ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
— 《ᠰᠢᠨ᠎ᠡ ᠶᠢᠷᠲᠢᠨᠴᠦ》
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ
ᠮᠡᠷᠭᠡᠵᠢᠯ ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 1991 ᠣᠨ᠎ᠳᠤ ᠪᠠᠶ᠋ᠢᠭᠤᠯᠤᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠨ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠳᠤ ᠳᠠᠩᠰᠠᠯᠠᠭᠤᠯᠵᠤ᠂ ᠤᠯᠤᠰ᠎ᠤᠨ ᠨᠢᠭᠡᠳᠦᠯᠲᠡᠶ ᠰᠣᠷᠣᠭᠴᠢ ᠡᠯᠰᠡᠬᠦ ᠲᠥᠯᠥᠪᠯᠡᠭᠡ᠎ᠳᠤ ᠣᠷᠣᠭᠰᠠᠨ᠂ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠢ ᠲᠤᠰᠠᠭ᠋ᠠᠷ ᠣᠯᠭᠣᠬᠤ ᠬᠢᠷᠢ ᠬᠡᠮ᠎ᠲᠠᠢ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ 《ᠬᠠᠤᠯᠢ᠎ᠪᠠᠷ ᠰᠤᠷᠭ᠋ᠠᠭᠤᠯᠢ᠎ᠪᠠᠨ ᠵᠠᠰᠠᠬᠤ᠂ ᠣᠨᠴᠠᠯᠢᠭ ᠵᠶ᠋ᠠᠷ ᠰᠤᠷᠭ᠋ᠠᠭᠤᠯᠢ᠎ᠪᠠᠨ ᠮᠠᠨᠳᠤᠭᠤᠯᠬᠤ᠂ ᠴᠢᠨᠠᠷ ᠴᠢᠨᠰᠠᠭ᠎ᠠ᠎ᠪᠠᠷ ᠰᠤᠷᠭ᠋ᠠᠭᠤᠯᠢ᠎ᠪᠠᠨ ᠪᠠᠶ᠋ᠢᠭᠤᠯᠬᠤ᠂ ᠲᠡᠮᠳᠡᠭᠲᠦ᠎ᠪᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ》 ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ᠎ᠪᠠᠷ ᠦᠨᠳᠦᠰᠦᠨ ᠡᠭᠦᠷᠭᠡ ᠪᠣᠯᠭ᠋ᠠᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠬᠦᠴᠦᠯᠡᠨ ᠠᠬᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠴᠢᠷᠮᠠᠶ᠋ᠢᠨ ᠡᠭᠦᠳᠦᠨ ᠪᠠᠶ᠋ᠢᠭᠤᠯᠪᠠ᠃

ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠤᠷᠢᠳ ᠬᠣᠵᠢᠳ 《ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠤᠷᠭ᠋ᠠᠭᠤᠯᠢ ᠡᠷᠭᠢᠯᠡᠭᠰᠡᠨ ᠨᠢᠭᠡᠴᠢ》᠂ 《ᠠᠵᠢᠯ ᠣᠯᠭᠣᠯᠲᠠ ᠵᠢᠨ ᠲᠡᠷᠢᠭᠦᠨ᠎ᠤ ᠨᠢᠭᠡᠴᠢ》᠂ 《ᠰᠤᠷᠤᠭᠴᠢᠳ᠎ᠢ ᠳᠡᠳᠬᠦᠨ ᠲᠤᠰᠠᠯᠠᠬᠤ ᠠᠵᠢᠯ᠎ᠤᠨ ᠲᠡᠷᠢᠭᠦᠨ᠎ᠤ ᠨᠢᠭᠡᠴᠢ》᠂ 《ᠤᠶᠤᠲᠠᠳ ᠴᠡᠷᠢᠭ ᠡᠯᠰᠡᠬᠦ ᠠᠵᠢᠯ᠎ᠤᠨ ᠲᠡᠷᠢᠭᠦᠨ᠎ᠤ ᠨᠢᠭᠡᠴᠢ》 ᠵᠡᠷᠭᠡ ᠢᠷᠠᠭᠤ ᠠᠯᠳᠠᠷ᠎ᠢ ᠭᠥᠷᠳᠡᠪᠡ᠃ ᠰᠤᠷᠭ᠋ᠠᠭᠤᠯᠢ᠎ᠳᠤ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠥᠷᠲᠡᠭᠡ᠂ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠪᠣᠯᠪᠠᠰᠤᠷᠠᠯ ᠰᠢᠯᠭ᠋ᠠᠯᠲᠠ ᠵᠢᠨ ᠠᠵᠢᠯ᠎ᠤᠨ ᠥᠷᠲᠡᠭᠡ᠂ ᠤᠶᠤᠲᠠᠳ᠎ᠤᠨ ᠦᠢ᠍ᠯᠡᠰ ᠪᠣᠰᠬᠠᠬᠤ ᠪᠣᠯᠪᠠᠰᠤᠷᠠᠯ᠎ᠤᠨ ᠰᠠᠭᠤᠷᠢᠨ᠎ᠲᠠᠢ᠃ ᠠᠨᠠᠭ᠋ᠠᠬᠤ ᠤᠬᠠᠭ᠋ᠠᠨ᠎ᠤ ᠮᠡᠷᠭᠡᠵᠢᠯ᠎ᠤᠨ ᠰᠠᠯᠪᠤᠷᠢ᠂ ᠰᠤᠷᠭ᠋ᠠᠨ ᠬᠥᠮᠦᠵᠢᠯ᠎ᠤᠨ ᠰᠠᠯᠪᠤᠷᠢ᠂ ᠮᠠᠰᠢᠨ ᠲᠡᠷᠭᠡᠨ᠎ᠤ ᠢᠨᠵᠧᠨᠧᠷᠢᠩ᠎ᠤᠨ ᠰᠠᠯᠪᠤᠷᠢ᠂ ᠤᠷᠠᠯᠢᠭ᠎ᠤᠨ ᠵᠠᠭᠤᠴᠢᠯᠠᠭᠤᠷ᠎ᠤᠨ ᠰᠠᠯᠪᠤᠷᠢ᠂ ᠪᠣᠯᠪᠠᠰᠤᠷᠠᠯ᠎ᠤᠨ ᠲᠥᠪ᠂ ᠬᠠᠷᠢᠶᠠᠲᠤ ᠳᠤᠮᠳᠠᠳᠤ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠡᠷᠭᠡ ᠵᠢᠭ᠋ᠠᠨ ᠰᠤᠷᠭ᠋ᠠᠯᠲᠠ ᠵᠢᠨ ᠪᠠᠶ᠋ᠢᠭᠤᠯᠤᠮᠵᠢ᠎ᠲᠠᠢ᠃ ᠰᠤᠪᠢᠯᠠᠯᠲᠠ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠲᠣᠭ᠋ᠠᠴᠢᠯᠠᠭᠰᠠᠨ ᠵᠠᠭᠤᠴᠢᠯᠠᠭᠤᠷ᠎ᠤᠨ ᠮᠡᠷᠭᠡᠵᠢᠯ᠂ ᠬᠤᠷᠳᠤᠨ᠎ᠤ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠦᠢ᠍ᠯᠡᠴᠢᠯᠡᠭᠡ᠂ ᠮᠠᠰᠢᠨ ᠲᠡᠷᠭᠡ ᠵᠢ ᠪᠠᠶ᠋ᠢᠴᠠᠭ᠋ᠠᠨ ᠰᠢᠯᠭ᠋ᠠᠬᠤ ᠪᠠ ᠰᠡᠯᠪᠢᠨ ᠵᠠᠰᠠᠬᠤ ᠮᠡᠷᠭᠡᠵᠢᠯ ᠵᠡᠷᠭᠡ 11 ᠲᠤᠰᠬᠠᠶ ᠮᠡᠷᠭᠡᠵᠢᠯ᠎ᠢ ᠨᠡᠭᠡᠭᠡᠭᠰᠡᠨ᠎ᠤ ᠬᠠᠮᠲᠤ ᠲᠤᠰᠬᠠᠶ ᠮᠡᠷᠭᠡᠵᠢᠯ᠎ᠤᠨ ᠪᠠᠶ᠋ᠢᠷᠢᠯᠠᠭᠤᠯᠤᠯᠲᠠ ᠪᠠ ᠴᠢᠳᠠᠪᠤᠷᠢᠲᠠᠨ᠎ᠢ ᠬᠥᠮᠦᠵᠢᠭᠦᠯᠬᠦᠯᠦᠭᠡ ᠬᠠᠷᠢᠯᠴᠠᠨ ᠳᠣᠭᠢᠷᠠᠯᠴᠠᠭᠰᠠᠨ ᠠᠨᠠᠭ᠋ᠠᠬᠤ ᠤᠬᠠᠭ᠋ᠠᠨ᠎ᠤ ᠳᠠᠳᠤᠯᠭ᠎ᠠ ᠪᠣᠯᠪᠠᠰᠤᠷᠠᠭᠤᠯᠤᠯ᠎ᠤᠨ ᠲᠥᠪ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠳᠠᠳᠤᠯᠭ᠎ᠠ ᠪᠣᠯᠪᠠᠰᠤᠷᠠᠭᠤᠯᠤᠯ᠎ᠤᠨ ᠲᠥᠪ᠂ ᠮᠠᠰᠢᠨ ᠲᠡᠷᠭᠡ ᠮᠠᠰᠢᠨ ᠴᠠᠬᠢᠯᠭ᠋ᠠᠨ᠎ᠤ ᠳᠠᠳᠤᠯᠭ᠎ᠠ ᠪᠣᠯᠪᠠᠰᠤᠷᠠᠭᠤᠯᠤᠯ᠎ᠤᠨ ᠲᠥᠪ᠂ ᠲᠣᠭ᠋ᠠᠴᠢᠯᠠᠭᠰᠠᠨ ᠵᠠᠭᠤᠴᠢᠯᠠᠭᠤᠷ᠎ᠤᠨ ᠳᠠᠳᠤᠯᠭ᠎ᠠ ᠪᠣᠯᠪᠠᠰᠤᠷᠠᠭᠤᠯᠤᠯ᠎ᠤᠨ ᠲᠠᠰᠤᠭ ᠵᠡᠷᠭᠡ ᠰᠤᠷᠭ᠋ᠠᠭᠤᠯᠢ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠭᠠᠵᠠᠷ᠎ᠲᠠᠢ᠃


ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠦᠢ᠍ᠯᠡᠴᠢᠯᠡᠭᠡ᠎ᠪᠠᠷ ᠵᠣᠷᠢᠯᠲᠠ ᠪᠣᠯᠭ᠋ᠠᠬᠤ᠂ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠬᠤ᠂ ᠴᠢᠨᠠᠷ ᠴᠢᠨᠰᠠᠭ᠎ᠠ᠎ᠪᠠᠷ ᠣᠷᠣᠰᠢᠨ ᠲᠣᠭᠲᠠᠨᠢᠬᠤ᠂ ᠣᠨᠴᠠᠯᠢᠭ ᠵᠶ᠋ᠠᠷ ᠬᠥᠭᠵᠢᠯᠲᠡ ᠵᠢ ᠡᠷᠢᠯᠬᠢᠯᠡᠬᠦ》 ᠰᠤᠷᠭ᠋ᠠᠭᠤᠯᠢ ᠡᠷᠭᠢᠯᠡᠬᠦ ᠣᠨᠣᠯᠵᠢᠬᠤᠨ᠎ᠢ ᠪᠠᠷᠢᠮᠲᠠᠯᠠᠵᠤ᠂ ᠬᠡᠷᠡᠭᠯᠡᠭᠡᠨ ᠵᠶ᠋ᠠᠷ ᠤᠳᠤᠷᠢᠳᠤᠮᠵᠢ ᠪᠣᠯᠭ᠋ᠠᠭᠰᠠᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠪ ᠵᠠᠭᠪᠤᠷ᠎ᠢ ᠢᠳᠡᠪᠬᠢᠲᠡᠶ ᠠᠬᠢᠭᠤᠯᠪᠠ᠃ ᠣᠨᠣᠯ᠎ᠤᠨ ᠮᠡᠳᠡᠯᠭᠡ + ᠶᠡᠷᠦᠩᠬᠡᠶ᠋ᠢᠯᠡᠭᠰᠡᠨ ᠪᠣᠯᠪᠠᠰᠤᠷᠠᠯ᠎ᠤᠨ ᠰᠤᠷᠭ᠋ᠠᠨ ᠬᠥᠮᠦᠵᠢᠯ + ᠠᠵᠢᠯ᠎ᠤᠨ ᠪᠠᠶ᠋ᠢᠷᠢ ᠵᠢᠨ ᠴᠢᠳᠠᠪᠤᠷᠢ ᠪᠥᠬᠥᠶ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠤᠨ ᠬᠥᠮᠦᠵᠢᠯ᠎ᠤᠨ ᠬᠡᠪ ᠵᠠᠭᠪᠤᠷ᠎ᠢ ᠬᠡᠷᠡᠭᠯᠡᠵᠦ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ ᠬᠠᠮᠲᠤᠷᠠᠯᠴᠠᠬᠤ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠬᠠᠬᠤ᠂ ᠵᠠᠬᠢᠶᠠᠯᠠᠭ᠎ᠠ᠎ᠪᠠᠷ ᠬᠥᠮᠦᠵᠢᠭᠦᠯᠬᠦ᠂ ᠡᠭᠦᠷᠭᠡ᠎ᠪᠠᠷ ᠬᠥᠳᠡᠯᠭᠡᠭᠦᠷ ᠪᠣᠯᠭ᠋ᠠᠬᠤ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠠᠵᠢᠯ᠎ᠤᠨ ᠪᠠᠶ᠋ᠢᠷᠢ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠠᠵᠢᠯ ᠲᠥᠷᠥᠯ᠎ᠤᠨ ᠪᠠᠷᠢᠮᠵᠢᠶ᠎ᠠ᠎ᠪᠠᠷ ᠤᠳᠤᠷᠢᠳᠤᠮᠵᠢ ᠪᠣᠯᠭ᠋ᠠᠭᠰᠠᠨ ᠵᠢᠭ᠋ᠠᠨ ᠰᠤᠷᠭ᠋ᠠᠯᠲᠠ ᠵᠢ ᠨᠢᠭᠡ ᠴᠣᠭᠴᠠᠵᠢᠭᠤᠯᠤᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠢ ᠬᠡᠷᠡᠭᠵᠢᠭᠦᠯᠵᠦ᠂ ᠪᠠᠭᠰᠢ ᠵᠢᠭ᠋ᠠᠨ ᠵᠢᠯᠣᠭᠣᠳᠴᠤ᠂ ᠰᠤᠷᠤᠭᠴᠢᠳ ᠪᠠᠬᠠᠲᠠᠶ ᠰᠤᠷᠤᠯᠴᠠᠬᠤ ᠴᠢᠳᠠᠪᠤᠷᠢᠲᠠᠨ᠎ᠢ ᠬᠥᠮᠦᠵᠢᠭᠦᠯᠬᠦ ᠰᠢᠨ᠎ᠡ ᠪᠠᠶ᠋ᠢᠳᠠᠯ᠎ᠢ ᠪᠣᠶ ᠪᠣᠯᠭ᠋ᠠᠪᠠ᠃

ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠪᠣᠯᠬᠤ ᠪᠥᠭᠡᠳ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠᠶ᠋ᠢᠭᠤᠯᠤᠭᠳᠠᠭᠰᠠᠨ 30 ᠵᠢᠯ᠎ᠤᠨ ᠤᠢ ᠪᠣᠯᠤᠨ᠎ᠠ᠃ ᠰᠤᠷᠭ᠋ᠠᠭᠤᠯᠢ ᠵᠢᠨ ᠦᠰᠦᠨ ᠪᠣᠶ᠋ᠢᠵᠢᠯᠲᠠ ᠪᠠ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠳᠠᠬᠢ ᠨᠠᠮ᠎ᠤᠨ ᠳᠡᠮᠵᠢᠯᠭᠡ ᠵᠣᠷᠢᠭᠵᠢᠭᠤᠯᠤᠯ ᠨᠢᠭᠲᠠ ᠬᠣᠯᠪᠣᠯᠳᠤᠵᠤ᠂ 2021 ᠣᠨ᠎ᠤ ᠡᠨᠡ ᠬᠦ᠌ ᠣᠨᠴᠠᠭ᠋ᠠᠢ ᠵᠢᠯ ᠭᠦᠨ ᠭᠦᠨᠵᠡᠭᠡᠢ ᠤᠳᠬ᠎ᠠ ᠠᠭᠤᠯᠭ᠎ᠠ᠎ᠲᠠᠢ ᠶᠤᠮ᠃ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠵᠣᠬᠢᠴᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠪᠠᠶ᠋ᠢᠭᠤᠯᠵᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠤᠯᠤᠰ᠎ᠤᠨ ᠪᠥᠲᠥᠭᠡᠨ ᠪᠠᠶ᠋ᠢᠭᠤᠯᠤᠯᠲᠠ᠎ᠲᠠᠢ ᠵᠡᠷᠭᠡ᠎ᠪᠠᠷ ᠤᠷᠤᠭᠰᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ᠎ᠲᠠᠢ ᠵᠡᠷᠭᠡ᠎ᠪᠠᠷ ᠤᠷᠤᠭᠰᠢᠯᠠᠵᠤ ᠪᠠᠶ᠋ᠢᠨ᠎ᠠ᠃ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠥᠯᠥ ᠬᠥᠰᠡᠷᠳᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠳᠥᠯᠭᠢᠨ ᠠᠬᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ᠃