ᠪᠠ ᠠᠭᠤᠯᠭ᠎ᠠ ᠵᠢ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠳᠤ ᠠᠭᠤᠰᠬᠠᠵᠤ᠂ ᠬᠠᠮ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ ᠪᠠ ᠦᠨᠡᠯᠡᠬᠦ ᠬᠡᠪ ᠵᠠᠭᠪᠤᠷ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠪᠡ᠃
ᠭᠤᠯᠳᠤ᠎ᠪᠠᠷ ᠨᠡᠪᠲᠡᠷᠡᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠶ᠋ᠢᠵᠢᠬᠤ ᠵᠠᠮ᠎ᠢ ᠨᠡᠪᠲᠡᠷᠡᠭᠦᠯᠪᠡ᠃ ᠰᠤᠷᠭ᠋ᠠᠭᠤᠯᠢ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠲᠦᠷᠦᠭᠦᠯᠡᠨ ᠪᠠᠶ᠋ᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠣᠷᠣᠨ ᠪᠦᠰᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠬᠦᠯᠢ ᠴᠣᠭᠴᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠱᠠᠭ᠋ᠠᠷᠳᠠᠯᠭ᠎ᠠ ᠶᠣᠰᠤ᠎ᠪᠠᠷ ᠳᠤᠮᠳᠠ ᠵᠡᠷᠭᠡ ᠵᠢᠨ ᠠᠵᠢᠯ ᠮᠡᠷᠭᠡᠵᠢᠯ ᠬᠢᠭᠡᠳ ᠳᠡᠭᠡᠳᠦ ᠵᠡᠷᠭᠡ ᠵᠢᠨ ᠠᠵᠢᠯ ᠮᠡᠷᠭᠡᠵᠢᠯ᠎ᠢ ᠨᠡᠪᠲᠡᠷᠡᠭᠦᠯᠦᠭᠰᠡᠨ᠂ ᠳᠡᠭᠡᠳᠦ ᠵᠡᠷᠭᠡ ᠵᠢᠨ ᠠᠵᠢᠯ ᠮᠡᠷᠭᠡᠵᠢᠯ ᠬᠢᠭᠡᠳ ᠵᠢᠩᠬᠢᠨᠢ ᠠᠩᠭᠢ ᠵᠢ ᠵᠣᠯᠭ᠋ᠠᠭᠤᠯᠤᠭᠰᠠᠨ ᠴᠢᠳᠠᠪᠤᠷᠢᠲᠠᠨ᠎ᠢ ᠬᠥᠮᠦᠵᠢᠭᠦᠯᠬᠦ 《ᠵᠦᠷᠢᠯᠢᠭ ᠬᠥᠭᠥᠷᠭᠡ》 ᠵᠢ ᠢᠳᠡᠪᠬᠢᠲᠡᠶ᠎ᠪᠠᠷ ᠪᠠᠢ᠌ᠭᠤᠯᠪᠠ᠃ ᠤᠯᠠᠭ᠋ᠠᠨᠬᠠᠳᠠ ᠬᠣᠲᠠ ᠵᠢᠨ 11 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠲᠠᠢ ᠬᠠᠮᠲᠤᠷᠠᠨ 14 ᠲᠤᠰᠬᠠᠶ ᠮᠡᠷᠭᠡᠵᠢᠯ᠎ᠨᠢ ᠳᠤᠮᠳᠠ ᠵᠡᠷᠭᠡ ᠵᠢᠨ ᠠᠵᠢᠯ ᠮᠡᠷᠭᠡᠵᠢᠯ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠬᠠᠮᠲᠤᠷᠠᠨ ᠰᠤᠷᠭ᠋ᠠᠭᠤᠯᠢ ᠡᠷᠭᠢᠯᠡᠬᠦ ᠵᠢ ᠥᠷᠨᠢᠭᠦᠯᠪᠡ; ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠡᠷᠭᠡ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠵᠢᠩᠬᠢᠨᠢ ᠠᠩᠭᠢ ᠵᠢᠨ ᠲᠠᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠥᠷᠨᠢᠭᠦᠯᠪᠡ; ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠵᠢᠨᠢᠩ᠎ᠤᠨ ᠪᠠᠭᠰᠢ ᠵᠢᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠬᠤᠩ ᠳ᠋ᠧ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠪᠦᠬᠦᠯᠢ ᠡᠳᠦᠷ᠎ᠤᠨ ᠳᠦᠷᠢᠮᠲᠦ ᠲᠤᠰᠬᠠᠶ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ ᠰᠤᠷᠭ᠋ᠠᠨ ᠬᠥᠮᠦᠵᠢᠯ᠎ᠢ ᠥᠷᠨᠢᠭᠦᠯᠪᠡ; ᠪᠡᠭᠡᠵᠢᠩ᠎ᠤᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠎ᠲᠠᠢ ᠬᠠᠮᠲᠤᠷᠠᠨ ᠪᠦᠬᠦᠯᠢ ᠡᠳᠦᠷ᠎ᠤᠨ ᠪᠤᠰᠤ ᠳᠦᠷᠢᠮᠲᠦ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠥᠷᠨᠢᠭᠦᠯᠵᠦ᠂ ᠨᠠᠩ ᠣᠯᠠᠨ ᠰᠤᠷᠤᠭᠴᠢ᠎ᠳᠤ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠣᠬᠢᠶᠠᠯ᠎ᠢ ᠣᠯᠭᠣᠪᠠ᠃



ᠬᠥᠨᠳᠡᠯᠡᠨ ᠵᠶ᠋ᠠᠷ ᠠᠭᠤᠰᠤᠨ ᠨᠡᠪᠲᠡᠷᠡᠵᠦ᠂ ᠪᠦᠬᠦ ᠠᠷᠠᠳ᠎ᠤᠨ ᠨᠠᠰᠤᠨ ᠲᠤᠷᠰᠢᠳᠠ ᠵᠢᠨ ᠰᠤᠷᠤᠯᠴᠠᠯᠭ᠎ᠠ ᠵᠢ ᠠᠬᠢᠭᠤᠯᠬᠤ᠎ᠳᠤ ᠬᠦᠴᠦᠨ ᠨᠡᠮᠡᠷᠢᠯᠡᠪᠡ᠃ ᠳᠡᠭᠡᠳᠦ ᠰᠤᠷᠭ᠋ᠠᠭᠤᠯᠢ᠎ᠨᠢ ᠨᠡᠶ᠋ᠢᠭᠡᠮ᠎ᠤᠨ ᠦᠢ᠍ᠯᠡᠴᠢᠯᠡᠭᠡᠨ᠎ᠤ ᠴᠢᠳᠠᠮᠵᠢ᠎ᠪᠠᠨ ᠲᠠᠰᠤᠷᠠᠯᠳᠠ ᠥᠭᠡᠢ ᠳᠡᠭᠡᠭᠰᠢᠯᠡᠭᠦᠯᠵᠦ᠂ ᠠᠵᠢᠯ ᠲᠥᠷᠥᠯ ᠬᠢᠭᠡᠳ ᠣᠷᠣᠨ ᠪᠥᠰᠡ ᠵᠢᠨ ᠳᠣᠲᠣᠷᠠᠬᠢ ᠲᠠᠭ᠋ᠠᠭᠤᠯᠤᠭᠴᠢ ᠠᠵᠤ ᠠᠬᠤᠶ᠋ᠢᠯᠠᠯ᠎ᠯᠤᠭ᠎ᠠ ᠨᠧᠢ ᠾᠧ ᠣᠩᠭᠣᠴᠠᠴᠢᠨᠤ ᠪᠣᠯᠪᠠᠰᠤᠷᠠᠭᠤᠯᠤᠯ᠎ᠤᠨ ᠲᠥᠪ᠂ ᠭᠠᠯ᠎ᠢ ᠰᠡᠷᠭᠡᠢ᠌ᠯᠡᠵᠦ ᠠᠶᠤᠯ᠎ᠠᠴᠠ ᠬᠠᠮᠠᠭ᠋ᠠᠯᠠᠬᠤ ᠪᠣᠯᠪᠠᠰᠤᠷᠠᠭᠤᠯᠤᠯ᠎ᠤᠨ ᠰᠠᠭᠤᠷᠢᠨ᠂ ᠪᠠᠷᠢᠯᠭ᠎ᠠ ᠵᠢᠨ ᠠᠵᠢᠯᠴᠢᠨ᠎ᠤ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ᠎ᠤᠨ ᠰᠠᠭᠤᠷᠢᠨ᠂ ᠲᠦᠷᠭᠡᠨ ᠬᠦᠷᠭᠡᠬᠦ ᠦᠢ᠍ᠯᠡᠰ᠎ᠤᠨ ᠪᠣᠯᠪᠠᠰᠤᠷᠠᠭᠤᠯᠤᠯ᠎ᠤᠨ ᠲᠥᠪ ᠵᠡᠷᠭᠡ 7 ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠬᠠᠮᠲᠤᠷᠠᠨ ᠪᠠᠶ᠋ᠢᠭᠤᠯᠵᠤ᠂ ᠨᠡᠶ᠋ᠢᠭᠡᠮ᠎ᠳᠤ ᠬᠠᠨᠳᠤᠭᠤᠯᠤᠨ 16 ᠲᠥᠷᠥᠯ᠎ᠤᠨ ᠠᠵᠢᠯ ᠮᠡᠷᠭᠡᠵᠢᠯ᠎ᠳᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠬᠢᠨᠠᠨ ᠲᠣᠭᠲᠠᠭ᠋ᠠᠯᠲᠠ ᠬᠢᠪᠡ᠃ ᠪᠥᠲᠦᠭᠡᠨ ᠪᠠᠢ᠌ᠭᠤᠯᠤᠯᠲᠠ ᠵᠢᠨ ᠡᠵᠡᠯᠡᠵᠦ ᠪᠠᠢ᠌ᠭ᠎ᠠ ᠭᠠᠵᠠᠷ 3400 ᠭᠠᠷᠤᠶ ᠮᠦ᠍ ᠪᠠᠢ᠌ᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠬᠠᠮᠤᠭ᠎ᠤᠨ ᠶᠡᠬᠡ ᠵᠠᠮ ᠬᠠᠷᠢᠯᠴᠠᠭ᠋ᠠᠨ᠎ᠤ ᠶᠡᠷᠦᠩᠬᠡᠶ᠋ᠢᠯᠡᠭᠰᠡᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠣᠯᠪᠠ᠃ ᠳᠡᠭᠡᠳᠦ ᠰᠤᠷᠭ᠋ᠠᠭᠤᠯᠢ᠎ᠨᠢ ᠵᠢᠯ ᠪᠦᠷᠢ ᠳᠤᠮᠳᠠᠴᠢ᠎ᠪᠠᠷ ᠡᠯ᠎ᠡ ᠲᠥᠷᠥᠯ᠎ᠤᠨ ᠪᠣᠯᠪᠠᠰᠤᠷᠠᠭᠤᠯᠤᠯ᠎ᠢ 12000 ᠭᠠᠷᠤᠶ ᠬᠥᠮᠦᠨ ᠤᠳᠠᠭ᠎ᠠ ᠥᠷᠨᠢᠭᠦᠯᠵᠦ᠂ ᠪᠦᠬᠦ ᠲᠠᠯ᠎ᠠ᠎ᠪᠠᠷ ᠦᠢ᠍ᠯᠡᠴᠢᠯᠡᠬᠦ᠂ ᠣᠯᠠᠨ ᠡᠰᠢᠵᠢᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶ᠋ᠢᠨ᠎ᠠ᠃
