ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
—《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠳᠠᠭᠤᠤ》
ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠥᠪᠥᠷ ᠮᠣᠩᠭᠣᠯ᠎ᠤᠨ ᠴᠠᠭᠳᠠᠭ᠎ᠠ ᠵᠢᠨ ᠪᠣᠯᠪᠠᠰᠤᠷᠠᠯ᠎ᠤᠨ ᠶᠡᠷᠦᠩᠬᠡᠶ ᠠᠩᠭᠢ)᠎ᠨᠢ ᠤᠮᠠᠷᠠᠲᠤ ᠬᠢᠯᠢ ᠵᠢᠨ ᠳᠣᠲᠣᠭ᠋ᠠᠳᠤ ᠵᠢ ᠬᠠᠮᠠᠭ᠋ᠠᠯᠠᠭᠴᠢᠳ᠎ᠤᠨ ᠥᠯᠥᠭᠡᠶ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠳᠣᠲᠣᠭ᠋ᠠᠳᠤ ᠵᠢ ᠬᠠᠮᠠᠭ᠋ᠠᠯᠠᠬᠤ ᠤᠯᠤᠰ ᠲᠥᠷᠥ ᠬᠠᠤᠯᠢ ᠴᠠᠭ᠋ᠠᠵᠠ ᠵᠢᠨ ᠲᠥᠷᠥᠯ᠎ᠤᠨ ᠳᠡᠭᠡᠳᠦ ᠰᠤᠷᠭ᠋ᠠᠭᠤᠯᠢ ᠪᠣᠯᠤᠨ᠎ᠠ᠂ ᠳᠣᠲᠣᠭ᠋ᠠᠳᠤ ᠵᠢ ᠬᠠᠮᠠᠭ᠋ᠠᠯᠠᠬᠤ ᠴᠤᠪᠤᠷᠠᠯ᠎ᠳᠤ ᠵᠢᠭᠰᠠᠭ᠋ᠠᠭᠳᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠣᠳᠠᠲᠤ ᠬᠡᠷᠡᠭᠯᠡᠭᠡᠨ᠎ᠤ ᠬᠡᠯᠪᠡᠷᠢᠲᠦ ᠴᠢᠳᠠᠪᠤᠷᠢᠲᠠᠨ᠎ᠤ ᠬᠥᠮᠥᠵᠢᠭᠦᠯᠦᠯ᠂ ᠲᠤᠰᠢᠶᠠᠯ᠎ᠳᠤ ᠪᠠᠶ᠋ᠢᠭ᠎ᠠ ᠠᠷᠠᠳ᠎ᠤᠨ ᠴᠠᠭᠳᠠᠭ᠋ᠠᠨ᠎ᠤ ᠪᠣᠯᠪᠠᠰᠤᠷᠠᠭᠤᠯᠤᠯ᠂ ᠳᠣᠲᠣᠭ᠋ᠠᠳᠤ ᠵᠢ ᠬᠠᠮᠠᠭ᠋ᠠᠯᠠᠬᠤ ᠣᠨᠣᠯ᠎ᠤᠨ ᠰᠤᠳᠤᠯᠭ᠋ᠠᠨ ᠪᠠ ᠴᠢᠬᠤᠯᠠ ᠶᠡᠬᠡ ᠠᠮᠤᠷ᠎ᠢ ᠬᠠᠮᠠᠭ᠋ᠠᠯᠠᠬᠤ᠂ ᠲᠣᠭᠲᠠᠭᠤᠨ᠎ᠢ ᠬᠠᠮᠠᠭ᠋ᠠᠯᠠᠬᠤ᠂ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ ᠡᠭᠦᠷᠭᠡ ᠴᠢᠳᠠᠮᠵᠢ ᠵᠢ ᠡᠭᠦᠷᠭᠡᠯᠡᠵᠦ ᠪᠠᠢ᠌ᠨ᠎ᠠ᠃ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠂ ᠡᠳ᠋᠎ᠤᠨ ᠵᠠᠰᠠᠭ᠂ ᠪᠣᠳᠠᠰ᠎ᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠬᠠᠮᠢᠶᠠᠷᠴᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠲᠤᠬᠠᠶ᠋ᠢᠯᠠᠭᠰᠠᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠮᠢᠶᠠᠷᠤᠨ᠎ᠠ᠃

ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 1948 ᠣᠨ᠎ᠳᠤ ᠪᠠᠶ᠋ᠢᠭᠤᠯᠤᠭᠳᠠᠪᠠ᠃ ᠰᠤᠷᠭ᠋ᠠᠭᠤᠯᠢ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ 73 ᠵᠢᠯ᠎ᠤᠨ ᠲᠤᠷᠰᠢ᠂ ᠢᠮᠠᠭᠲᠠ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ 《ᠤᠯᠤᠰ ᠲᠥᠷᠥ᠎ᠪᠠᠷ ᠴᠠᠭᠳᠠᠭ᠎ᠠ ᠬᠥᠮᠥᠵᠢᠭᠦᠯᠬᠦ᠂ ᠤᠯᠤᠰ ᠲᠥᠷᠥ᠎ᠪᠠᠷ ᠰᠤᠷᠭ᠋ᠠᠭᠤᠯᠢ ᠪᠠᠶ᠋ᠢᠭᠤᠯᠬᠤ》 ᠴᠢᠭᠯᠡᠯᠲᠡ ᠵᠢ ᠪᠠᠷᠢᠮᠲᠠᠯᠠᠵᠤ᠂ 《ᠦᠨᠡᠨᠴᠢ ᠰᠢᠳᠤᠷᠭᠤ᠂ ᠰᠢᠷᠭ᠋ᠠᠭᠤ ᠬᠠᠲᠠᠭᠤᠵᠢᠯᠲᠠᠶ᠂ ᠪᠥᠯᠬᠦᠮᠳᠡᠯᠲᠡᠢ᠂ ᠬᠤᠪᠢ ᠨᠡᠮᠡᠷᠢ ᠦᠵᠡᠭᠦᠯᠬᠦ》 ᠰᠤᠷᠭ᠋ᠠᠭᠤᠯᠢ ᠵᠢᠨ ᠰᠤᠷᠭ᠋ᠠᠯ᠎ᠤᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠡᠷᠡᠰ ᠨᠠᠶ᠋ᠢᠳᠠᠪᠤᠷᠢᠵᠢᠭᠤᠯᠵᠤ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠤᠷᠤᠯᠭ᠎ᠠ ᠵᠢᠨ ᠨᠠᠮᠲᠠᠷ᠎ᠤᠨ ᠬᠥᠮᠦᠵᠢᠯ ᠪᠠ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠷᠠᠳ᠎ᠤᠨ ᠴᠠᠭᠳᠠᠭ᠋ᠠᠨ᠎ᠤ ᠪᠣᠯᠪᠠᠰᠤᠷᠠᠭᠤᠯᠤᠯ ᠵᠶ᠋ᠠᠷ ᠬᠥᠳᠡᠯᠭᠡᠭᠦᠷ ᠪᠣᠯᠭ᠋ᠠᠬᠤ ᠵᠢ ᠬᠡᠷᠡᠭᠵᠢᠭᠦᠯᠵᠦ᠂ 《ᠵᠢᠭ᠋ᠠᠬᠤ᠂ ᠰᠤᠷᠬᠤ᠂ ᠪᠣᠯᠪᠠᠰᠤᠷᠠᠬᠤ᠂ ᠤᠷᠤᠭᠰᠢᠯᠠᠬᠤ》 ᠵᠢ ᠨᠢᠭᠡ ᠴᠣᠭᠴᠠᠵᠢᠭᠤᠯᠤᠭᠰᠠᠨ ᠬᠥᠮᠦᠵᠢᠭᠦᠯᠬᠦ ᠬᠡᠪ ᠵᠠᠭᠪᠤᠷ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠣᠷᠣᠰ᠂ ᠮᠣᠩᠭᠣᠯ ᠤᠯᠤᠰ᠎ᠯᠤᠭ᠎ᠠ ᠣᠯᠠᠨ ᠤᠯᠤᠰ᠎ᠤᠨ ᠴᠠᠭᠳᠠᠭ᠋ᠠᠨ᠎ᠤ ᠶᠠᠪᠤᠳᠠᠯ᠎ᠤᠨ ᠵᠢᠭ᠋ᠠᠨ ᠰᠤᠷᠭ᠋ᠠᠯᠲᠠ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠥᠷᠨᠢᠭᠦᠯᠪᠡ᠃ ᠤᠯᠠᠨ ᠵᠢᠯ᠎ᠤᠨ ᠲᠤᠷᠰᠢ᠂ ᠰᠤᠷᠭ᠋ᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠹᠷᠣᠨᠲ᠎ᠲᠤ 8 ᠲᠦᠮᠡ ᠭᠠᠷᠤᠢ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠠᠶ᠋ᠢᠭᠤᠯᠤᠯᠲᠠ᠎ᠳᠤ ᠴᠢᠳᠠᠪᠤᠷᠢᠲᠠᠨ᠎ᠤ ᠪᠠᠲᠤᠯᠠᠭ᠎ᠠ ᠪᠠ ᠤᠶᠤᠨ᠎ᠤ ᠲᠤᠯᠭ᠋ᠠᠭᠤᠷᠢᠯᠠᠯ᠎ᠢ ᠬᠠᠩᠭ᠋ᠠᠪᠠ᠃


ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠳᠡᠳ᠋ ᠲᠢᠩᠬᠢᠮ᠎ᠤᠨ ᠲᠠᠰ᠎ᠤᠨ ᠪᠠᠶ᠋ᠢᠭᠤᠯᠤᠮᠵᠢ ᠪᠣᠯᠤᠨ᠎ᠠ᠂ ᠳᠣᠲᠣᠭ᠋ᠠᠳᠤ᠎ᠳᠤ᠎ᠪᠠᠨ ᠵᠢᠩᠬᠢᠨᠢ ᠭᠠᠵᠠᠷ᠎ᠤᠨ ᠲᠠᠰ᠎ᠤᠨ ᠪᠠᠶ᠋ᠢᠭᠤᠯᠤᠮᠵᠢ 17 ᠪᠠᠶ᠋ᠢᠵᠤ᠂ ᠡᠭᠦᠨ᠎ᠳᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ 6 (ᠤᠯᠤᠰ ᠲᠥᠷᠥ ᠵᠢᠨ ᠬᠡᠯᠲᠡᠰ᠂ ᠠᠯᠪᠠᠨ ᠬᠡᠷ᠂ ᠬᠢᠴᠢᠶᠡᠯ ᠬᠥᠮᠦᠵᠢᠯ᠎ᠤᠨ ᠭᠠᠵᠠᠷ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠭᠠᠵᠠᠷ᠂ ᠨᠠᠰᠤᠨ᠎ᠳᠤ ᠬᠦᠷᠦᠭᠰᠡᠳ᠎ᠤᠨ ᠰᠤᠷᠭ᠋ᠠᠨ ᠬᠥᠮᠥᠵᠢᠯ᠎ᠤᠨ ᠭᠠᠵᠠᠷ᠂ ᠰᠣᠷᠣᠭᠴᠢ ᠵᠢᠨ ᠠᠵᠢᠯ᠎ᠤᠨ ᠭᠠᠵᠠᠷ) ᠪᠣᠢ᠂ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢ ᠲᠤᠰᠠᠯᠠᠬᠤ ᠪᠠᠶ᠋ᠢᠭᠤᠯᠤᠮᠵᠢ 11 (ᠲᠠᠩᠨᠠᠬᠤ ᠰᠠᠯᠪᠤᠷᠢ᠂ ᠠᠮᠤᠷ᠎ᠢ ᠬᠠᠮᠠᠭ᠋ᠠᠯᠠᠬᠤ ᠰᠠᠯᠪᠤᠷᠢ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ᠂ ᠳᠣᠲᠣᠭ᠋ᠠᠳᠤ ᠵᠢ ᠬᠠᠮᠠᠭ᠋ᠠᠯᠠᠬᠤ ᠬᠠᠮᠢᠶᠠᠷᠤᠯᠲᠠ ᠵᠢᠨ ᠰᠠᠯᠪᠤᠷᠢ᠂ ᠬᠠᠤᠯᠢ ᠴᠠᠭ᠋ᠠᠵᠠ ᠵᠢᠨ ᠰᠠᠯᠪᠤᠷᠢ᠂ ᠭᠢᠨᠳᠠᠨ᠎ᠤ ᠬᠠᠮᠢᠶᠠᠷᠤᠯᠲᠠ ᠵᠢᠨ ᠰᠠᠯᠪᠤᠷᠢ᠂ ᠮᠣᠩᠭᠣᠯ ᠵᠶ᠋ᠠᠷ ᠬᠢᠴᠢᠶᠡᠯᠯᠡᠬᠦ ᠵᠢᠭ᠋ᠠᠨ ᠰᠤᠷᠭ᠋ᠠᠯᠲᠠ ᠵᠢᠨ ᠬᠡᠯᠲᠡᠰ᠂ ᠤᠯᠤᠰ ᠲᠥᠷᠥ ᠵᠢᠨ ᠣᠨᠣᠯ᠎ᠤᠨ ᠵᠢᠭ᠋ᠠᠨ ᠰᠤᠷᠭ᠋ᠠᠯᠲᠠ ᠵᠢᠨ ᠬᠡᠯᠲᠡᠰ᠂ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ ᠬᠡᠯᠲᠡᠰ᠂ ᠴᠠᠭᠳᠠᠭ᠋ᠠᠨ᠎ᠤ ᠪᠣᠯᠪᠠᠰᠤᠷᠠᠯ᠎ᠤᠨ ᠭᠠᠵᠠᠷ᠂ ᠨᠣᠮ᠎ᠤᠨ ᠰᠠᠩ) ᠪᠠᠶ᠋ᠢᠵᠤ᠂ 2400 ᠭᠠᠷᠤᠶ ᠰᠣᠷᠣᠭᠴᠢ ᠪᠣᠢ᠃ ᠰᠤᠷᠭ᠋ᠠᠭᠤᠯᠢ᠎ᠨᠢ ᠣᠲᠣ ᠡᠷᠡᠭᠦᠦ ᠵᠢᠨ ᠬᠡᠷᠡᠭ᠎ᠤᠨ ᠲᠠᠩᠨᠠᠯᠲᠠ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠤᠯᠤᠰ᠎ᠤᠨ ᠳᠣᠲᠣᠭ᠋ᠠᠳᠤ ᠵᠢᠨ ᠠᠮᠤᠷ ᠲᠦᠪᠰᠢᠨ᠎ᠤ ᠬᠠᠮᠠᠭ᠋ᠠᠯᠠᠯᠲᠠ᠂ ᠮᠡᠳᠡᠭᠡ ᠵᠠᠩᠭᠢ ᠰᠦᠯᠵᠢᠶᠡᠨ᠎ᠤ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ᠂ ᠣᠨᠴᠠ ᠴᠠᠭᠳᠠᠭ᠎ᠠ᠂ ᠴᠠᠭᠳᠠᠭᠤᠯ ᠨᠣᠬᠠᠶ ᠵᠢᠨ ᠮᠡᠷᠭᠡᠵᠢᠯ ᠵᠡᠷᠭᠡ 7 ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠮᠡᠷᠭᠡᠵᠢᠯ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠂ ᠬᠠᠤᠯᠢ ᠴᠠᠭ᠋ᠠᠵᠠ ᠵᠢᠨ ᠨᠠᠷᠢᠨ ᠪᠢᠴᠢᠭᠡᠴᠢ᠂ ᠨᠡᠶ᠋ᠢᠭᠡᠮ ᠲᠣᠭᠣᠷᠢᠭ᠎ᠤᠨ ᠬᠠᠮᠢᠶᠠᠷᠤᠯᠲᠠ ᠵᠡᠷᠭᠡ 3 ᠳᠣᠲᠣᠭ᠋ᠠᠳᠤ ᠵᠢ ᠬᠠᠮᠠᠭ᠋ᠠᠯᠠᠬᠤ ᠪᠤᠰᠤ ᠲᠤᠰᠬᠠᠶ ᠮᠡᠷᠭᠡᠵᠢᠯ ᠪᠣᠢ᠃ ᠡᠷᠡᠭᠦᠦ ᠵᠢᠨ ᠬᠡᠷᠡᠭ᠎ᠤᠨ ᠲᠠᠩᠨᠠᠯᠲᠠ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠭᠡᠬᠦ ᠲᠤᠰᠬᠠᠶ ᠮᠡᠷᠭᠡᠵᠢᠯ᠎ᠨᠢ ᠪᠠᠰᠠ ᠮᠣᠩᠭᠣᠯ ᠬᠢᠲᠠᠳ ᠬᠡᠯᠡ᠎ᠪᠠᠷ ᠬᠢᠴᠢᠶᠡᠯᠯᠡᠬᠦ ᠠᠩᠭᠢ ᠵᠢ ᠵᠡᠷᠭᠡ᠎ᠪᠠᠷ ᠨᠡᠭᠡᠭᠡᠪᠡ᠃

ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠥᠨᠳᠥᠷ ᠬᠡᠪ ᠪᠣᠯᠪᠠᠰᠤᠷᠠᠯ᠎ᠲᠠᠢ᠂ ᠥᠨᠳᠥᠷ ᠬᠢᠷᠢ ᠲᠦᠪᠰᠢᠨ᠎ᠲᠠᠢ᠂ ᠵᠢᠭ᠋ᠠᠨ ᠰᠤᠷᠭ᠋ᠠᠯᠲᠠ ᠪᠠ ᠦᠢ᠍ᠯᠡᠳᠦᠯᠭᠡ ᠵᠢᠨ ᠲᠤᠷᠰᠢᠯᠭ᠎ᠠ᠎ᠪᠠᠷ ᠪᠠᠶᠠᠯᠢᠭ ᠪᠠᠭᠰᠢ ᠵᠢᠨ ᠡᠩᠨᠡᠭᠡ᠎ᠲᠠᠢ᠃ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ ᠪᠦᠷᠢᠨ᠂ ᠰᠤᠷᠤᠯᠭ᠎ᠠ᠂ ᠠᠮᠢᠳᠤᠷᠠᠯ᠎ᠤᠨ ᠪᠡᠯᠡᠳᠬᠡᠮᠵᠢ ᠪᠦᠷᠢᠨ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ ᠭᠣᠶᠣ ᠰᠠᠶ᠋ᠢᠬᠠᠨ ᠪᠠᠶ᠋ᠢᠵᠤ᠂ ᠴᠠᠭᠳᠠᠭ᠋ᠠᠨ᠎ᠤ ᠶᠠᠪᠤᠳᠠᠯ᠎ᠤᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠪᠡ᠃ ᠰᠤᠷᠭ᠋ᠠᠭᠤᠯᠢ᠎ᠨᠢ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠴᠢᠳᠠᠪᠤᠷᠢᠲᠠᠨ᠎ᠢ ᠬᠥᠮᠦᠵᠢᠭᠦᠯᠬᠦ ᠭᠣᠣᠯ ᠵᠢᠭᠰᠠᠭ᠋ᠠᠯ᠎ᠤᠨ ᠭᠠᠵᠠᠷ ᠪᠠᠢ᠌ᠵᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠳᠣᠲᠣᠭ᠋ᠠᠳᠤ ᠵᠢ ᠬᠠᠮᠠᠭ᠋ᠠᠯᠠᠬᠤ ᠪᠣᠳᠠᠲᠠᠢ ᠠᠵᠢᠯ᠎ᠤᠨ ᠴᠢᠳᠠᠪᠤᠷᠢᠲᠠᠨ᠎ᠤ ᠬᠡᠷᠡᠭᠴᠡᠭᠡ᠎ᠳᠤ ᠬᠠᠨᠳᠤᠭᠤᠯᠬᠤ ᠵᠢ ᠪᠠᠷᠢᠮᠲᠠᠯᠠᠵᠤ᠂ ᠴᠠᠭᠳᠠᠭ᠋ᠠᠨ᠎ᠤ ᠤᠯᠤᠰ ᠲᠥᠷᠥ ᠵᠢᠨ ᠪᠣᠯᠪᠠᠰᠤᠷᠠᠯ ᠵᠶ᠋ᠠᠷ ᠰᠤᠷᠤᠭᠴᠢᠳ᠎ᠢ ᠬᠥᠮᠥᠵᠢᠭᠦᠯᠵᠦ᠂ ᠴᠠᠭᠳᠠᠭ᠋ᠠᠨ᠎ᠤ ᠠᠵᠢᠯ᠎ᠤᠨ ᠳᠦᠷᠢᠮ ᠵᠶ᠋ᠠᠷ ᠰᠤᠷᠤᠭᠴᠢ ᠵᠢ ᠰᠤᠭᠤᠵᠤ᠂ ᠴᠠᠭᠳᠠᠭ᠋ᠠᠨ᠎ᠤ ᠪᠣᠳᠠᠲᠤ ᠠᠵᠢᠯ᠎ᠤᠨ ᠮᠡᠷᠭᠡᠵᠢᠯ ᠵᠶ᠋ᠠᠷ ᠰᠤᠷᠤᠭᠴᠢ ᠵᠢ ᠪᠣᠯᠪᠠᠰᠤᠷᠠᠭᠤᠯᠵᠤ᠂ ᠴᠠᠭᠳᠠᠭ᠋ᠠᠨ᠎ᠤ ᠰᠣᠶᠣᠯ᠎ᠤᠨ ᠠᠭᠤᠷ ᠠᠮᠢᠰᠬᠤᠯ ᠵᠶ᠋ᠠᠷ ᠰᠤᠷᠤᠭᠴᠢᠳ᠎ᠢ ᠨᠥᠯᠦᠭᠡᠯᠡᠵᠦ᠂ ᠴᠠᠭᠳᠠᠭ᠋ᠠᠨ᠎ᠤ ᠲᠤᠬᠠᠶ᠋ᠢᠯᠠᠭᠰᠠᠨ ᠠᠵᠢᠯ᠎ᠤᠨ ᠣᠨᠴᠠᠯᠢᠭ ᠵᠶ᠋ᠠᠷ ᠢᠯᠡ ᠲᠣᠳᠣ ᠴᠠᠭᠳᠠᠭ᠋ᠠᠨ᠎ᠤ ᠶᠠᠪᠤᠳᠠᠯ ᠤᠨ ᠬᠥᠮᠦᠨ᠎ᠢ ᠬᠥᠮᠦᠵᠢᠭᠦᠯᠬᠦ ᠬᠡᠪ ᠵᠠᠭᠪᠤᠷ᠎ᠢ ᠪᠦᠷᠢᠯᠳᠦᠭᠦᠯᠵᠦ᠂ ᠤᠯᠤᠰ ᠲᠥᠷᠥ ᠵᠢᠨ ᠵᠣᠭᠰᠣᠯᠲᠠ ᠪᠠᠲᠤ᠂ ᠦᠨᠡᠨᠴᠢ ᠨᠠᠶ᠋ᠢᠳᠠᠪᠤᠷᠢᠲᠠᠶ᠂ ᠴᠢᠩᠭ᠎ᠠ ᠲᠣᠳᠣᠷᠬᠠᠶ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤᠴᠢ ᠴᠢᠨᠠᠷᠲᠠᠢ᠂ ᠰᠢᠯᠢᠳᠡᠭ ᠰᠠᠶ᠋ᠢᠨ ᠠᠵᠢᠯ᠎ᠤᠨ ᠮᠣᠷᠠᠯ᠎ᠲᠠᠢ᠂ ᠮᠠᠨ᠎ᠤ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠱᠤᠭᠤᠮ᠂ ᠴᠢᠭᠯᠡᠯᠲᠡ᠂ ᠲᠤᠢ᠍ᠷᠦ ᠵᠢᠨ ᠪᠤᠳᠦᠯᠭ᠎ᠠ ᠵᠢ ᠰᠠᠢ᠌ᠨ ᠮᠡᠳᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠮᠡᠷᠭᠡᠵᠢᠯ᠎ᠤᠨ ᠦᠨᠳᠦᠰᠦᠨ ᠣᠨᠣᠯ ᠪᠠ ᠤᠷ᠎ᠠ ᠴᠢᠳᠠᠪᠤᠷᠢ ᠵᠢ ᠡᠵᠡᠮᠰᠢᠵᠦ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠬᠠᠤᠯᠢ ᠵᠢ ᠬᠡᠷᠡᠭᠵᠢᠭᠦᠯᠬᠦ ᠡᠭᠦᠷᠭᠡ ᠵᠢ ᠭᠦᠢ᠍ᠴᠡᠳᠭᠡᠬᠦ ᠠᠵᠢᠯ᠎ᠤᠨ ᠪᠠᠶ᠋ᠢᠷᠢ᠎ᠳᠤ ᠬᠠᠨᠳᠤᠭᠤᠯᠤᠭᠰᠠᠨ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠴᠢᠳᠠᠪᠤᠷᠢ ᠵᠢᠨ ᠬᠡᠯᠪᠡᠷᠢᠲᠦ ᠳᠣᠲᠣᠭ᠋ᠠᠳᠤ ᠵᠢ ᠬᠠᠮᠠᠭ᠋ᠠᠯᠠᠬᠤ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠪᠡ᠃


ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠲᠥᠪ᠎ᠤᠨ ᠣᠷᠣᠨ ᠲᠣᠭ᠋ᠠᠨ᠎ᠤ ᠠᠯᠪᠠᠨ ᠭᠡᠷ ᠵᠡᠷᠭᠡ ᠶᠠᠮᠤᠨ ᠵᠥᠪᠯᠡᠯ᠎ᠤᠨ 《ᠳᠣᠲᠣᠭ᠋ᠠᠳᠤ ᠵᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠡᠯᠰᠡᠨ ᠬᠥᠮᠦᠵᠢᠭᠦᠯᠬᠦ ᠳᠦᠷᠢᠮ᠎ᠤᠨ ᠥᠭᠡᠷᠡᠴᠢᠯᠡᠯᠲᠡ ᠵᠢᠨ ᠲᠤᠬᠠᠶ ᠰᠠᠨᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠲᠤᠰᠠᠭ᠋ᠠᠷ ᠡᠯᠰᠡᠨ ᠬᠡᠷᠡᠭᠯᠡᠬᠦ ᠠᠵᠢᠯ᠎ᠤᠨ ᠲᠦᠷ ᠬᠡᠷᠡᠭᠵᠢᠭᠦᠯᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠳᠣᠲᠣᠭ᠋ᠠᠳᠤ ᠵᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠵᠢᠨ ᠲᠡᠭᠦᠰᠬᠦ ᠰᠤᠷᠤᠭᠴᠢᠳ᠎ᠢ ᠰᠢᠯᠭ᠋ᠠᠵᠤ ᠡᠯᠰᠡᠨ ᠬᠡᠷᠡᠭᠯᠡᠬᠦ ᠠᠵᠢᠯ᠎ᠤᠨ ᠬᠡᠷᠡᠭᠵᠢᠭᠦᠯᠬᠦ ᠲᠥᠰᠦᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠢᠳᠡᠪᠬᠢᠲᠡᠶ ᠠᠬᠢᠭᠤᠯᠪᠠ (ᠠᠵᠢᠯ ᠣᠯᠭᠣᠬᠤ ᠠᠵᠢᠯ᠎ᠤᠨ ᠪᠠᠶ᠋ᠢᠷᠢ᠎ᠨᠢ ᠴᠥᠮ ᠤᠯᠤᠰ᠎ᠤᠨ ᠠᠯᠪᠠᠲᠠᠨ᠎ᠤ ᠠᠵᠢᠯ᠎ᠤᠨ ᠪᠠᠶ᠋ᠢᠷᠢ᠂ ᠲᠤᠬᠠᠶ᠋ᠢᠯᠠᠪᠠᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠷᠠᠳ᠎ᠤᠨ ᠵᠢᠩᠬᠢᠨᠢ ᠴᠠᠭᠳᠠᠭ᠋ᠠᠨ᠎ᠤ ᠣᠷᠣᠨ ᠲᠣᠭ᠎ᠠ ᠪᠣᠯᠤᠨ᠎ᠠ)᠃ 2018 ᠣᠨ᠎ᠳᠤ ᠲᠡᠭᠦᠰᠦᠭᠰᠡᠨ 432 ᠰᠤᠷᠤᠭᠴᠢ ᠵᠢᠨ 408 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠤᠷᠮ᠎ᠠ 94 . 4 %᠎ᠳᠤ ᠬᠦᠷᠪᠡ; 2019 ᠣᠨ᠎ᠳᠤ ᠲᠡᠭᠦᠰᠦᠭᠰᠡᠨ 438 ᠰᠤᠷᠤᠭᠴᠢ ᠵᠢᠨ 424 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠣᠷᠮ᠎ᠠ 96 . 8 %᠎ᠳᠤ ᠬᠥᠷᠪᠡ; 2020 ᠣᠨ᠎ᠳᠤ ᠲᠡᠭᠦᠰᠦᠭᠰᠡᠨ 458 ᠰᠤᠷᠤᠭᠴᠢ ᠵᠢᠨ 430 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠣᠷᠮ᠎ᠠ 93 . 88 %᠎ᠳᠤ ᠬᠥᠷᠪᠡ᠃ ᠣᠶ᠋ᠢᠷ᠎ᠠ ᠵᠢᠨ ᠭᠤᠷᠪᠠᠨ ᠵᠢᠯ᠎ᠳᠤ ᠰᠤᠷᠭ᠋ᠠᠭᠤᠯᠢ ᠲᠡᠭᠦᠰᠦᠭᠰᠡᠨ ᠰᠣᠷᠣᠭᠴᠢ 1328 ᠪᠠᠶ᠋ᠢᠵᠤ᠂ 1262 ᠬᠥᠮᠦᠨ ᠠᠵᠢᠯ ᠣᠯᠵᠤ᠂ ᠠᠵᠢᠯ ᠣᠯᠤᠭᠰᠠᠨ ᠨᠣᠷᠮ᠎ᠠ 95 . 03 %᠎ᠳᠤ ᠬᠦᠷᠴᠡᠶ᠃

ᠡᠨᠡ ᠵᠢᠯ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 1000 ᠰᠤᠷᠤᠭᠴᠢ ᠡᠯᠰᠡᠬᠦ᠎ᠪᠠᠷ ᠲᠥᠯᠥᠪᠯᠡᠵᠦ ᠪᠣᠶ᠂ ᠡᠭᠦᠨ᠎ᠳᠤ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠮᠡᠷᠭᠡᠵᠢᠯ 850 ᠰᠤᠷᠤᠭᠴᠢ᠂ ᠳᠣᠲᠣᠭ᠋ᠠᠳᠤ ᠵᠢ ᠬᠠᠮᠠᠭ᠋ᠠᠯᠠᠬᠤ ᠪᠤᠰᠤ ᠲᠤᠰᠬᠠᠶ ᠮᠡᠷᠭᠡᠵᠢᠯ 150 ᠰᠤᠷᠤᠭᠴᠢ ᠡᠯᠰᠡᠨ᠎ᠡ᠃ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠮᠡᠷᠭᠡᠵᠢᠯ᠎ᠨᠢ ᠡᠷᠡᠭᠲᠡᠶ ᠰᠣᠷᠣᠭᠴᠢ 730᠂ ᠡᠮᠡᠭᠲᠡᠶ ᠰᠣᠷᠣᠭᠴᠢ 120 ᠵᠢ ᠡᠯᠰᠡᠨ᠎ᠡ᠃ ᠰᠤᠷᠭ᠋ᠠᠭᠤᠯᠢ᠎ᠨᠢ 2021 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠢᠷᠢ ᠪᠦᠲᠦᠮᠵᠢ᠂ ᠪᠡᠶ᠎ᠡ ᠵᠢᠨ ᠪᠠᠶ᠋ᠢᠴᠠᠭ᠋ᠠᠯᠲᠠ ᠪᠠ ᠠᠮᠠᠨ ᠰᠢᠯᠭ᠋ᠠᠯᠲᠠ᠎ᠪᠠᠷ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠎ᠤᠨ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠣᠵᠤ ᠡᠯᠰᠡᠨ᠎ᠡ᠃

ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠤ᠎ᠪᠠᠨ ᠬᠦᠨᠳᠦ ᠶᠡᠬᠡ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠂ ᠠᠶᠤᠯ ᠭᠠᠮᠰᠢᠭ᠎ᠠᠴᠠ ᠠᠪᠤᠷᠠᠬᠤ ᠵᠢᠴᠢ ᠴᠢᠬᠤᠯᠠ ᠶᠡᠬᠡ ᠠᠵᠢᠯᠯᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ᠎ᠳᠤ ᠢᠳᠡᠪᠬᠢᠲᠡᠶ ᠣᠷᠣᠯᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠨᠢᠭᠡᠨ ᠰᠠᠯᠠᠭ᠎ᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠴᠢᠬᠤᠯᠠ ᠬᠦᠴᠦᠨ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠠᠮᠤᠷ ᠲᠣᠭᠲᠠᠭᠤᠨ ᠪᠠᠶ᠋ᠢᠬᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠦᠷᠳᠡᠭᠦᠯᠬᠦ ᠪᠠ ᠴᠣᠬᠢᠯᠲᠠ ᠥᠭᠬᠦ᠎ᠳᠤ ᠢᠳᠡᠪᠬᠢᠲᠡᠶ ᠦᠢ᠍ᠯᠡᠳᠦᠯ ᠦᠵᠡᠭᠦᠯᠪᠡ᠃ ᠣᠶ᠋ᠢᠷ᠎ᠠ ᠵᠢᠨ ᠵᠢᠯ᠂ ᠰᠤᠷᠭ᠋ᠠᠭᠤᠯᠢ ᠵᠢᠨ ᠪᠠᠭᠰᠢ ᠰᠤᠷᠤᠭᠴᠢᠳ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠳᠤᠮᠳᠠᠳᠤ ᠮᠣᠩᠭᠣᠯ᠎ᠤᠨ ᠣᠯᠠᠨ ᠤᠯᠤᠰ᠎ᠤᠨ ᠦᠵᠡᠰᠬᠦᠯᠡᠩ᠎ᠤᠨ ᠴᠤᠭᠯᠠᠭ᠋ᠠᠨ᠂ ᠳᠡᠯᠡᠬᠡᠶ ᠵᠢᠨ ᠡᠯᠡᠰᠦᠷᠬᠡᠭᠵᠢᠯ᠎ᠢ ᠵᠠᠰᠠᠬᠤ ᠶᠡᠬᠡ ᠬᠤᠷᠠᠯ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ ᠳᠠᠯᠠᠨ ᠵᠢᠯ᠎ᠤᠨ ᠣᠶ ᠵᠢᠨ ᠶᠡᠬᠡ ᠪᠠᠶᠠᠷ ᠵᠡᠷᠭᠡ ᠴᠢᠬᠤᠯᠠ ᠶᠡᠬᠡ ᠠᠵᠢᠯᠯᠠᠭ᠋ᠠᠨ᠎ᠤ ᠠᠮᠤᠷ᠎ᠢ ᠬᠠᠮᠠᠭ᠋ᠠᠯᠠᠬᠤ ᠡᠭᠦᠷᠭᠡ ᠵᠢ ᠪᠡᠶᠡᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠭᠦᠢ᠍ᠴᠡᠳ ᠨᠤᠲᠠᠯᠠᠯᠲᠠ ᠪᠠ ᠰᠠᠶ᠋ᠢᠨ ᠦᠨᠡᠯᠡᠯᠲᠡ ᠵᠢ ᠤᠯᠪᠠ᠃

ᠬᠦᠴᠢᠷ ᠪᠡᠷᠬᠡ ᠵᠢ ᠳᠡᠪᠴᠢᠨ ᠰᠢᠷᠠᠭ᠋ᠠᠭᠤ ᠬᠠᠲᠠᠭᠤᠵᠢᠯᠲᠠᠢ ᠴᠢᠷᠮᠠᠢ᠌ᠪᠠᠯ ᠢᠯᠠᠯᠲᠠ ᠣᠯᠵᠤ ᠴᠢᠳᠠᠨ᠎ᠠ᠃ 2021 ᠣᠨ᠎ᠳᠤ᠂ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠵᠢᠩᠬᠢᠨᠢ ᠠᠩᠭᠢ᠎ᠳᠤ ᠳᠡᠪᠰᠢᠬᠦ ᠶᠠᠪᠤᠳᠠᠯ᠎ᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠰᠤᠷᠭ᠋ᠠᠭᠤᠯᠢ᠎ᠨᠢ ᠭᠤᠷᠪᠠ᠎ᠠᠴᠠ ᠲᠠᠪᠤᠨ ᠵᠢᠯ᠎ᠤᠨ ᠬᠤᠭᠤᠴᠠᠭ᠋ᠠᠨ᠎ᠳᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠪᠠᠷᠢᠮᠵᠢᠶ᠎ᠠ᠎ᠳᠤ ᠬᠦᠷᠭᠡᠬᠦ᠎ᠪᠠᠷ ᠴᠢᠷᠮᠠᠢ᠌ᠵᠤ ᠪᠠᠢ᠌ᠨ᠎ᠠ᠃ 2021 ᠣᠨ ᠪᠣᠯ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠪᠣᠯᠤᠨ᠎ᠠ᠂ ᠨᠠᠮ᠎ᠤᠨ ᠬᠡᠷᠡᠯ ᠰᠠᠴᠤᠷᠠᠩᠭᠤᠶ ᠲᠡᠦᠬᠡ ᠵᠢ ᠰᠤᠷᠤᠯᠴᠠᠬᠤ᠎ᠳᠤ ᠬᠤᠪᠢᠰᠬᠠᠯᠲᠤ ᠤᠳᠤᠮᠰᠢᠯ᠎ᠨᠢ ᠣᠶᠤᠨ ᠤᠬᠠᠭ᠋ᠠᠨ᠎ᠢ ᠰᠡᠩᠬᠡᠷᠡᠭᠦᠯᠵᠦ᠂ ᠬᠥᠮᠦᠰ᠎ᠢ ᠤᠷᠮᠠᠰᠢᠭᠤᠯᠤᠨ ᠵᠣᠷᠢᠭᠵᠢᠭᠤᠯᠵᠤ᠂ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ᠎ᠤ ᠢᠲᠡᠭᠡᠯ ᠪᠢᠰᠢᠷᠡᠯ ᠢᠲᠡᠭᠡᠯ ᠵᠣᠷᠢᠭ᠎ᠢ ᠨᠠᠩ ᠪᠠᠲᠤᠳᠬᠠᠵᠤ᠂ ᠠᠵᠢᠯ ᠬᠢᠵᠦ ᠦᠢ᠍ᠯᠡᠰ ᠪᠤᠰᠬᠠᠬᠤ ᠬᠥᠳᠡᠯᠭᠡᠬᠦ ᠬᠦᠴᠦᠨ᠎ᠢ ᠨᠠᠩ ᠭᠥᠭᠵᠢᠭᠡᠪᠡ᠃ ᠲᠡᠦᠬᠡ ᠵᠢᠨ ᠰᠢᠨ᠎ᠡ ᠭᠠᠷᠤᠭ᠎ᠠ᠎ᠳᠤ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠶᠡᠷᠦᠩᠬᠡᠶ ᠱᠦᠵᠢ ᠰᠢ ᠵᠢᠨ ᠫᠢᠩ᠎ᠤᠨ 《ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠵᠤ᠂ ᠠᠷᠠᠳ ᠲᠦᠮᠡᠨ᠎ᠳᠤ ᠦᠢ᠍ᠯᠡᠴᠢᠯᠡᠵᠦ᠂ ᠲᠥᠪ ᠭᠣᠣᠯᠴᠢ᠎ᠪᠠᠷ ᠬᠠᠤᠯᠢ ᠵᠢ ᠬᠡᠷᠡᠭᠵᠢᠭᠦᠯᠵᠦ᠂ ᠰᠠᠬᠢᠯᠭ᠎ᠠ ᠪᠠᠲᠤ ᠵᠢ ᠴᠢᠩᠳᠠᠯᠠᠬᠤ》 ᠶᠡᠷᠦᠩᠬᠡᠶ ᠱᠠᠭ᠋ᠠᠷᠳᠠᠯᠭ᠎ᠠ᠎ᠪᠠᠷ ᠯᠠᠪᠳᠠᠭᠤᠨ ᠪᠠᠲᠤᠲᠠᠢ ᠠᠵᠢᠯᠯᠠᠵᠤ᠂ ᠦᠷ᠎ᠡ ᠪᠥᠲᠦᠮᠵᠢ ᠭᠠᠷᠭ᠋ᠠᠬᠤ ᠰᠤᠷᠲᠠᠯ ᠵᠶ᠋ᠠᠷ ᠡᠷᠡᠰ ᠪᠠᠲᠤ᠎ᠪᠠᠷ ᠤᠷᠤᠭᠰᠢᠯᠠᠵᠤ᠂ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ ᠪᠣᠳᠠᠲᠠᠶ ᠠᠵᠢᠯᠯᠠᠬᠤ ᠵᠣᠷᠢᠭ ᠰᠠᠨᠠᠭ᠎ᠠ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ 《ᠨᠠᠮ᠎ᠤᠨ ᠲᠥᠯᠥᠭᠡ ᠬᠥᠮᠦᠨ᠎ᠢ ᠬᠥᠮᠥᠵᠢᠭᠦᠯᠵᠦ᠂ ᠤᠯᠤᠰ᠎ᠤᠨ ᠲᠥᠯᠦᠭᠡ ᠴᠢᠳᠠᠪᠤᠷᠢᠲᠠᠨ᠎ᠢ ᠬᠥᠮᠥᠵᠢᠭᠦᠯᠵᠦ᠂ ᠴᠠᠭᠳᠠᠭ᠋ᠠᠨ᠎ᠤ ᠰᠦᠭ᠎ᠢ ᠱᠤᠭᠤᠬᠤ》 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠵᠶ᠋ᠠᠷ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠪᠠᠷ ᠲᠥᠪᠯᠡᠭᠦᠯᠦᠨ ᠠᠵᠢᠯᠯᠠᠵᠤ᠂ 《ᠰᠤᠷᠭ᠋ᠠᠭᠤᠯᠢ ᠵᠢ ᠬᠦᠴᠦᠷᠬᠡᠭᠵᠢᠭᠦᠯᠵᠦ ᠪᠠᠢ᠌ᠷᠢ ᠳᠡᠪᠰᠢᠭᠦᠯᠬᠦ》 ᠢᠨᠵᠧᠨᠧᠷᠢᠩ ᠵᠶ᠋ᠠᠷ ᠬᠥᠳᠡᠯᠭᠡᠭᠦᠷ ᠪᠣᠯᠭ᠋ᠠᠵᠤ᠂ ᠡᠯ᠎ᠡ ᠲᠥᠷᠥᠯ᠎ᠤᠨ ᠠᠵᠢᠯ᠎ᠤᠨ ᠡᠷᠡᠭᠦᠯ ᠵᠶ᠋ᠠᠷ ᠬᠥᠭᠵᠢᠬᠦ ᠵᠢ ᠪᠦᠬᠦ ᠬᠦᠴᠦᠨ ᠵᠶ᠋ᠠᠷ ᠵᠶ᠋ᠡᠨ ᠠᠬᠢᠭᠤᠯᠵᠤ᠂ ᠰᠢᠨ᠎ᠡ ᠴᠠᠭ ᠦᠶ᠎ᠡ ᠵᠢᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ ᠨᠡᠩ ᠰᠢᠨ᠎ᠡ ᠳᠦᠷᠢ ᠳᠥᠷᠬᠦ ᠪᠣᠯᠤᠨ ᠨᠡᠩ ᠰᠢᠯᠢᠳᠡᠭ ᠠᠮᠵᠢᠯᠲᠠ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠵᠦ ᠪᠠᠢ᠌ᠨ᠎ᠠ᠃
