ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠵᠢᠨ᠎ᠬᠢᠨ 《ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ ᠮᠢᠨᠦ ᠥᠯᠦᠭᠡᠢ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-06-07


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ
     — 《ᠦᠵᠡᠰᠬᠦᠯᠡᠩᠲᠦ ᠰᠠᠢ᠌ᠬᠠᠨ ᠲᠠᠯ᠎ᠠ ᠨᠤᠲᠤᠭ ᠮᠢᠨᠤ ᠥᠯᠦᠭᠡᠢ》



      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ


      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠯᠠᠭ᠋ᠠᠨᠴᠠᠪ ᠬᠤᠳᠠ᠎ᠳᠤ ᠪᠠᠶ᠋ᠢᠷᠢᠯᠠᠨ᠎ᠠ᠃ ᠤᠯᠠᠭ᠋ᠠᠨᠴᠠᠪ ᠬᠣᠲᠠ ᠪᠣᠯ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ᠎ᠢ ᠲᠣᠭᠣᠷᠢᠭᠰᠠᠨ᠂ ᠬᠥᠬᠡᠬᠣᠲᠠ ᠪᠤᠭᠤᠲᠤ ᠢᠨᠴᠤᠸᠠᠨ ᠢᠦᠢ᠌ᠯᠢᠨ ᠭᠤᠷᠪᠠᠨ ᠶᠡᠬᠡ ᠠᠵᠤ ᠠᠬᠤᠶ ᠵᠢᠨ ᠲᠣᠭᠣᠷᠢᠭ᠎ᠤᠨ ᠠᠭᠤᠯᠵᠠᠷ ᠬᠡᠰᠡᠭ᠎ᠲᠤ ᠪᠠᠶ᠋ᠢᠷᠢᠯᠠᠵᠤ᠂ ᠠᠽᠢᠶ᠎ᠠ ᠧᠦ᠋ᠷᠣᠫᠠ ᠵᠢᠨ ᠠᠵᠤ ᠠᠬᠤᠶ ᠵᠢᠨ ᠪᠦᠰᠡ ᠵᠢᠨ ᠵᠠᠩᠭᠢᠯᠠᠭ᠎ᠠ ᠵᠢᠨ ᠬᠣᠲᠠ᠂ 《ᠳᠤᠮᠳᠠᠳᠤ ᠤᠯᠤᠰ᠎ᠤᠨ ᠲᠥᠮᠥᠰᠥᠨ᠎ᠤ ᠲᠥᠪ᠂ ᠰᠠᠯᠬᠢᠨ ᠬᠦᠴᠦᠨ᠎ᠤ ᠴᠠᠬᠢᠯᠭ᠋ᠠᠨ᠎ᠤ ᠲᠥᠪ᠂ ᠲᠠᠯ᠎ᠠ ᠨᠤᠲᠤᠭ᠎ᠤᠨ ᠠᠷᠠᠰᠤᠨ᠎ᠤ ᠲᠥᠪ᠂ ᠱᠧᠨ ᠵᠧᠦ ᠬᠦᠷᠢᠶᠡᠯᠡᠩ᠂ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠵᠤᠰᠠᠯᠠᠩ᠎ᠤᠨ ᠲᠥᠪ》 ᠵᠡᠷᠭᠡ ᠰᠠᠶ᠋ᠢᠬᠠᠨ ᠠᠯᠳᠠᠷᠲᠠᠶ ᠶᠤᠮ᠃
      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠥᠨᠢ ᠤᠳᠠᠭ᠋ᠠᠨ ᠲᠡᠦᠬᠡ᠎ᠲᠠᠢ᠂ ᠭᠦᠨ ᠵᠤᠵᠠᠭ᠋ᠠᠨ ᠰᠣᠶᠣᠯ᠎ᠤᠨ ᠬᠤᠷᠠᠮᠳᠤᠯ᠎ᠲᠠᠢ᠃ 1931 ᠣᠨ᠎ᠳᠤ᠂ ᠤᠤᠯ᠎ᠤᠨ ᠰᠦᠢ᠍ᠶᠤᠸᠠᠨ ᠮᠤᠵᠢ ᠵᠢᠨᠢᠩ᠎ᠳᠤ ᠰᠦᠢ᠍ᠶᠤᠸᠠᠨ᠎ᠤ ᠮᠤᠵᠢ ᠵᠢᠨ ᠬᠣᠶᠠᠳᠤᠭ᠋ᠠᠷ ᠪᠠᠭᠰᠢ ᠵᠢᠨ ᠰᠤᠷᠭ᠋ᠠᠭᠤᠯᠢ ᠵᠢ ᠡᠭᠦᠰᠭᠡᠨ ᠪᠠᠶ᠋ᠢᠭᠤᠯᠵᠤ᠂ ᠤᠯᠠᠭ᠋ᠠᠨᠴᠠᠪ᠎ᠤᠨ ᠣᠷᠴᠢᠨ ᠤᠳᠤ ᠦᠶ᠎ᠡ ᠵᠢᠨ ᠪᠠᠭᠰᠢ ᠵᠢᠨ ᠰᠤᠷᠭ᠋ᠠᠨ ᠬᠥᠮᠦᠵᠢᠯ᠎ᠤᠨ ᠠᠩᠬᠠᠨ᠎ᠤ ᠵᠠᠮ᠎ᠢ ᠨᠡᠭᠡᠭᠡᠵᠡᠢ᠃ 1958 ᠣᠨ᠎ᠳᠤ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠵᠦᠪᠰᠢᠶᠡᠷᠡᠯ ᠵᠶ᠋ᠡᠷ ᠤᠯᠠᠭ᠋ᠠᠨᠴᠠᠪ ᠠᠶ᠋ᠢᠮᠠᠭ᠎ᠤᠨ ᠪᠠᠭᠰᠢ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢ ᠪᠠᠶ᠋ᠢᠭᠤᠯᠪᠠ᠃ 1976 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠤᠯᠠᠭ᠋ᠠᠨᠴᠠᠪ ᠠᠶ᠋ᠢᠮᠠᠭ᠎ᠤᠨ ᠪᠠᠭᠰᠢ ᠵᠢᠨ ᠰᠤᠷᠭ᠋ᠠᠭᠤᠯᠢ ᠵᠢ ᠰᠡᠷᠭᠦᠭᠡᠬᠦ ᠵᠢ ᠵᠦᠪᠰᠢᠶᠡᠷᠡᠪᠡ᠃ 1977 ᠣᠨ᠎ᠳᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢ ᠰᠡᠷᠭᠦᠭᠡᠭᠰᠡᠨ᠎ᠤ ᠳᠠᠷᠠᠭ᠎ᠠ᠂ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠠᠩᠭᠢ ᠵᠢ ᠡᠬᠢᠯᠡᠨ ᠡᠯᠰᠡᠪᠡ᠃ 1978 ᠣᠨ᠎ᠳᠤ᠂ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠠᠩᠭᠢᠲᠤ ᠲᠤᠰᠠᠭ᠋ᠠᠷ ᠰᠤᠷᠭ᠋ᠠᠭᠤᠯᠢ ᠡᠷᠭᠢᠯᠡᠪᠡ᠃ 1985 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠤᠯᠠᠭ᠋ᠠᠨᠴᠠᠪ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠠᠩᠭᠢ ᠵᠢᠨ ᠰᠠᠭᠤᠷᠢᠨ ᠳᠡᠭᠡᠷ᠎ᠡ ᠤᠯᠠᠭ᠋ᠠᠨᠴᠠᠪ᠎ᠤᠨ ᠪᠠᠭᠰᠢ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠪᠡ᠃ 1995 ᠣᠨ᠎ᠳᠤ᠂ ᠵᠢᠨᠢᠩ ᠪᠠᠭᠰᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠪᠠ᠃ 2000 ᠣᠨ᠎ᠳᠤ᠂ ᠤᠯᠠᠭ᠋ᠠᠨᠴᠠᠪ ᠠᠶ᠋ᠢᠮᠠᠭ᠎ᠤᠨ ᠪᠠᠭᠰᠢ ᠵᠢᠨ ᠰᠤᠷᠭ᠋ᠠᠭᠤᠯᠢ ᠪᠣᠯᠤᠨ ᠤᠯᠠᠭ᠋ᠠᠨᠴᠠᠪ ᠠᠶ᠋ᠢᠮᠠᠭ᠎ᠤᠨ ᠮᠣᠩᠭᠣᠯ ᠦᠨᠳᠦᠰᠦᠲᠡᠨ᠎ᠤ ᠪᠠᠭᠰᠢ ᠵᠢᠨ ᠰᠤᠷᠭ᠋ᠠᠭᠤᠯᠢ ᠵᠢ ᠵᠢᠨᠢᠩ ᠪᠠᠭᠰᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠲᠠᠢ ᠨᠡᠶ᠋ᠢᠯᠡᠭᠦᠯᠪᠡ᠃ 2009 ᠣᠨ᠎ᠳᠤ᠂ ᠰᠤᠷᠭ᠋ᠠᠨ ᠬᠦᠮᠤᠵᠢᠯ᠎ᠤᠨ ᠶᠠᠮᠤᠨ᠎ᠠᠴᠠ ᠵᠢᠨᠢᠩ ᠪᠠᠭᠰᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠠᠭᠤᠷᠢᠨ ᠳᠡᠭᠡᠷ᠎ᠡ ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠪᠡ᠃ 2013 ᠣᠨ᠎ᠳᠤ ᠰᠤᠷᠭ᠋ᠠᠭᠤᠯᠢ᠎ᠨᠢ ᠣᠶᠤᠲᠠᠨ᠎ᠤ ᠡᠷᠳᠡᠮ᠎ᠤᠨ ᠴᠣᠯᠠ ᠣᠯᠭᠣᠬᠤ ᠡᠷᠬᠡ᠎ᠲᠠᠢ ᠪᠣᠯᠪᠠ᠃ 2017 ᠣᠨ᠎ᠳᠤ᠂ ᠰᠤᠷᠭ᠋ᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠢᠩᠬᠢᠨᠢ᠎ᠪᠠᠷ ᠪᠥᠬᠥ ᠣᠷᠣᠨ᠎ᠤ ᠪᠥᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠵᠢᠨ ᠰᠤᠷᠭ᠋ᠠᠭᠤᠯᠢ᠎ᠳᠤ ᠣᠷᠣᠪᠠ᠃


                         (ᠬᠤ᠌ ᠱᠠᠨ ᠰᠤᠷᠭ᠋ᠠᠭᠤᠯᠢ ᠵᠢᠨ ᠲᠣᠭᠣᠷᠢᠭ)



                           (ᠴᠢᠤᠸᠠᠨ ᠱᠠᠨ ᠰᠤᠤᠷᠭ᠋ᠠᠭᠤᠯᠢ ᠵᠢᠨ ᠲᠣᠭᠣᠷᠢᠭ)


                           (ᠪᠠᠢ ᠬᠠᠢ ᠰᠤᠷᠭ᠋ᠠᠭᠤᠯᠢ ᠵᠢᠨ ᠲᠣᠭᠣᠷᠢᠭ)


      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠣᠲᠣ ᠭᠤᠷᠪᠠᠨ ᠰᠤᠷᠭ᠋ᠠᠭᠤᠯᠢ ᠵᠢᠨ ᠲᠣᠭᠣᠷᠢᠭ᠎ᠲᠠᠢ᠂ ᠶᠡᠷᠦᠩᠬᠡᠶ ᠲᠠᠯᠠᠪᠠᠶ᠎ᠨᠢ 120.23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠭᠡᠷ ᠪᠠᠷᠢᠯᠭ᠎ᠠ ᠵᠢᠨ ᠲᠠᠯᠠᠪᠠᠶ᠎ᠨᠢ 37.65 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠦᠷᠳᠡᠭ 1.78 ᠳ᠋ᠦᠩᠰᠢᠭᠤᠷ ᠲᠥᠭᠥᠷᠢᠭ᠎ᠲᠤ ᠬᠦᠷᠴᠡᠶ᠃ ᠨᠣᠮ᠎ᠤᠨ ᠰᠠᠩ᠎ᠤᠨ ᠨᠣᠮ ᠪᠢᠴᠢᠭ 139.37 ᠲᠦᠮᠡᠨ ᠳᠡᠪᠲᠡᠷ᠂ ᠡᠯᠧᠺᠲᠷᠣᠨ ᠨᠣᠮ 100.6 ᠲᠦᠮᠡᠨ ᠳᠡᠪᠲᠡᠷ ᠪᠣᠢ᠃ ᠬᠠᠷᠢᠶᠠᠲᠤ ᠲᠤᠷᠰᠢᠯᠲᠠ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠤᠬᠡᠳ᠎ᠤᠨ ᠴᠡᠴᠡᠷᠯᠢᠭ᠎ᠲᠠᠢ᠃ ᠣᠳᠣ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 11200᠂ ᠡᠭᠦᠨ᠎ᠳᠤ ᠵᠢᠩᠬᠢᠨᠢ ᠠᠩᠭᠢ ᠵᠢᠨ ᠰᠣᠷᠣᠭᠴᠢ 9106᠂ ᠴᠥᠭᠡᠨ ᠲᠣᠭ᠋ᠠᠲᠤ ᠦᠨᠳᠦᠰᠦᠲᠡᠨ᠎ᠤ ᠰᠣᠷᠣᠭᠴᠢ 2120 ᠪᠣᠶ᠃ ᠠᠵᠢᠯ᠎ᠤᠨ ᠪᠠᠶ᠋ᠢᠷᠢ᠎ᠳᠤ ᠪᠠᠶ᠋ᠢᠭ᠎ᠠ ᠪᠡᠭ᠍ᠰᠢ ᠠᠵᠢᠯᠳᠡᠠ ᠠᠵᠢᠯᠴᠢᠠ 876᠂ ᠡᠭᠦᠨ᠎ᠳᠤ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 333᠂ ᠮᠠᠰᠲ᠋ᠧᠷ ᠪᠠ ᠳ᠋ᠣᠺᠲ᠋ᠣᠷ᠎ᠤᠨ ᠡᠷᠳᠡᠮ᠎ᠤᠨ ᠴᠤᠯᠠᠲᠠᠢ ᠪᠠᠭᠰᠢ 447 ᠪᠣᠢ᠃ ᠥᠪᠡᠷᠲᠡᠭᠡᠨ ᠵᠠᠰᠠᠬᠤ ᠣᠷᠣᠨ᠎ᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 7᠂ ᠲᠠᠯ᠎ᠠ ᠨᠤᠲᠤᠭ᠎ᠤᠨ ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠭᠤᠨ᠎ᠤ 321 ᠴᠢᠳᠠᠪᠤᠷᠢᠲᠠᠨ᠎ᠤ ᠢᠨᠵᠧᠨᠧᠷᠢᠩ》᠎ᠤᠨ ᠵᠢᠱ᠌ᠢᠭᠳᠡᠭᠴᠢ 2᠂ ᠰᠢᠨ᠎ᠡ ᠵᠢ ᠡᠭᠦᠳᠦᠭᠰᠡᠨ ᠵᠠᠯᠠᠭᠤ ᠴᠢᠳᠠᠪᠤᠷᠢᠲᠠᠨ 1᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ 4᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨ᠎ᠡ ᠰᠣᠳᠣᠨ 5 ᠪᠣᠢ᠃



      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠬᠣᠶᠠᠳᠤᠭ᠋ᠠᠷ ᠳᠡᠰ᠎ᠤᠨ ᠳᠡᠭᠡᠳᠦ ᠰᠤᠷᠭ᠋ᠠᠭᠤᠯᠢ 17 ᠵᠢ ᠪᠠᠢ᠌ᠭᠤᠯᠵᠤ᠂ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 37 ᠵᠢ ᠨᠡᠭᠡᠭᠡᠵᠦ᠂ ᠣᠲᠣ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ 11᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ ᠲᠠᠰ᠎ᠤᠨ ᠲᠤᠰᠬᠠᠶ ᠮᠡᠷᠭᠡᠵᠢᠯ 5᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠳᠣᠨ ᠬᠢᠴᠢᠶᠡᠯ 15᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭ᠋ᠠᠨ ᠰᠤᠷᠭ᠋ᠠᠯᠲᠠ ᠵᠢᠨ ᠪᠦᠯᠬᠦᠮ 7᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠦᠯᠵᠢᠶᠡᠨ᠎ᠤ ᠨᠡᠭᠡᠭᠡᠯᠲᠡᠲᠦ ᠬᠢᠴᠢᠶᠡᠯ 10᠂ ᠤᠯᠤᠰ᠎ᠤᠨ ᠳᠡᠰ᠎ᠤᠨ ᠰᠦᠯᠵᠢᠶᠡᠨ᠎ᠤ ᠪᠠ ᠰᠦᠯᠵᠢᠶᠡᠨ᠎ᠠᠴᠠ ᠭᠠᠳᠠᠭᠤᠷᠬᠢ ᠬᠣᠯᠢᠮᠠᠭ ᠮᠠᠶᠢᠭ᠎ᠤᠨ ᠲᠡᠷᠢᠭᠦᠨ ᠲᠠᠰ᠎ᠤᠨ ᠬᠢᠴᠢᠶᠡᠯ 1 ᠪᠣᠶ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ᠎ᠢ ᠪᠣᠶ᠋ᠢᠵᠢᠭᠤᠯᠬᠤ ᠲᠥᠰᠦᠯ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠠᠮᠵᠢᠯᠴᠠᠨ ᠰᠢᠨ᠎ᠡ ᠵᠢ ᠡᠭᠦᠳᠬᠦ ᠲᠥᠪ᠎ᠤᠨ ᠭᠣᠤᠯ ᠪᠦᠷᠢᠯᠳᠦᠬᠦᠨ ᠨᠢᠭᠡᠴᠢ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠳᠠᠭᠤᠷᠢᠶᠠᠯ ᠦᠵᠡᠭᠦᠯᠬᠦ ᠲᠥᠪ 2᠂   ᠭᠠᠵᠠᠷ ᠣᠷᠣᠨ᠎ᠤ ᠠᠳᠠᠯᠢ ᠲᠠᠰ᠎ᠤᠨ ᠬᠠᠮᠵᠢᠯᠴᠠᠨ ᠰᠢᠨ᠎ᠡ ᠵᠢ ᠡᠭᠦᠳᠬᠦ ᠲᠥᠪ 1᠂ ᠰᠤᠷᠭ᠋ᠠᠭᠤᠯᠢ ᠵᠢᠨ ᠲᠠᠰ᠎ᠤᠨ ᠡᠷᠳᠡᠮ ᠰᠢᠨᠵᠢᠯᠡᠭᠡᠨ᠎ᠤ ᠬᠦᠷᠢᠶᠡᠯᠡᠩ 23᠂ ᠰᠤᠷᠭ᠋ᠠᠭᠤᠯᠢ ᠵᠢᠨ ᠲᠠᠰ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 2᠂ ᠰᠤᠷᠭ᠋ᠠᠭᠤᠯᠢ ᠵᠢᠨ ᠲᠠᠰ᠎ᠤᠨ ᠬᠥᠮᠦᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢᠨ 2᠂ ᠰᠤᠷᠭ᠋ᠠᠭᠤᠯᠢ ᠵᠢᠨ ᠲᠠᠰ᠎ᠤᠨ ᠬᠠᠮᠵᠢᠯᠴᠠᠨ ᠰᠢᠨ᠎ᠡ ᠵᠢ ᠡᠭᠦᠳᠬᠦ ᠲᠥᠪ 2 ᠪᠠᠶ᠋ᠢᠵᠤ᠂ ᠲᠣᠭᠣᠷᠢᠭ᠂ ᠭᠠᠵᠠᠷ ᠣᠷᠣᠨ᠂ ᠰᠤᠷᠭ᠋ᠠᠭᠤᠯᠢ ᠵᠢᠨ ᠣᠯᠠᠨ ᠲᠡᠰᠲᠦ ᠡᠷᠳᠡᠮ ᠰᠢᠨᠵᠢᠯᠡᠭᠡᠨ᠎ᠤ ᠰᠢᠨ᠎ᠡ ᠵᠢ ᠡᠭᠦᠳᠬᠦ ᠳᠣᠭᠲᠠᠯᠴᠠᠭ᠎ᠠ ᠵᠢ ᠠᠩᠬ᠎ᠠ ᠠᠯᠬᠤᠮ ᠪᠦᠷᠢᠳᠦᠭᠦᠯᠪᠡ᠃



     2009 ᠣᠨ᠎ᠠᠴᠠ ᠨᠠᠭ᠋ᠠᠰᠢ᠂ ᠰᠤᠷᠭ᠋ᠠᠭᠤᠯᠢ ᠵᠢᠨ ᠪᠠᠭᠰᠢ ᠨᠠᠷ᠎ᠤᠨ ᠡᠭᠦᠷᠭᠡᠯᠡᠭᠰᠡᠨ ᠡᠷᠳᠡᠮ ᠰᠢᠨᠵᠢᠯᠡᠭᠡᠨ᠎ᠤ ᠲᠥᠰᠦᠯ 1054᠂ ᠡᠭᠦᠨ᠎ᠳᠤ ᠤᠯᠤᠰ᠎ᠤᠨ ᠳᠡᠰ᠎ᠤᠨ ᠳᠥᠰᠦᠯ 10᠂ ᠮᠤᠵᠢ ᠪᠠ ᠶᠠᠮᠤᠨ᠎ᠤ ᠲᠡᠰ᠎ᠤᠨ ᠳᠥᠰᠦᠯ 493 ᠪᠤᠢ; 3337 ᠬᠤᠪᠢ ᠡᠷᠳᠡᠮ ᠰᠢᠨᠵᠢᠯᠡᠭᠡᠨ᠎ᠤ ᠥᠭᠦᠯᠡᠯ ᠨᠡᠶ᠋ᠢᠲᠡᠯᠡᠭᠦᠯᠪᠡ; 453 ᠲᠤᠰᠬᠠᠶ ᠵᠣᠬᠢᠶᠠᠯ ᠬᠡᠪᠯᠡᠭᠦᠯᠪᠡ; 102 ᠲᠤᠰᠬᠠᠶ ᠠᠰᠢᠭ᠎ᠤᠨ ᠡᠷᠬᠡ ᠵᠢ᠎ᠨᠢ ᠵᠥᠪᠰᠢᠶᠡᠷᠡᠪᠡ; ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠵᠠᠰᠠᠭ᠎ᠤᠨ ᠣᠷᠳᠣᠨ᠎ᠤ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭ᠋ᠠᠷ ᠳᠡᠰ᠎ᠤᠨ ᠱᠠᠩᠨᠠᠯ 2᠂ ᠭᠤᠷᠪᠠᠳᠤᠭ᠋ᠠᠷ ᠳᠡᠰ᠎ᠤᠨ ᠱᠠᠩᠨᠠᠯ 8 ᠵᠢ ᠬᠦᠷᠳᠡᠪᠡ; ᠥᠪᠡᠷᠲᠡᠭᠡᠨ ᠵᠠᠰᠠᠬᠤ ᠣᠷᠣᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 3 ᠵᠢ ᠭᠥᠷᠳᠡᠪᠡ; ᠤᠯᠠᠭ᠋ᠠᠨᠴᠠᠪ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 6᠂ ᠭᠤᠷᠪᠠᠳᠤᠭ᠋ᠠᠷ ᠳᠡᠰ᠎ᠤᠨ ᠱᠠᠩᠨᠠᠯ 13 ᠵᠢ ᠭᠥᠷᠳᠡᠪᠡ᠃ 《ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠰᠡᠳᠬᠦᠯ》᠎ᠢ 2015 ᠣᠨ᠎ᠳᠤ ᠤᠯᠤᠰ᠎ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠎ᠤᠨ ᠶᠡᠷᠦᠩᠬᠡᠢ ᠳᠣᠪᠴᠢᠶᠠᠨ᠎ᠠᠴᠠ ᠠᠩᠬᠠᠳᠠᠭᠴᠢ ᠪᠦᠯᠦᠭ᠎ᠤᠨ A ᠲᠦᠷᠦᠯ᠎ᠤᠨ ᠡᠷᠳᠡᠮ ᠰᠢᠨᠵᠢᠯᠡᠭᠡᠨ᠎ᠤ ᠰᠡᠳᠬᠦᠯ ᠵᠶ᠋ᠠᠷ ᠦᠨᠡᠯᠡᠵᠦ᠂ 2016 ᠣᠨ᠎ᠳᠤ ᠠᠩᠬᠠᠳᠤᠭ᠋ᠠᠷ ᠬᠤᠭᠤᠴᠠᠭ᠋ᠠᠨ᠎ᠤ ᠦᠪᠦᠷ ᠮᠤᠨᠭ᠌ᠭᠤᠯ᠎ᠤᠨ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠰᠡᠳᠬᠦᠯ᠎ᠤᠨ ᠬᠡᠪᠯᠡᠯ᠎ᠤᠨ ᠴᠢᠨᠠᠷ ᠴᠢᠨᠰᠠᠭ᠋ᠠᠨ᠎ᠤ ᠰᠢᠯᠢᠳᠡᠭ ᠱᠠᠩᠨᠠᠯ᠎ᠢ ᠭᠦᠷᠲᠡᠪᠡ᠃



      ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠨᠢ ᠰᠤᠷᠭ᠋ᠠᠭᠤᠯᠢ ᠪᠠᠶ᠋ᠢᠭᠤᠯᠤᠭᠳᠠᠭᠰᠠᠨ 60 ᠭᠠᠷᠤᠶ ᠵᠢᠯ᠎ᠤᠨ ᠲᠤᠷᠰᠢ᠂ ᠬᠢᠯᠢ ᠬᠢᠵᠠᠭ᠋ᠠᠷ᠎ᠤᠨ ᠦᠨᠳᠤᠰᠤᠲᠠᠨ᠎ᠤ ᠭᠠᠵᠠᠷ ᠤᠷᠤᠨ᠎ᠳᠤ ᠰᠠᠭᠤᠷᠢᠯᠠᠵᠤ᠂ 《ᠦᠨᠡᠨ᠎ᠢ ᠪᠠᠷᠢᠮᠲᠠᠯᠠᠨ ᠰᠢᠨ᠎ᠡ ᠵᠢ ᠡᠭᠦᠳᠴᠦ᠂ ᠪᠤᠰᠤᠳ᠎ᠲᠤ ᠳᠠᠭᠤᠷᠢᠶᠠᠯ ᠦᠵᠡᠭᠦᠯᠬᠦ》 ᠰᠤᠷᠭ᠋ᠠᠭᠤᠯᠢ ᠵᠢᠨ ᠰᠤᠷᠭ᠋ᠠᠯ᠎ᠢ ᠦᠢ᠍ᠯᠡᠳᠦᠯᠭᠡᠵᠢᠭᠦᠯᠵᠦ᠂ ᠬᠢᠯᠢ ᠬᠢᠵᠠᠭ᠋ᠠᠷ ᠣᠷᠣᠨ᠎ᠤ ᠦᠨᠳᠤᠰᠤᠲᠠᠨ᠎ᠤ ᠭᠠᠵᠠᠷ ᠤᠷᠤᠨ᠎ᠤ ᠰᠠᠭᠤᠷᠢ ᠰᠤᠷᠭ᠋ᠠᠨ ᠬᠥᠮᠦᠵᠢᠯ᠂ ᠦᠨᠳᠦᠰᠦᠲᠡᠨ᠎ᠤ ᠰᠤᠷᠭ᠋ᠠᠨ ᠬᠥᠮᠦᠵᠢᠯ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠪᠣᠯᠤᠨ ᠨᠡᠶ᠋ᠢᠭᠡᠮ᠎ᠤᠨ ᠬᠥᠭᠵᠢᠯᠲᠡ᠎ᠳᠤ ᠢᠮᠠᠭᠲᠠ ᠭᠤᠶ᠋ᠢᠪᠢᠰᠢ ᠦᠭᠡᠶ ᠦᠢ᠍ᠯᠡᠴᠢᠯᠡᠵᠦ᠂ 《ᠪᠠᠭᠤᠵᠤ ᠳᠡᠶ᠋ᠢᠯᠬᠦ᠂ ᠦᠯᠡᠳᠡᠵᠦ ᠳᠡᠶ᠋ᠢᠯᠬᠦ᠂ ᠬᠡᠷᠡᠭᠯᠡᠵᠦ ᠳᠡᠶ᠋ᠢᠯᠬᠦ᠂ ᠰᠠᠶ᠋ᠢᠨ ᠠᠵᠢᠯᠯᠠᠭᠰᠠᠨ》 70000 ᠭᠠᠷᠤᠶ ᠡᠯ᠎ᠡ ᠲᠥᠷᠥᠯ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠣᠨᠴᠠᠭ᠋ᠠᠢ᠌ᠯᠠᠨ ᠤᠯᠠᠭ᠋ᠠᠨᠴᠠᠪ ᠬᠣᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠦᠨᠳᠤᠰᠤᠲᠠᠨ᠎ᠤ ᠪᠦᠯᠭᠦᠮᠳᠡᠯ ᠳᠠᠪᠰᠢᠯᠲᠠ ᠪᠠ ᠬᠢᠯᠢ ᠬᠢᠵᠠᠭ᠋ᠠᠷ᠎ᠤᠨ ᠡᠶ᠎ᠡ ᠵᠣᠬᠢᠴᠠᠯ ᠪᠠ ᠠᠮᠤᠷ ᠲᠣᠭᠲᠠᠭᠤᠨ᠎ᠳᠤ ᠴᠢᠬᠤᠯᠠ ᠬᠤᠪᠢ ᠨᠡᠮᠡᠷᠢ ᠦᠵᠡᠭᠦᠯᠵᠦ᠂ ᠤᠯᠠᠭ᠋ᠠᠨᠴᠠᠪ᠎ᠤᠨ ᠰᠠᠭᠤᠷᠢ ᠰᠤᠷᠭ᠋ᠠᠨ ᠬᠥᠮᠦᠵᠢᠯ᠂ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠥᠯᠥᠭᠡᠶ ᠪᠠ ᠬᠣᠲᠠ ᠵᠢᠨ ᠣᠶᠤᠨ᠎ᠤ ᠲᠥᠪ ᠬᠡᠮᠡᠭᠳᠡᠪᠡ᠃



      ᠯᠢᠦ ᠶᠦᠨ ᠱᠠᠨ ᠨᠥᠬᠥᠷ ᠡᠬᠡ ᠰᠤᠷᠭ᠋ᠠᠭᠤᠯᠢ᠎ᠳᠤ᠎ᠪᠠᠨ 《ᠰᠢᠷᠭ᠋ᠠᠭᠤ ᠪᠣᠢ᠌ᠵᠢᠭᠤᠯᠤᠭᠰᠠᠨ ᠰᠢᠯᠢᠳᠡᠭ ᠰᠤᠷᠤᠭᠴᠢ ᠳᠡᠯᠡᠬᠡᠢ ᠳ᠋ᠠᠬᠢᠨ᠎ᠳᠤ ᠲᠥᠭᠡᠵᠦ᠂ ᠰᠤᠷᠭ᠋ᠠᠵᠤ ᠬᠥᠮᠥᠵᠢᠭᠦᠯᠦᠭᠰᠡᠨ ᠡᠷᠳᠡᠮᠲᠡᠨ ᠴᠢᠳᠠᠪᠤᠷᠢᠲᠠᠨ ᠲᠠᠯ᠎ᠠ ᠨᠤᠲᠤᠭ᠎ᠢ ᠳᠦᠭᠦᠷᠭᠡᠪᠡ》 ᠭᠡᠰᠡᠨ ᠪᠢᠴᠢᠭᠡᠰᠦ ᠪᠢᠴᠢᠵᠦ ᠥᠭᠴᠡᠶ᠃




ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
ᠪᠤᠭᠤᠲᠤ ᠵᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠴᠠᠭ ᠦᠶ᠎ᠡ ᠵᠢᠨ ᠳᠣᠬᠢᠶ᠎ᠠ》 ᠭᠡᠬᠦ ᠠᠶ᠎ᠠ ᠳᠠᠭᠤᠤ ᠬᠠᠩᠭᠢᠨᠠᠨᠠᠮ
ᠦᠪᠦᠷ ᠮᠤᠨᠭ᠌ᠭᠤᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠎ᠠᠴᠠ 《ᠤᠯᠠᠭ᠋ᠠᠨ ᠲᠤᠭ ᠨᠠᠮᠢᠷᠠᠨ᠎ᠠ》 ᠭᠡᠬᠦ ᠳᠠᠭᠤᠤ ᠬᠠᠩᠭᠢᠨᠠᠨᠠᠮ
ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ᠎ᠬᠢᠨ 《ᠪᠠᠭ᠋ᠠᠲᠤᠷᠴᠤᠳ᠎ᠤᠨ ᠮᠠᠭᠲᠠᠭ᠋ᠠᠯ ᠳᠠᠭᠤᠤ》 ᠵᠢ ᠬᠠᠩᠭᠢᠨᠠᠭᠤᠯᠪᠠ
ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠮᠠᠭᠲᠠᠭ᠋ᠠᠯ ᠳᠠᠭᠤᠤ ᠵᠢᠨ ᠢᠷᠠᠭᠤ ᠡᠬᠡᠰᠢᠭ ᠬᠠᠩᠭᠢᠨᠠᠨᠠᠮ
 
             蒙ICP备05000248号