ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ 《ᠡᠬᠡ ᠤᠯᠤᠰ ᠵᠶ᠋ᠠᠨ ᠮᠠᠭᠲᠠᠨ ᠳᠠᠭᠤᠯᠠᠶ᠎ᠠ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-07-01


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ
     — 《ᠡᠬᠡ ᠤᠯᠤᠰ ᠵᠶ᠋ᠠᠨ ᠮᠠᠭᠲᠠᠨ ᠳᠠᠭᠤᠯᠠᠶ᠎ᠠ》
     



      ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ 1959 ᠣᠨ᠎ᠳᠤ ᠪᠠᠶ᠋ᠢᠭᠤᠯᠤᠭᠳᠠᠵᠤ᠂ ᠤᠤᠯ᠎ᠳᠤ᠎ᠪᠠᠨ ᠤᠯᠠᠭ᠋ᠠᠨᠴᠠᠪ ᠠᠶ᠋ᠢᠮᠠᠭ᠎ᠤᠨ ᠡᠷᠡᠭᠦᠯ ᠬᠠᠮᠠᠭ᠋ᠠᠯᠠᠯ᠎ᠤᠨ ᠰᠤᠷᠭ᠋ᠠᠭᠤᠯᠢ ᠭᠡᠵᠦ ᠨᠡᠷᠡᠶ᠋ᠢᠳᠴᠦ᠂ 2009 ᠣᠨ᠎ᠳᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠪᠣᠯᠵᠠᠢ᠃ ᠰᠤᠷᠭ᠋ᠠᠭᠤᠯᠢ᠎ᠨᠢ ᠥᠪᠥᠷ ᠮᠣᠩᠭᠣᠯ᠎ᠤᠨ ᠤᠯᠠᠭ᠋ᠠᠨᠴᠠᠪ ᠬᠣᠲᠠ ᠵᠢᠨ ᠵᠢᠨᠢᠩ ᠰᠢᠨ᠎ᠡ ᠲᠣᠭᠣᠷᠢᠭ᠎ᠲᠤ ᠪᠠᠶ᠋ᠢᠷᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠠᠯᠪᠠᠨ᠎ᠠᠴᠠ ᠡᠷᠭᠢᠯᠡᠭᠰᠡᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ ᠵᠢᠨ ᠶᠡᠷᠦᠩᠬᠡᠢ   ᠵᠠᠬᠢᠷᠭ᠎ᠠ᠂ ᠬᠠᠷᠢᠶᠠᠲᠤ ᠡᠮᠨᠡᠯᠭᠡ ᠵᠢᠨ ᠬᠣᠷᠢᠶ᠎ᠠ ᠭᠡᠬᠦ ᠬᠣᠶᠠᠷ ᠬᠡᠰᠡᠭ ᠵᠶ᠋ᠠᠷ ᠪᠦᠷᠢᠯᠳᠦᠵᠦ᠂ ᠡᠩ᠎ᠤᠨ ᠲᠤᠰᠬᠠᠢ ᠮᠡᠷᠭᠡᠵᠢᠯ᠎ᠤᠨ ᠰᠤᠷᠭ᠋ᠠᠨ ᠬᠥᠮᠦᠵᠢᠯ ᠵᠶ᠋ᠠᠷ ᠭᠣᠣᠯᠯᠠᠭᠤᠯᠵᠤ᠂ ᠲᠠᠪᠤᠨ ᠵᠢᠯ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠨᠠᠰᠤᠨ᠎ᠳᠤ ᠬᠦᠷᠦᠭᠰᠡᠳ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠥᠷᠭᠡᠳᠬᠡᠨ ᠡᠯᠰᠡᠭᠰᠡᠨ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠵᠶ᠋ᠠᠷ ᠬᠠᠪᠰᠤᠷᠤᠮᠵᠢ ᠪᠣᠯᠭ᠋ᠠᠵᠤ᠂ ᠠᠵᠢᠯ ᠮᠡᠷᠭᠡᠵᠢᠯ᠎ᠤᠨ ᠪᠣᠯᠪᠠᠰᠤᠷᠠᠯ᠎ᠢ ᠬᠠᠮᠲᠤ᠎ᠳᠤ᠎ᠨᠢ ᠬᠠᠷᠠᠭ᠋ᠠᠯᠵᠠᠵᠤ᠂ ᠤᠯᠠᠨ ᠲᠤᠰᠬᠠᠢ ᠮᠡᠷᠭᠡᠵᠢᠯ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃



      ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠤᠭᠳᠠᠭᠰᠠᠨ 60 ᠭᠠᠷᠤᠶ ᠵᠢᠯ᠎ᠳᠤ᠂ ᠰᠤᠷᠭ᠋ᠠᠭᠤᠯᠢ ᠵᠢᠨ ᠶᠡᠷᠦᠩᠬᠡᠶ ᠲᠠᠯᠠᠪᠠᠶ 35 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠰᠤᠷᠭ᠋ᠠᠭᠤᠯᠢ᠎ᠳᠤ ᠣᠲᠣ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 6500᠂ ᠲᠤᠰᠬᠠᠶ ᠪᠠᠭᠰᠢ 280᠂ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 120᠂ ᠬᠤᠤᠰ ᠮᠡᠷᠭᠡᠵᠢᠯ᠎ᠤᠨ ᠪᠠᠭᠰᠢ 75᠂ ᠮᠠᠰᠲ᠋ᠧᠷ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠭᠰᠢ 97 ᠪᠣᠶ᠃ ᠪᠠᠭᠰᠢ ᠵᠢᠨ ᠡᠩᠨᠡᠭᠡᠨ᠎ᠳᠤ ᠪᠥᠬᠥ ᠤᠯᠤᠰ᠎ᠤᠨ ᠰᠢᠯᠭ᠋ᠠᠷᠠᠭᠰᠠᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠂ ᠪᠥᠬᠥ ᠤᠯᠤᠰ᠎ᠤᠨ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠡᠷᠡᠭᠦᠯ ᠮᠡᠨᠳᠦ ᠪᠠ ᠨᠡᠶ᠋ᠢᠭᠡᠮ᠎ᠤᠨ ᠬᠠᠷᠠᠭ᠋ᠠᠯᠵᠠᠨ ᠠᠰᠠᠷᠠᠬᠤ ᠲᠥᠰᠦᠯ》᠎ᠤᠨ ᠬᠢᠨᠠᠭᠴᠢ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ   ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ᠂ ᠵᠢᠭ᠋ᠠᠨ ᠰᠤᠷᠭ᠋ᠠᠯᠲᠠ ᠵᠢᠨ ᠪᠦᠯᠬᠦᠮ ᠨᠡᠶ᠋ᠢᠲᠡ᠂ ᠲᠤᠰᠬᠠᠶ ᠮᠡᠷᠭᠡᠵᠢᠯ᠎ᠤᠨ ᠳᠠᠭ᠋ᠠᠭᠤᠯᠤᠭᠴᠢ ᠵᠡᠷᠭᠡ ᠪᠣᠶ᠃



      ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠨᠢ ᠠᠰᠠᠷᠠᠨ ᠰᠤᠪᠢᠯᠠᠬᠤ᠂ ᠡᠬᠡ ᠪᠠᠷᠢᠬᠤ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠂ ᠠᠨᠠᠭ᠋ᠠᠬᠤ ᠤᠬᠠᠭ᠋ᠠᠨ᠎ᠤ ᠰᠡᠭᠦᠳᠡᠷᠯᠡᠬᠦ ᠮᠡᠷᠭᠡᠵᠢᠯ᠂ ᠬᠠᠷᠠᠭ᠋ᠠᠨ ᠰᠡᠷᠡᠯ᠎ᠤᠨ ᠬᠡᠷᠡᠯ᠎ᠤᠨ ᠮᠡᠷᠭᠡᠵᠢᠯ᠂ ᠬᠢᠲᠠᠳ ᠠᠨᠠᠭ᠋ᠠᠬᠤ ᠤᠬᠠᠭ᠋ᠠᠨ᠂ ᠮᠣᠩᠭᠣᠯ ᠠᠨᠠᠭ᠋ᠠᠬᠤ ᠤᠬᠠᠭ᠋ᠠᠨ᠂ ᠡᠷᠡᠭᠦᠯᠵᠢᠭᠦᠯᠬᠦ ᠡᠮᠴᠢᠯᠡᠭᠡᠨ᠎ᠤ ᠮᠡᠷᠭᠡᠵᠢᠯ᠂ ᠡᠮ᠎ᠤᠨ ᠤᠬᠠᠭ᠋ᠠᠨ᠂ ᠠᠨᠠᠭ᠋ᠠᠬᠤ ᠤᠬᠠᠭ᠋ᠠᠨ᠎ᠤ ᠰᠢᠯᠭ᠋ᠠᠨ ᠪᠠᠶ᠋ᠢᠴᠠᠭ᠋ᠠᠬᠤ ᠮᠡᠷᠭᠡᠵᠢᠯ᠂ ᠡᠮ᠎ᠤᠨ ᠵᠦᠢ᠍ᠯ᠎ᠤᠨ ᠡᠵᠡᠩᠨᠡᠯᠲᠡ ᠪᠠ ᠬᠠᠮᠢᠶᠠᠷᠤᠯᠲᠠ ᠵᠡᠷᠭᠡ 11 ᠲᠤᠰᠬᠠᠶ ᠮᠡᠷᠭᠡᠵᠢᠯ᠎ᠢ ᠨᠡᠭᠡᠭᠡᠭᠰᠡᠨ ᠪᠠᠶ᠋ᠢᠨ᠎ᠠ᠃ ᠰᠤᠪᠢᠯᠠᠬᠤ ᠲᠤᠰᠬᠠᠶ ᠮᠡᠷᠭᠡᠵᠢᠯ ᠪᠣᠯ ᠰᠤᠷᠭ᠋ᠠᠭᠤᠯᠢ ᠵᠢᠨ ᠭᠣᠣᠯᠳᠠᠯᠭ᠋ᠠᠲᠠᠢ ᠲᠤᠰᠬᠠᠶ ᠮᠡᠷᠭᠡᠵᠢᠯ᠂ ᠡᠷᠡᠭᠦᠯᠵᠢᠭᠦᠯᠬᠦ ᠡᠮᠴᠢᠯᠡᠭᠡᠨ᠎ᠤ ᠮᠡᠷᠭᠡᠵᠢᠯ᠎ᠤᠨ ᠲᠤᠰᠬᠠᠶ ᠮᠡᠷᠭᠡᠵᠢᠯ ᠪᠣᠯ ᠥᠪᠡᠷᠲᠡᠭᠡᠨ ᠵᠠᠰᠠᠬᠤ ᠣᠷᠣᠨ᠎ᠤ ᠭᠤᠤᠯᠯᠠᠭᠴᠢ ᠲᠤᠰᠬᠠᠶ ᠮᠡᠷᠭᠡᠵᠢᠯ᠂ ᠮᠣᠩᠭᠣᠯ ᠡᠮᠨᠡᠯᠭᠡ ᠵᠢᠨ ᠲᠤᠰᠬᠠᠶ ᠮᠡᠷᠭᠡᠵᠢᠯ ᠪᠣᠯ ᠣᠨᠴᠠᠯᠢᠭᠲᠤ ᠲᠤᠰᠬᠠᠶ ᠮᠡᠷᠭᠡᠵᠢᠯ ᠪᠣᠯᠤᠨ᠎ᠠ᠃ 《ᠡᠬᠡ ᠨᠢᠯᠬᠠᠰ᠎ᠤᠨ ᠰᠤᠪᠢᠯᠠᠯᠲᠠ》᠂ 《ᠨᠠᠰᠤᠲᠠᠶ᠋ᠢᠴᠤᠳ᠎ᠢ ᠬᠠᠷᠠᠭ᠋ᠠᠯᠵᠠᠨ ᠠᠰᠠᠷᠠᠬᠤ》 ᠪᠠ 《ᠬᠥᠳᠡᠯᠭᠡᠭᠡᠨ ᠪᠠ ᠰᠢᠮ᠎ᠡ ᠲᠡᠵᠢᠭᠡᠯ᠎ᠤᠨ ᠵᠥᠪᠯᠡᠯᠭᠡ ᠪᠠ ᠵᠢᠯᠣᠭᠣᠳᠬᠤ ᠤᠷ᠎ᠠ ᠴᠢᠳᠠᠪᠤᠷᠢ》᠎ᠨᠢ ᠰᠤᠷᠭ᠋ᠠᠨ ᠬᠥᠮᠦᠵᠢᠯ᠎ᠤᠨ ᠶᠠᠮᠤᠨ᠎ᠤ 《1 + x》 ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠰᠢᠯᠭ᠋ᠠᠯᠲᠠ ᠵᠢᠨ ᠰᠠᠭᠤᠷᠢᠨ᠂ ᠰᠤᠷᠭ᠋ᠠᠭᠤᠯᠢ᠎ᠨᠢ ᠤᠯᠠᠭ᠋ᠠᠨᠴᠠᠪ ᠬᠣᠲᠠ ᠵᠢᠨ ᠤᠯᠤᠰ᠎ᠤᠨ ᠠᠵᠢᠯ ᠡᠷᠭᠢᠯᠡᠬᠦ ᠡᠮᠴᠢ ᠵᠢᠨ ᠦᠢ᠍ᠯᠡᠳᠦᠯᠭᠡ ᠵᠢᠨ ᠴᠢᠳᠠᠪᠤᠷᠢ ᠵᠢ ᠬᠢᠨᠠᠨ ᠰᠢᠯᠭ᠋ᠠᠬᠤ ᠰᠠᠭᠤᠷᠢᠨ᠂ ᠤᠯᠠᠭ᠋ᠠᠨᠴᠠᠪ ᠬᠣᠲᠠ ᠵᠢᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠰᠠᠭᠤᠷᠢᠨ ᠭᠠᠵᠠᠷ ᠪᠣᠯᠤᠨ᠎ᠠ᠃



      ᠬᠠᠷᠢᠶᠠᠲᠤ ᠡᠮᠨᠡᠯᠭᠡ ᠵᠢᠨ ᠬᠣᠷᠢᠶ᠎ᠠ ᠪᠣᠯ ᠡᠮᠴᠢᠯᠡᠭᠡ᠂ ᠵᠢᠭ᠋ᠠᠨ ᠰᠤᠷᠭ᠋ᠠᠯᠲᠠ ᠵᠢ ᠨᠢᠭᠡ ᠴᠣᠭᠴᠠᠵᠢᠭᠤᠯᠤᠭᠰᠠᠨ ᠬᠣᠶᠠᠳᠤᠭ᠋ᠠᠷ ᠳᠡᠰ᠎ᠤᠨ ᠬᠥᠬᠡ   ᠲᠡᠰ᠎ᠤᠨ ᠡᠮᠨᠡᠯᠭᠡ ᠵᠢᠨ ᠬᠣᠷᠢᠶ᠎ᠠ᠂ ᠡᠮᠨᠡᠯᠭᠡ ᠵᠢᠨ ᠬᠣᠷᠢᠶᠠᠨ᠎ᠤ ᠡᠵᠡᠯᠡᠬᠦ ᠲᠠᠯᠠᠪᠠᠶ᠎ᠨᠢ 2 . 7 ᠲᠦᠮᠡᠨ ᠲᠡᠭᠰᠢ ᠳᠥᠷᠪᠡᠯᠵᠢᠨ ᠮᠧᠲᠷ᠂ ᠭᠡᠷ ᠪᠠᠷᠢᠯᠭ᠎ᠠ ᠵᠢᠨ ᠲᠠᠯᠠᠪᠠᠶ᠎ᠨᠢ 1 . 28 ᠲᠦᠮᠡᠨ ᠲᠡᠭᠰᠢ ᠳᠥᠷᠪᠡᠯᠵᠢᠨ ᠮᠧᠲᠷ᠂ ᠡᠪᠡᠳᠴᠢᠲᠡᠨ᠎ᠤ ᠣᠷᠣ 200 ᠪᠣᠢ᠃ ᠤᠳᠤ ᠠᠵᠢᠯᠳᠠᠨ ᠠᠵᠢᠯᠴᠢᠨ 237 ᠪᠠᠢ᠌ᠵᠤ᠂ ᠡᠭᠦᠨ᠎ᠳᠤ ᠳᠡᠳ᠋ ᠳᠡᠭᠡᠳᠦ ᠳᠡᠰ᠎ᠤᠨ ᠮᠡᠷᠭᠡᠵᠢᠯ᠎ᠤᠨ ᠴᠣᠯᠠ᠎ᠠᠴᠠ ᠳᠡᠭᠡᠭᠰᠢᠬᠢ ᠮᠡᠷᠭᠡᠵᠢᠯ᠎ᠤᠨ ᠴᠤᠯᠠᠲᠠᠢ ᠪᠠᠭᠰᠢ 50 ᠪᠤᠢ᠃ ᠡᠮᠨᠡᠯᠭᠡ ᠵᠢᠨ ᠬᠣᠷᠢᠶᠠᠨ᠎ᠳᠤ ᠶᠠᠰᠤᠨ᠎ᠤ ᠰᠠᠯᠠᠭ᠎ᠠ᠂ ᠬᠠᠯᠠᠭ᠋ᠠᠭᠰᠠᠨ ᠰᠢᠷᠬ᠎ᠠ᠂ ᠳᠣᠲᠣᠷ ᠰᠠᠯᠠᠭ᠎ᠠ᠂ ᠡᠬᠡ ᠪᠠᠷᠢᠬᠤ᠂ ᠡᠩ᠎ᠤᠨ ᠭᠠᠳᠠᠷ ᠰᠠᠯᠠᠭ᠎ᠠ᠂ ᠲᠠᠪᠤᠨ ᠡᠷᠬᠡᠲᠡᠨ᠎ᠤ ᠰᠠᠯᠠᠭ᠎ᠠ ᠵᠡᠷᠭᠡ 23 ᠡᠮᠴᠢᠯᠡᠭᠡ᠂ ᠡᠮᠴᠢᠯᠡᠭᠡᠨ᠎ᠤ ᠮᠡᠷᠭᠡᠵᠢᠯ᠎ᠤᠨ ᠰᠠᠯᠠᠭ᠎ᠠ ᠲᠠᠰᠤᠭ᠎ᠢ ᠲᠣᠬᠢᠷᠠᠭᠤᠯᠵᠤ᠂ ᠡᠭᠦᠨ᠎ᠳᠤ ᠶᠠᠰᠤᠨ᠎ᠤ ᠰᠠᠯᠠᠭ᠎ᠠ᠂ ᠬᠠᠯᠠᠭ᠋ᠠᠭᠰᠠᠨ ᠰᠢᠷᠬ᠎ᠠ᠂ ᠡᠮᠡᠭᠲᠡᠶ ᠵᠢᠨ ᠰᠠᠯᠠᠭ᠎ᠠ᠎ᠨᠢ ᠪᠦᠬᠦ ᠬᠣᠲᠠ᠎ᠳᠤ ᠨᠡᠷ᠎ᠡ ᠠᠯᠳᠠᠷᠰᠢᠭᠰᠠᠨ ᠪᠠᠶ᠋ᠢᠨ᠎ᠠ᠃



      ᠤᠯᠠᠭ᠋ᠠᠨᠴᠠᠪ᠎ᠤᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠨᠢ ᠨᠡᠭᠡᠭᠡᠯᠲᠡᠲᠦ ᠰᠤᠷᠭ᠋ᠠᠭᠤᠯᠢ ᠡᠷᠭᠢᠯᠡᠬᠦ᠂ ᠡᠮᠴᠢᠯᠡᠭᠡ ᠪᠠ ᠰᠤᠷᠭ᠋ᠠᠨ ᠬᠥᠮᠦᠵᠢᠯ᠎ᠢ ᠠᠭᠤᠰᠠᠬᠬᠤ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠬᠤ᠂ ᠵᠣᠬᠢᠴᠠᠭᠤᠯᠤᠨ ᠬᠥᠮᠦᠨ᠎ᠢ ᠬᠥᠮᠦᠵᠢᠭᠦᠯᠬᠦ ᠰᠤᠷᠭ᠋ᠠᠭᠤᠯᠢ ᠡᠷᠭᠢᠯᠡᠬᠦ ᠣᠨᠣᠯᠵᠢᠬᠤᠨ᠎ᠢ ᠢᠮᠠᠭᠲᠠ ᠪᠠᠷᠢᠮᠲᠠᠯᠠᠵᠤ᠂ ᠤᠯᠠᠭ᠋ᠠᠨ ᠭᠤᠸᠠᠵᠢᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ᠎ᠠᠴᠠ ᠰᠤᠷᠭ᠋ᠠᠭᠤᠯᠢ᠎ᠳᠤ ᠪᠣᠯᠪᠠᠰᠤᠷᠠᠭᠤᠯᠤᠯ ᠬᠢᠬᠦ᠂ ᠠᠵᠢᠯ ᠣᠯᠭᠣᠯᠲᠠ ᠵᠢ ᠠᠬᠢᠭᠤᠯᠬᠤ᠂ ᠬᠡᠷ᠎ᠤᠨ ᠶᠠᠪᠤᠳᠠᠯ ᠡᠷᠭᠢᠯᠡᠬᠦ ᠵᠢ ᠨᠠᠢ᠌ᠳᠠᠭᠰᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠳᠡᠰ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠤᠨ᠎ᠠ᠃ ᠪᠡᠭᠡᠵᠢᠩ᠂ ᠲᠢᠶᠠᠨᠵᠢᠨ᠂ ᠬᠥᠬᠡᠬᠣᠲᠠ ᠵᠡᠷᠭᠡ ᠣᠷᠣᠨ᠎ᠤ ᠳᠣᠲᠣᠷ᠎ᠠ ᠭᠠᠳᠠᠨᠠᠬᠢ 30 ᠭᠠᠷᠤᠶ ᠠᠵᠢᠯ ᠲᠥᠷᠥᠯ᠎ᠤᠨ ᠡᠮᠨᠡᠯᠭᠡ ᠵᠢᠨ ᠬᠣᠷᠢᠶ᠎ᠠ᠎ᠯᠤᠭ᠎ᠠ ᠤᠷᠲᠤ ᠬᠤᠭᠤᠴᠠᠭ᠋ᠠᠨ᠎ᠤ ᠲᠣᠭᠲᠠᠭᠤᠨ ᠬᠣᠷᠰᠢᠶᠠᠯᠠᠬᠤ ᠬᠠᠷᠢᠴᠠᠭ᠎ᠠ ᠵᠢ ᠪᠠᠢ᠌ᠭᠤᠯᠪᠠ᠃ ᠥᠪᠥᠷ ᠮᠣᠩᠭᠣᠯ᠎ᠤᠨ ᠠᠷᠠᠳ᠎ᠤᠨ ᠡᠮᠨᠡᠯᠭᠡ ᠵᠢᠨ   ᠬᠣᠷᠢᠶᠠᠨ᠎ᠤ ᠬᠠᠷᠢᠶᠠᠲᠤ ᠡᠷᠡᠭᠦᠯ ᠬᠠᠮᠠᠭ᠋ᠠᠯᠠᠯ᠎ᠤᠨ ᠰᠤᠷᠭ᠋ᠠᠭᠤᠯᠢ᠎ᠯᠤᠭ᠎ᠠ ᠠᠨᠠᠭ᠋ᠠᠬᠤ ᠤᠬᠠᠭ᠋ᠠᠨ᠎ᠤ ᠰᠡᠭᠦᠳᠡᠷᠯᠡᠬᠦ ᠮᠡᠷᠭᠡᠵᠢᠯ᠎ᠤᠨ ᠬᠠᠮᠲᠤᠷᠠᠨ ᠰᠤᠷᠭ᠋ᠠᠭᠤᠯᠢ ᠡᠷᠭᠢᠯᠡᠬᠦ ᠵᠢ ᠥᠷᠨᠢᠭᠦᠯᠵᠦ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠂ ᠣᠷᠳᠣᠰ᠎ᠤᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ ᠰᠤᠷᠭ᠋ᠠᠭᠤᠯᠢ᠎ᠯᠤᠭ᠎ᠠ ᠬᠠᠮᠲᠤᠷᠠᠨ ᠠᠵᠢᠯᠯᠠᠵᠤ᠂ 11 ᠲᠤᠰᠬᠠᠶ ᠮᠡᠷᠭᠡᠵᠢᠯ᠎ᠠᠴᠠ ᠲᠡᠭᠦᠰᠦᠭᠰᠡᠳ ᠨᠥᠬᠥᠴᠡᠯ᠎ᠳᠤ ᠨᠡᠶ᠋ᠢᠴᠡᠪᠡᠯ ᠴᠥᠮ ᠲᠤᠰᠬᠠᠶ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ ᠰᠢᠯᠭ᠋ᠠᠯᠲᠠ᠎ᠳᠤ ᠣᠷᠣᠯᠴᠠᠵᠤ᠂ ᠬᠢᠷᠢ ᠲᠡᠩᠴᠡᠪᠡᠯ ᠬᠣᠷᠰᠢᠶᠠᠯᠠᠭᠰᠠᠨ ᠳᠡᠭᠡᠳᠦ ᠰᠤᠷᠭ᠋ᠠᠭᠤᠯᠢ᠎ᠳᠤ ᠳᠡᠪᠰᠢᠭᠦᠯᠦᠨ ᠵᠢᠩᠬᠢᠨᠢ ᠠᠩᠭᠢ᠎ᠳᠤ ᠰᠤᠷᠤᠯᠴᠠᠭᠤᠯᠤᠨ᠎ᠠ᠃ ᠣᠶ᠋ᠢᠷ᠎ᠠ ᠵᠢᠨ ᠭᠤᠷᠪᠠᠨ ᠵᠢᠯ᠎ᠳᠤ ᠲᠡᠭᠦᠰᠦᠭᠰᠡᠳ᠎ᠤᠨ ᠨᠢᠭᠡ ᠯᠡ ᠤᠳᠠᠭ᠋ᠠᠨ᠎ᠤ ᠠᠵᠢᠯ ᠣᠯᠭᠣᠯᠲᠠ ᠵᠢᠨ ᠨᠣᠷᠮ᠎ᠠ 85 % ᠵᠢ ᠳᠠᠪᠠᠪᠠ᠃



      ᠢᠷᠡᠭᠡᠳᠦᠢ᠎ᠳᠤ ᠬᠠᠨᠳᠤᠵᠤ᠂ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠪᠡ᠃ 《ᠵᠣᠷᠢᠭ ᠰᠢᠭᠤᠳᠬᠤ᠂ ᠨᠠᠷᠢᠯᠢᠭ ᠡᠮᠨᠡᠬᠦ᠂ ᠶᠣᠰᠣ ᠰᠤᠷᠲᠠᠬᠤᠨ᠎ᠢ ᠬᠥᠮᠥᠵᠢᠭᠦᠯᠬᠦ᠂ ᠰᠢᠨ᠎ᠡ ᠵᠢ ᠡᠭᠦᠳᠬᠦ》 ᠰᠤᠷᠭ᠋ᠠᠭᠤᠯᠢ ᠵᠢᠨ ᠰᠤᠷᠭ᠋ᠠᠯ᠎ᠢ ᠦᠷᠭᠦᠯᠵᠢᠯᠡᠨ ᠪᠠᠳᠠᠷᠠᠭᠤᠯᠵᠤ᠂ 《ᠬᠠᠷᠠᠮᠰᠠᠯ ᠥᠬᠡᠶ ᠰᠣᠩᠭᠤᠯᠲᠠ᠂ ᠴᠥᠬᠥᠷᠡᠰᠢ ᠥᠬᠡᠶ ᠴᠢᠷᠮᠠᠢ᠌ᠯᠲᠠ》 ᠭᠡᠬᠦ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯ᠎ᠤᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠡᠭᠦᠳᠡ᠎ᠪᠠᠨ ᠨᠡᠭᠡᠭᠡᠵᠦ ᠰᠤᠷᠭ᠋ᠠᠭᠤᠯᠢ ᠡᠷᠭᠢᠯᠡᠬᠦ᠂ ᠠᠭᠤᠯᠤᠭᠳᠠᠬᠤᠨ᠎ᠤ ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠴᠢᠳᠠᠪᠤᠷᠢᠲᠠᠨ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠶ᠋ᠠᠷ ᠰᠤᠷᠭ᠋ᠠᠭᠤᠯᠢ᠎ᠪᠠᠨ ᠮᠠᠨᠳᠤᠭᠤᠯᠬᠤ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠲᠤᠰᠬᠠᠶ ᠮᠡᠷᠭᠡᠵᠢᠯ᠎ᠤᠨ ᠠᠭᠤᠯᠤᠭᠳᠠᠬᠤᠨ᠎ᠤ ᠪᠠᠶ᠋ᠢᠭᠤᠯᠤᠯᠲᠠ ᠪᠠ ᠳᠣᠲᠣᠭ᠋ᠠᠳᠤ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠵᠢ ᠶᠡᠬᠡ᠎ᠪᠠᠷ ᠴᠢᠩᠭ᠋ᠠᠳᠬᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠡᠮ ᠡᠮᠨᠡᠯᠭᠡ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠶ ᠥᠷᠨᠢᠭᠦᠯᠵᠦ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠶ ᠦᠢ᠍ᠯᠡᠴᠢᠯᠡᠪᠡ᠃ ᠵᠠᠮ ᠨᠡᠭᠡᠭᠡᠨ ᠰᠢᠨ᠎ᠡ ᠵᠢ ᠡᠭᠦᠳᠴᠦ᠂ ᠡᠷᠡᠮᠡᠬᠡᠶ᠋ᠢᠯᠡᠨ ᠤᠷᠤᠭᠰᠢᠯᠠᠵᠤ᠂ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠤᠷᠭ᠋ᠠᠭᠤᠯᠢ ᠵᠢᠨ ᠬᠥᠭᠵᠢᠯᠲᠡ ᠪᠠ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠵᠢ ᠴᠢᠷᠮᠠᠶ᠋ᠢᠨ ᠡᠭᠦᠳᠴᠦ ᠪᠠᠢ᠌ᠨ᠎ᠠ᠃    




ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠳᠠᠭᠤᠤ》 ᠬᠠᠩᠭᠢᠨᠠᠨᠠᠮ
ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠦᠰᠡᠯ ᠲᠡᠮᠡᠦᠯᠦᠯ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠰᠢᠨ᠎ᠡ ᠶᠢᠷᠲᠢᠨᠴᠦ》 ᠭᠡᠬᠦ ᠳᠠᠭᠤᠤ ᠵᠢ ᠬᠠᠩᠭᠢᠨᠠᠭᠤᠯᠪᠠ
ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠳᠠᠬᠢᠨᠲᠠ ᠮᠣᠷᠳᠠᠨᠠᠮ》 ᠭᠡᠬᠦ ᠳᠠᠭᠤᠤ ᠬᠠᠩᠭᠢᠨᠠᠨᠠᠮ
ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠵᠠᠯᠠᠭᠤᠰ᠎ᠤᠨ ᠠᠭᠤᠯᠵᠠᠯᠲᠠ》 ᠭᠡᠬᠦ ᠳᠠᠭᠤᠤ ᠬᠠᠩᠭᠢᠨᠠᠨᠠᠮ
 
             蒙ICP备05000248号