ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠳᠠᠬᠢᠨᠲᠠ ᠮᠣᠷᠳᠠᠨᠠᠮ》 ᠭᠡᠬᠦ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-07-29


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ· ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
     — 《ᠳᠠᠬᠢᠨᠲᠠ ᠮᠣᠷᠳᠠᠨᠠᠮ》 ᠭᠡᠬᠦ ᠳᠠᠭᠤᠤ ᠵᠢ ᠬᠠᠩᠭᠢᠨᠠᠭᠤᠯᠪᠠ᠃


      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠵᠦ᠂ ᠰᠤᠷᠭ᠋ᠠᠨ ᠬᠥᠮᠦᠵᠢᠯ᠎ᠤᠨ ᠶᠠᠮᠤᠨ ᠵᠶ᠋ᠠᠷ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ᠂ ᠤᠤᠯ᠎ᠤᠨ ᠵᠠᠯᠠᠨ ᠠᠶ᠋ᠢᠯ᠎ᠤᠨ ᠬᠡᠦᠬᠡᠳ᠎ᠤᠨ ᠪᠠᠭᠰᠢ ᠵᠢᠨ ᠰᠤᠷᠭ᠋ᠠᠭᠤᠯᠢ (1946 ᠣᠨ᠎ᠳᠤ ᠪᠠᠶ᠋ᠢᠭᠤᠯᠤᠭᠰᠠᠨ)᠂ ᠵᠠᠯᠠᠨ ᠠᠶ᠋ᠢᠯ᠎ᠤᠨ ᠣᠶ ᠰᠢᠭᠤᠶ ᠵᠢᠨ ᠰᠤᠷᠭ᠋ᠠᠭᠤᠯᠢ (1952 ᠣᠨ᠎ᠳᠤ ᠪᠠᠶ᠋ᠢᠭᠤᠯᠤᠭᠰᠠᠨ)᠂ ᠵᠠᠯᠠᠨ ᠠᠶ᠋ᠢᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠤᠷᠭ᠋ᠠᠭᠤᠯᠢ (1952 ᠣᠨ᠎ᠳᠤ ᠪᠠᠶ᠋ᠢᠭᠤᠯᠤᠭᠰᠠᠨ) ᠪᠣᠯᠤᠨ ᠬᠥᠯᠥᠨ ᠪᠣᠶ᠋ᠢᠷ ᠬᠣᠲᠠ ᠵᠢᠨ ᠡᠷᠡᠭᠦᠯ ᠬᠠᠮᠠᠭ᠋ᠠᠯᠠᠯ᠎ᠤᠨ ᠰᠤᠷᠭ᠋ᠠᠭᠤᠯᠢ (1959 ᠣᠨ᠎ᠳᠤ ᠪᠠᠶ᠋ᠢᠭᠤᠯᠤᠭᠰᠠᠨ) ᠵᠢ ᠨᠡᠢ᠌ᠯᠡᠭᠦᠯᠵᠦ ᠪᠠᠶ᠋ᠢᠭᠤᠯᠤᠭᠰᠠᠨ ᠠᠯᠪᠠᠨ᠎ᠠᠴᠠ ᠡᠷᠭᠢᠯᠡᠭᠰᠡᠨ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ ᠬᠥᠯᠥᠨ ᠪᠤᠢ᠍ᠢ᠍ᠷ᠎ᠤᠨ ᠲᠠᠯ᠎ᠠ ᠨᠤᠲᠤᠭ ᠪᠣᠯᠤᠨ ᠶᠡᠬᠡ ᠬᠢᠩᠭ᠋ᠠᠨ ᠳᠠᠪᠠᠭ᠋ᠠᠨ᠎ᠤ ᠤᠢ ᠰᠢᠭᠤᠢ ᠵᠢᠨ ᠳᠤᠮᠳᠠᠬᠢ 《ᠪᠣᠭᠣᠮᠲᠠ ᠵᠢᠨ ᠭᠠᠳᠠᠨᠠᠬᠢ ᠰᠦᠵᠧᠦ ᠬᠠᠩᠵᠧᠦ》 ᠭᠡᠭᠳᠡᠭᠰᠡᠨ ᠵᠠᠯᠠᠨ ᠠᠶ᠋ᠢᠯ ᠬᠤᠳᠠ᠎ᠳᠤ ᠪᠠᠶ᠋ᠢᠷᠢᠯᠠᠵᠤ᠂ ᠡᠨᠳᠡᠬᠢ ᠦᠩᠭᠡ ᠦᠵᠡᠮᠵᠢ ᠨᠠᠮᠤᠭᠤᠨ ᠰᠠᠶ᠋ᠢᠬᠠᠨ᠂ ᠲᠡᠦᠬᠡ ᠰᠣᠶᠤᠯ᠎ᠤᠨ ᠰᠠᠭᠤᠷᠢ ᠵᠤᠵᠠᠭ᠋ᠠᠨ᠂ ᠵᠠᠮ ᠬᠠᠷᠢᠯᠴᠠᠭ᠎ᠠ ᠳᠥᠭᠥᠮ ᠳᠥᠲᠡ᠂ ᠠᠵᠤ ᠦᠢ᠍ᠯᠡᠰ ᠲᠥᠪᠯᠡᠷᠡᠭᠰᠡᠨ ᠳᠤᠮᠳᠠᠳᠤ ᠤᠯᠤᠰ᠎ᠤᠨ ᠰᠢᠯᠢᠳᠡᠭ ᠵᠤᠭ᠋ᠠᠴᠠᠯ᠎ᠤᠨ ᠬᠤᠳᠠ ᠪᠠᠶ᠋ᠢᠵᠤ᠂ ᠪᠦᠬᠦ ᠤᠯᠤᠰ᠎ᠤᠨ 14 ᠳ᠋ᠦ᠍ᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠭᠰᠡᠨ ᠭᠠᠵᠠᠷ᠎ᠤᠨ ᠨᠢᠭᠡ ᠪᠣᠯᠤᠨ᠎ᠠ᠃



      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠪᠥᠬᠥ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠪᠣᠯᠪᠠᠰᠤᠷᠠᠭᠤᠯᠬᠤ ᠰᠢᠯᠢᠳᠡᠭ ᠰᠤᠷᠭ᠋ᠠᠭᠤᠯᠢ᠂ ᠤᠯᠤᠰ᠎ᠤᠨ ᠰᠤᠪᠢᠯᠠᠯᠲᠠ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ᠂ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠢ᠍ᠯᠡᠰ ᠪᠣᠰᠬᠠᠬᠤ ᠪᠣᠯᠪᠠᠰᠤᠷᠠᠭᠤᠯᠤᠯ᠎ᠤᠨ ᠰᠠᠭᠤᠷᠢᠨ᠂ ᠲᠠᠷᠢᠶᠠᠯᠠᠩ ᠠᠵᠤ ᠠᠬᠤᠶ ᠬᠥᠳᠡᠭᠡ ᠲᠣᠰᠬᠣᠨ᠎ᠤ ᠶᠠᠮᠤᠨ ᠪᠠ ᠰᠤᠷᠭ᠋ᠠᠨ ᠬᠥᠮᠦᠵᠢᠯ᠎ᠤᠨ ᠶᠠᠮᠤᠨ᠎ᠤ ᠲᠠᠷᠢᠶᠠᠯᠠᠩ᠎ᠤᠨ ᠠᠵᠢᠯ ᠮᠡᠷᠭᠡᠵᠢᠯ᠎ᠤᠨ ᠬᠥᠮᠦᠵᠢᠯ ᠪᠣᠯᠪᠠᠰᠤᠷᠠᠭᠤᠯᠤᠯ᠎ᠤᠨ ᠳᠠᠭᠤᠷᠢᠶᠠᠯ ᠦᠵᠡᠭᠦᠯᠬᠦ ᠰᠠᠭᠤᠷᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠭᠡᠳᠦ ᠳᠡᠰ᠎ᠤᠨ ᠮᠡᠷᠭᠡᠵᠢᠯ᠎ᠤᠨ ᠴᠢᠳᠠᠪᠤᠷᠢᠲᠠᠨ᠎ᠢ   ᠪᠣᠯᠪᠠᠰᠤᠷᠠᠭᠤᠯᠬᠤ ᠰᠠᠭᠤᠷᠢᠨ᠂ 《ᠭᠤᠷᠪᠠᠨ ᠣᠷᠣᠨ》᠎ᠤ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠪᠣᠯᠤᠨ᠎ᠠ᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠠᠵᠢᠯ᠎ᠤᠨ ᠥᠷᠲᠡᠭᠡ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠪᠣᠯᠪᠠᠰᠤᠷᠠᠭᠤᠯᠤᠯ᠎ᠤᠨ ᠰᠣᠷᠢᠯᠲᠠ ᠵᠢᠨ ᠥᠷᠲᠡᠭᠡ ᠵᠡᠷᠭᠡ ᠣᠯᠠᠨ ᠪᠣᠯᠪᠠᠰᠤᠷᠠᠭᠤᠯᠤᠯ ᠪᠠ ᠬᠢᠨᠠᠨ ᠲᠣᠭᠲᠠᠭ᠋ᠠᠵᠤ ᠲᠤᠷᠰᠢᠬᠤ ᠪᠠᠶ᠋ᠢᠭᠤᠯᠤᠮᠵᠢ ᠪᠣᠢ᠃




      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠢᠨ᠎ᠡ ᠰᠤᠷᠭ᠋ᠠᠭᠤᠯᠢ ᠵᠢᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠤᠨ ᠡᠵᠡᠯᠡᠬᠦ ᠲᠠᠯᠠᠪᠠᠢ 57 . 34 ᠾᠧᠺᠲ᠋ᠠᠷ ᠪᠠᠢ᠌ᠵᠤ᠂ ᠰᠢᠨ᠎ᠡ᠎ᠪᠠᠷ ᠪᠠᠢ᠌ᠭᠤᠯᠤᠭᠰᠠᠨ 18 ᠰᠠᠭᠤᠷᠢ ᠲᠠᠩ ᠴᠣᠭᠴᠠᠲᠤ ᠪᠠᠷᠢᠯᠭ᠎ᠠ ᠵᠢ 9 ᠰᠠᠷ᠎ᠠ᠎ᠳᠤ ᠲᠤᠰᠢᠶᠠᠨ ᠬᠡᠷᠡᠭᠯᠡᠭᠦᠯᠵᠦ᠂ ᠰᠤᠷᠭ᠋ᠠᠭᠤᠯᠢ ᠡᠷᠭᠢᠯᠡᠬᠦ ᠨᠥᠬᠥᠴᠡᠯ᠎ᠢ ᠪᠥᠬᠥ ᠲᠠᠯ᠎ᠠ᠎ᠪᠠᠷ ᠰᠠᠢ᠌ᠵᠢᠷᠠᠭᠤᠯᠵᠤ ᠪᠠᠢ᠌ᠨ᠎ᠠ᠃




      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠂ ᠠᠨᠠᠭ᠋ᠠᠬᠤ ᠤᠬᠠᠭ᠋ᠠᠨ᠎ᠤ ᠰᠤᠪᠢᠯᠠᠯᠲᠠ ᠵᠢᠨ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠲᠤᠯᠭ᠋ᠠᠭᠤᠷᠢᠯᠠᠯ ᠪᠣᠯᠭ᠋ᠠᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠨ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠣᠨᠴᠠᠯᠢᠭ ᠪᠣᠯᠭ᠋ᠠᠨ᠂ ᠠᠵᠤ ᠠᠬᠤᠶ ᠵᠢᠨ ᠬᠠᠮᠢᠶᠠᠷᠤᠯᠲᠠ᠂ ᠮᠡᠳᠡᠭᠡ ᠵᠠᠩᠭᠢ ᠵᠢᠨ ᠢᠨᠵᠧᠨᠧᠷᠢᠩ᠂ ᠮᠠᠰᠢᠨ ᠲᠡᠷᠭᠡᠨ᠎ᠤ ᠢᠨᠵᠧᠨᠧᠷᠢᠩ᠎ᠤᠨ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠪᠣᠶ᠋ᠢᠵᠢᠭᠤᠯᠬᠤ ᠭᠤᠤᠯᠳᠠᠯᠭ᠎ᠠ ᠪᠣᠯᠭ᠋ᠠᠵᠤ᠂ ᠰᠣᠯᠪᠢᠴᠠᠨ ᠠᠭᠤᠰᠤᠭᠰᠠᠨ ᠲᠤᠰᠬᠠᠶ ᠮᠡᠷᠭᠡᠵᠢᠯ᠎ᠤᠨ ᠳᠣᠭᠲᠠᠯᠴᠠᠭ᠎ᠠ ᠵᠢ ᠪᠠᠢ᠌ᠭᠤᠯᠪᠠ᠃ 2020 ᠣᠨ᠎ᠳᠤ᠂ ᠰᠤᠷᠭ᠋ᠠᠭᠤᠯᠢ᠎ᠨᠢ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ 5 ᠵᠢᠯ᠎ᠤᠨ ᠳᠦᠷᠢᠮᠲᠦ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠰᠤᠷᠤᠭᠴᠢ ᠵᠢ ᠡᠬᠢᠯᠡᠨ ᠡᠯᠰᠡᠵᠦ᠂ ᠣᠲᠣ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ᠂ ᠰᠤᠷᠭ᠋ᠠᠨ ᠬᠥᠮᠦᠵᠢᠯ ᠬᠢᠭᠡᠳ ᠪᠡᠶ᠎ᠡ ᠵᠢᠨ ᠲᠠᠮᠢᠷ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠡᠳ᠋᠎ᠤᠨ ᠵᠠᠰᠠᠭ ᠠᠵᠤ ᠠᠬᠤᠶ ᠠᠷᠠᠯᠵᠢᠶ᠎ᠠ ᠬᠤᠳᠠᠯᠳᠤᠭ᠎ᠠ᠂ ᠡᠯᠧᠺᠲᠷᠣᠨ ᠮᠡᠳᠡᠭᠡ ᠵᠠᠩᠭᠢ᠂ ᠵᠤᠭ᠋ᠠᠴᠠᠯ᠂ ᠮᠠᠰᠢᠨ ᠲᠡᠷᠭᠡ ᠦᠢ᠍ᠯᠡᠳᠬᠦ ᠵᠡᠷᠭᠡ ᠲᠤᠰᠬᠠᠶ ᠮᠡᠷᠭᠡᠵᠢᠯ᠎ᠤᠨ ᠶᠡᠬᠡ ᠲᠥᠷᠥᠯ 7᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 20᠂ ᠲᠠᠪᠤᠨ ᠵᠢᠯ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 12᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ 19 ᠵᠢ ᠨᠡᠭᠡᠭᠡᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 6230 ᠪᠣᠶ᠃




      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠷᠣᠨ ᠲᠣᠭ᠎ᠠ᠎ᠲᠠᠢ ᠪᠠᠭᠰᠢ ᠠᠵᠢᠯᠳᠠᠨ 438᠂ ᠲᠤᠰᠬᠠᠢ ᠪᠠᠭᠰᠢ 319᠂ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 172 (ᠡᠭᠦᠨ᠎ᠳᠤ ᠫᠷᠤᠹᠧᠰᠰᠤᠷ᠂ ᠰᠤᠳᠤᠯᠤᠭᠴᠢ 9)᠂ ᠳ᠋ᠣᠺᠲ᠋ᠣᠷ᠂ ᠠᠰᠫᠢᠷᠠᠨᠲ 154᠂ 《ᠬᠣᠣᠰ ᠬᠢᠷᠢ ᠬᠡᠮᠲᠦ》 ᠪᠠᠭᠰᠢ 170᠂ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠳᠡᠭᠡᠭᠰᠢᠬᠢ ᠲᠤᠰᠬᠠᠢ ᠮᠡᠷᠭᠡᠵᠢᠯᠲᠡᠨ᠂ ᠨᠡᠷᠡᠳᠤ ᠪᠠᠭᠰᠢ᠂ ᠲᠠᠯ᠎ᠠ ᠨᠤᠲᠤᠭ᠎ᠤᠨ ᠴᠢᠳᠠᠪᠤᠷᠢᠲᠠᠨ ᠵᠡᠷᠭᠡ 25 ᠬᠥᠮᠦᠨ ᠪᠤᠢ᠃ ᠰᠤᠷᠭ᠋ᠠᠭᠤᠯᠢ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠪᠠᠭᠰᠢ ᠨᠠᠷ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢᠨ ᠤᠯᠤᠰ᠎ᠤᠨ ᠤᠷᠤᠯᠳᠤᠭ᠋ᠠᠨ᠎ᠤ ᠬᠣᠶᠠᠳᠤᠭ᠋ᠠᠷ ᠳᠡᠰ᠎ᠤᠨ ᠱᠠᠩᠨᠠᠯ 1᠂ ᠣᠷᠣᠨ᠎ᠤ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 3᠂ ᠭᠤᠷᠪᠠᠳᠤᠭ᠋ᠠᠷ ᠳᠡᠰ᠎ᠤᠨ ᠱᠠᠩᠨᠠᠯ 10 ᠵᠢ ᠬᠦᠷᠳᠡᠪᠡ᠃ ᠬᠠᠪᠰᠤᠷᠤᠨ ᠵᠢᠯᠣᠭᠣᠳᠣᠭᠴᠢ ᠤᠯᠤᠰ᠎ᠤᠨ ᠤᠷᠤᠯᠳᠤᠭ᠋ᠠᠨ᠎ᠤ ᠭᠤᠷᠪᠠᠳᠤᠭ᠋ᠠᠷ ᠳᠡᠰ᠎ᠤᠨ ᠱᠠᠩᠨᠠᠯ 1᠂ ᠣᠷᠣᠨ᠎ᠤ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭ᠋ᠠᠷ ᠳᠡᠰ᠎ᠤᠨ ᠱᠠᠩᠨᠠᠯ 1 ᠵᠢ ᠭᠦᠷᠲᠡᠪᠡ᠃ ᠰᠤᠷᠤᠭᠴᠢᠳ ᠤᠯᠤᠰ᠎ᠤᠨ ᠲᠠᠰ᠎ᠤᠨ ᠱᠠᠩᠨᠠᠯ 4᠂ ᠥᠪᠡᠷᠲᠡᠭᠡᠨ ᠵᠠᠰᠠᠬᠤ ᠣᠷᠣᠨ᠎ᠤ ᠱᠠᠩᠨᠠᠯ 89 ᠵᠢ ᠭᠥᠷᠳᠡᠪᠡ᠃




      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠦᠢ᠍ᠯᠡᠳᠪᠦᠷᠢᠯᠡᠯ ᠪᠣᠯᠤᠨ ᠵᠢᠭ᠋ᠠᠨ ᠰᠤᠷᠭ᠋ᠠᠯᠲᠠ ᠵᠢ ᠠᠭᠤᠰᠬᠠᠬᠤ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ ᠬᠠᠮᠲᠤᠷᠠᠯᠴᠠᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠪᠡᠭᠡᠵᠢᠩ᠎ᠤᠨ ᠮᠢᠩ ᠠᠨ ᠰᠢᠩ ᠠᠮᠢᠲᠠᠨ᠎ᠤ ᠡᠮᠨᠡᠯᠭᠡ ᠵᠢᠨ ᠬᠣᠷᠢᠶ᠎ᠠ᠂ ᠲᠢᠶᠠᠨᠵᠢᠨ᠎ᠤ ᠢᠯᠢ ᠪᠦᠯᠦᠭᠯᠡᠯ᠂ ᠵᠦᠩ ᠯᠢᠶᠠᠩ ᠹᠸᠩ ᠲᠦᠩ (ᠪᠡᠭᠡᠵᠢᠩ) ᠢᠳᠡᠭᠡᠨ᠎ᠤ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠹᠦ᠋ ᠲᠢᠶᠠᠨ ᠳ᠋ᠠᠢ ᠮᠦ᠍ ᠯᠧ ᠮᠠᠰᠢᠨ ᠲᠡᠷᠭᠡᠨ᠎ᠤ ᠬᠢᠵᠠᠭ᠋ᠠᠷᠲᠤ ᠺᠣᠮᠫᠠᠨᠢ᠂ ᠴᠠᠩ ᠴᠧᠩ ᠮᠠᠰᠢᠨ ᠲᠡᠷᠭᠡᠨ᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠬᠤᠸᠠ ᠰᠢᠶᠠᠩ ᠬᠤᠸᠠ ᠮᠦ᠍ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠡᠷᠭᠡ ᠤᠯᠤᠰ᠎ᠤᠨ ᠳᠣᠲᠣᠭ᠋ᠠᠳᠤ ᠵᠢᠨ ᠲᠤᠮᠤ ᠠᠵᠤ ᠠᠬᠤᠶ᠋ᠢᠯᠠᠯ᠎ᠲᠠᠢ ᠵᠠᠬᠢᠶᠠᠯᠠᠭ᠎ᠠ᠎ᠪᠠᠷ ᠬᠥᠮᠦᠵᠢᠭᠦᠯᠬᠦ᠂ ᠳᠠᠳᠤᠯᠭ᠎ᠠ ᠪᠣᠯᠪᠠᠰᠤᠷᠠᠯ ᠬᠢᠬᠦ ᠵᠡᠷᠭᠡ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠲᠣᠭᠲᠠᠵᠤ᠂ ᠰᠤᠷᠤᠭᠴᠢᠳ᠎ᠤᠨ ᠳᠠᠳᠤᠯᠭ᠎ᠠ ᠪᠣᠯᠪᠠᠰᠤᠷᠠᠯ ᠬᠢᠬᠦ ᠪᠠ ᠠᠵᠢᠯ ᠤᠯᠬᠤ᠎ᠳᠤ ᠲᠦᠬᠦᠮ ᠨᠥᠬᠥᠴᠡᠯ ᠪᠦᠷᠢᠯᠳᠦᠭᠦᠯᠵᠦ ᠥᠭᠪᠡ᠃
      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠠᠵᠢᠯᠯᠠᠬᠤ ᠰᠤᠷᠤᠯᠴᠠᠬᠤ ᠵᠢ ᠤᠶᠠᠯᠳᠤᠭᠤᠯᠬᠤ᠂ ᠮᠡᠳᠡᠬᠦᠶ ᠬᠢᠬᠦᠶ ᠵᠢ ᠨᠢᠭᠡᠳᠬᠡᠬᠦ ᠵᠢ ᠪᠠᠷᠢᠮᠲᠠᠯᠠᠵᠤ᠂ ᠰᠤᠷᠤᠭᠴᠢᠳ᠎ᠤᠨ ᠲᠠᠨᠢᠨ ᠮᠡᠳᠡᠬᠦ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ᠂ ᠰᠢᠨ᠎ᠡ ᠵᠢ ᠡᠭᠦᠳᠬᠦ ᠴᠢᠳᠠᠪᠤᠷᠢ ᠪᠠ ᠠᠵᠢᠯ ᠮᠡᠷᠭᠡᠵᠢᠯ᠎ᠤᠨ ᠴᠢᠳᠠᠪᠤᠷᠢ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠤᠭᠴᠢᠳ᠎ᠢ ᠬᠥᠲᠥᠯᠥᠨ ᠵᠢᠯᠣᠭᠣᠳᠴᠤ ᠨᠠᠷᠢᠨ ᠬᠢᠨᠠᠮᠠᠭ᠋ᠠᠶ ᠠᠩᠬᠠᠷᠤᠯ ᠵᠶ᠋ᠠᠨ ᠲᠥᠪᠯᠡᠷᠡᠭᠦᠯᠬᠦ᠂ ᠲᠤᠰᠬᠠᠶ ᠮᠡᠷᠭᠡᠵᠢᠯ ᠵᠶ᠋ᠠᠨ ᠳᠡᠭᠡᠳᠦᠯᠡᠬᠦ᠂ ᠨᠢᠭᠲᠠ᠎ᠠᠴᠠ ᠨᠢᠭᠲᠠ ᠪᠠᠶ᠋ᠢᠬᠤ ᠪᠠ ᠲᠡᠷᠢᠭᠦᠨ᠎ᠤ᠎ᠬᠢ ᠵᠢ ᠬᠥᠭᠡᠭᠡᠴᠡᠯᠳᠦᠬᠦ ᠵᠠᠩ ᠴᠢᠨᠠᠷ᠎ᠲᠠᠢ ᠪᠣᠯᠭ᠋ᠠᠵᠤ᠂ ᠰᠤᠷᠤᠭᠴᠢ ᠨᠢᠭᠡ ᠪᠦᠷᠢ᠎ᠳᠤ ᠴᠥᠮ ᠬᠥᠮᠦᠨ᠎ᠤ ᠠᠮᠢᠳᠤᠷᠠᠯ᠎ᠤᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠲᠣᠬᠢᠶᠠᠯ ᠣᠯᠭᠣᠪᠠ᠃ ᠰᠤᠷᠤᠭᠴᠢᠳ᠎ᠤᠨ ᠬᠠᠮᠢᠶᠠᠷᠤᠯᠲᠠ ᠵᠢ ᠶᠡᠬᠡ ᠲᠠᠯ᠎ᠠ᠎ᠠᠴᠠ ᠪᠣᠳᠣᠯᠬᠢᠯᠠᠵᠤ᠂ ᠨᠠᠷᠢᠨ ᠵᠦᠢ᠍ᠯᠡᠰ᠎ᠠᠴᠠ ᠭᠠᠷᠳᠠᠵᠤ᠂ 《ᠡᠳᠦᠷ᠎ᠤᠨ ᠵᠤᠷᠰᠢᠯ》᠎ᠢ ᠴᠢᠩᠭ᠋ᠠᠳᠬᠠᠵᠤ᠂ 《ᠲᠠᠪᠤᠨ ᠬᠥᠮᠦᠵᠢᠯ᠎ᠢ ᠠᠳᠬᠤᠬᠤ》 ᠵᠢ ᠪᠠᠷᠢᠮᠲᠠᠯᠠᠵᠤ᠂ ᠡᠳᠦᠷ ᠳᠤᠳᠤᠮ᠎ᠤᠨ ᠬᠠᠮᠢᠶᠠᠷᠤᠯᠲᠠ᠂ ᠰᠤᠷᠤᠯᠴᠠᠬᠤ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠎ᠠ ᠠᠳᠬᠤᠵᠤ᠂ ᠰᠤᠷᠤᠭᠴᠢ ᠵᠢᠨ ᠨᠡᠶ᠋ᠢᠭᠡᠮᠯᠢᠭ᠎ᠤᠨ ᠠᠵᠢᠯᠯᠠᠭ᠎ᠠ ᠪᠣᠯᠤᠨ ᠰᠣᠶᠣᠯ ᠤᠷᠠᠯᠢᠭ᠎ᠤᠨ ᠨᠠᠶ᠋ᠢᠷ᠂ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠤᠷᠤᠯᠳᠤᠭ᠋ᠠᠨ᠎ᠢ ᠴᠢᠬᠤᠯᠠᠴᠢᠯᠠᠵᠤ᠂ 《ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ》 ᠨᠡᠷᠡᠳᠦ ᠲᠡᠮᠳᠡᠭᠲᠦ ᠵᠢ ᠡᠭᠦᠳᠪᠡ᠃





      ᠣᠶ᠋ᠢᠷ᠎ᠠ ᠵᠢᠨ ᠵᠢᠯ᠎ᠳᠤ᠂ ᠰᠤᠷᠭ᠋ᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠡᠷᠳᠡᠮ ᠰᠢᠨᠵᠢᠯᠡᠭᠡᠨ᠎ᠤ ᠰᠡᠳᠦᠪ᠎ᠢ 47 ᠵᠦᠢ᠍ᠯ᠎ᠢ ᠳᠠᠭ᠋ᠠᠭ᠋ᠠᠨ ᠠᠪᠴᠤ᠂ ᠬᠥᠯᠥᠨ ᠪᠣᠶ᠋ᠢᠷ ᠬᠣᠲᠠ ᠵᠢᠨ ᠣᠷᠣᠨ ᠨᠤᠲᠤᠭ᠎ᠤᠨ ᠪᠠᠷᠢᠮᠵᠢᠶ᠎ᠠ 60 ᠵᠦᠢ᠍ᠯ᠎ᠢ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠵᠤ᠂ 57 ᠵᠢᠭ᠋ᠠᠬᠤ ᠮᠠᠲ᠋ᠧᠷᠢᠶᠠᠯ᠎ᠢ ᠡᠷᠭᠢᠯᠡᠨ ᠨᠠᠶ᠋ᠢᠷᠠᠭᠤᠯᠪᠠ᠃ ᠱᠸᠨ ᠺᠤᠸᠠᠨ ᠠᠮᠢᠳᠤ ᠪᠣᠳᠠᠰ᠎ᠤᠨ ᠮᠡᠷᠭᠡᠵᠢᠯ᠎ᠤᠨ ᠰᠤᠳᠤᠯᠭ᠋ᠠᠨ᠎ᠤ ᠭᠠᠵᠠᠷ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠭᠤᠷᠪᠠᠳᠤᠭ᠋ᠠᠷ ᠪᠦᠯᠦᠭ᠎ᠤᠨ 《ᠤᠯᠤᠰ᠎ᠤᠨ ᠲᠡᠰ᠎ᠤᠨ ᠤᠳᠤᠨ ᠡᠭᠦᠳᠦᠯᠲᠡ ᠵᠢᠨ ᠰᠠᠭᠤᠷᠢᠨ》᠎ᠳᠤ ᠪᠦᠷᠢᠳᠬᠡᠭᠦᠯᠬᠦ᠎ᠪᠠᠷ ᠲᠠᠮᠵᠢᠨ᠂ ᠰᠤᠳᠤᠯᠤᠭᠴᠢ ᠴᠧᠨ ᠱᠸᠨ ᠺᠤᠸᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠮᠠᠭᠲᠠᠭ᠋ᠠᠯ ᠰᠠᠶ᠋ᠢᠰᠢᠶᠠᠯ᠎ᠢ ᠣᠯᠵᠤ᠂ ᠪᠦᠬᠦ ᠤᠯᠤᠰ᠎ᠲᠤ ᠡᠨᠡ ᠬᠦ᠌ ᠢᠷᠠᠭᠤ ᠠᠯᠳᠠᠷ᠎ᠢ ᠬᠦᠷᠳᠡᠭᠰᠡᠨ 92 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠨᠢᠭᠡ ᠪᠤᠯᠵᠤ᠂ ᠲᠡᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠶᠠᠳᠠᠭᠤ ᠵᠢ ᠲᠡᠳᠬᠦᠭᠰᠡᠨ ᠦᠢ᠍ᠯᠡ ᠶᠠᠪᠤᠳᠠᠯ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠡᠮᠬᠢᠳᠬᠡᠨ ᠨᠠᠶ᠋ᠢᠷᠠᠭᠤᠯᠤᠭᠰᠠᠨ 《ᠥᠭᠦᠯᠡᠯ ᠵᠶ᠋ᠠᠨ ᠡᠬᠡ ᠭᠠᠵᠠᠷ ᠳᠡᠭᠡᠷ᠎ᠡ ᠪᠢᠴᠢᠵᠦ ᠰᠢᠨᠵᠢᠯᠡᠬᠦ ᠤᠬᠠᠭ᠋ᠠᠨ ᠲ᠋ᠧᠭᠨᠢᠭ ᠮᠡᠷᠭᠡᠵᠢᠯ ᠵᠶ᠋ᠠᠷ ᠶᠠᠳᠠᠭᠤ ᠵᠢ ᠲᠡᠳᠬᠦᠭᠰᠡᠨ 100 ᠨᠡᠶ᠋ᠢᠲᠡᠯᠢᠭ ᠦᠢ᠍ᠯᠡ ᠠᠵᠢᠯᠯᠠᠭ᠎ᠠ᠎ᠳᠤ ᠣᠷᠣᠪᠠ》᠃



      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠡᠭᠦᠷᠭᠡ ᠴᠢᠳᠠᠮᠵᠢ᠎ᠪᠠᠨ ᠭᠦᠢ᠍ᠴᠡᠳ ᠪᠠᠳᠠᠷᠠᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠪᠣᠯᠪᠠᠰᠤᠷᠠᠭᠤᠯᠤᠯ᠎ᠤᠨ ᠡᠭᠦᠷᠭᠡ ᠵᠢ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ᠂ ᠲᠠᠪᠤᠨ ᠵᠢᠯ᠎ᠤᠨ ᠲᠤᠷᠰᠢ 23000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢ 5330 ᠬᠥᠮᠦᠨ ᠤᠳᠠᠭ᠎ᠠ ᠪᠡᠶᠡᠯᠡᠭᠦᠯᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭ᠋ᠠᠭᠤᠯᠢ ᠪᠠ ᠴᠢ ᠯᠦ᠍ ᠡᠮ ᠦᠢ᠍ᠯᠡᠳᠬᠦ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠣᠯᠠᠨ ᠬᠣᠰᠢᠭᠤ ᠰᠢᠶᠠᠨ ᠬᠣᠲᠠ᠎ᠲᠠᠢ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠤᠨ ᠲᠥᠰᠦᠪ᠎ᠢ ᠲᠣᠭᠲᠠᠵᠤ᠂ 《ᠪᠡᠭᠡᠵᠢᠩ ᠪᠣᠯᠤᠨ ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠬᠠᠮᠵᠢᠯᠴᠠᠭ᠎ᠠ》 ᠵᠢᠨ ᠲᠥᠰᠦᠯ᠂ 《ᠰᠢᠩ ᠴᠤᠸᠠᠩ ᠲᠢᠶᠠᠨ ᠳ᠋ᠢ》᠂ ᠳ᠋ᠣᠺᠲ᠋ᠣᠷ᠎ᠤᠨ ᠠᠵᠢᠯ᠎ᠤᠨ ᠥᠷᠲᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠵᠢᠴᠢ 《ᠭᠤᠷᠪᠠᠨ ᠣᠷᠣᠨ》᠎ᠤ ᠴᠢᠳᠠᠪᠤᠷᠢᠲᠠᠨ᠎ᠤ ᠪᠣᠯᠪᠠᠰᠤᠷᠠᠭᠤᠯᠤᠯ ᠵᠡᠷᠭᠡ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ᠂ ᠪᠣᠰᠣᠭ᠎ᠠ ᠴᠣᠭᠴᠠᠲᠤ ᠨᠡᠶ᠋ᠢᠭᠡᠮ᠎ᠤᠨ   ᠦᠢ᠍ᠯᠡᠴᠢᠯᠡᠭᠡᠨ᠎ᠤ ᠲᠤᠤᠷ᠎ᠢ ᠪᠦᠷᠢᠯᠳᠦᠭᠦᠯᠪᠡ᠃
      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠬᠥᠯᠥᠨ ᠪᠤᠢ᠍ᠢ᠍ᠷ᠎ᠤᠨ ᠳᠠᠪᠠᠭ᠋ᠠᠨ᠎ᠤ ᠵᠡᠭᠦᠨᠳᠡᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠨᠢᠭᠡᠴᠢ ᠪᠣᠯᠤᠨ᠎ᠠ᠃ ᠪᠦᠯᠦᠭᠯᠡᠯ᠎ᠳᠤ 76 ᠭᠡᠰᠢᠭᠦᠨ   ᠨᠢᠭᠡᠴᠢ᠎ᠲᠠᠢ᠃ ᠰᠤᠷᠭ᠋ᠠᠭᠤᠯᠢ᠎ᠨᠢ ᠣᠯᠠᠨ ᠤᠯᠤᠰ᠎ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠵᠢ ᠴᠢᠩᠭ᠋ᠠᠳᠬᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠨᠢᠭᠡ ᠪᠦᠰᠡ ᠨᠢᠭᠡ ᠵᠠᠮ》᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ ᠮᠣᠩᠭᠣᠯ ᠤᠯᠤᠰ᠎ᠤᠨ ᠠᠵᠢᠯ ᠮᠡᠷᠭᠡᠵᠢᠯ᠎ᠤᠨ 3 ᠳᠡᠭᠡᠳᠦ ᠰᠤᠷᠭ᠋ᠠᠭᠤᠯᠢ᠂ ᠣᠷᠣᠰ᠎ᠤᠨ ᠬᠣᠯᠪᠣᠭ᠋ᠠᠨ᠎ᠤ ᠠᠵᠢᠯ ᠮᠡᠷᠭᠡᠵᠢᠯ᠎ᠤᠨ 2 ᠳᠡᠭᠡᠳᠦ ᠰᠤᠷᠭ᠋ᠠᠭᠤᠯᠢ ᠵᠢᠴᠢ ᠳᠤᠮᠳᠠᠳᠤ ᠭᠠᠳᠠᠭ᠋ᠠᠳᠤ ᠵᠢᠨ 5 ᠬᠠᠮᠲᠤᠷᠠᠨ ᠠᠵᠢᠯᠯᠠᠬᠤ ᠠᠵᠤ ᠠᠬᠤᠶ᠋ᠢᠯᠠᠯ᠎ᠯᠤᠭ᠎ᠠ ᠬᠠᠮᠲᠤᠷᠠᠨ ᠰᠤᠷᠭ᠋ᠠᠭᠤᠯᠢ ᠡᠷᠭᠢᠯᠡᠬᠦ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠴᠢᠷᠮᠠᠶ᠋ᠢᠨ ᠳᠡᠭᠡᠭᠰᠢᠯᠡᠭᠦᠯᠵᠦ᠂ ᠨᠡᠶ᠋ᠢᠭᠡᠮ᠎ᠤᠨ ᠬᠥᠭᠵᠢᠯᠲᠡ᠎ᠳᠤ ᠥᠨᠳᠥᠷ ᠬᠡᠪ ᠪᠣᠯᠪᠠᠰᠤᠷᠠᠯ᠎ᠲᠠᠢ᠂ ᠳᠡᠭᠡᠳᠦ ᠤᠷ᠎ᠠ ᠮᠡᠷᠭᠡᠵᠢᠯ᠎ᠲᠠᠢ ᠴᠢᠳᠠᠪᠤᠷᠢᠲᠠᠨ᠎ᠢ ᠬᠥᠮᠦᠵᠢᠭᠦᠯᠵᠦ   ᠥᠭᠪᠡ᠃
      ᠵᠠᠯᠠᠨ ᠠᠶ᠋ᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯᠠᠭᠤᠯᠤᠯᠲᠠ᠎ᠳᠤ ᠠᠭᠤᠰᠴᠤ᠂ ᠠᠭᠤᠯᠤᠭᠳᠠᠬᠤᠨ᠎ᠤ ᠬᠥᠭᠵᠢᠯᠲᠡ᠂ ᠤᠨᠴᠠᠯᠢᠬᠳᠤ ᠬᠥᠭᠵᠢᠯᠲᠡ᠂ ᠴᠢᠨᠠᠷᠯᠢᠭ ᠬᠥᠭᠵᠢᠯᠲᠡ ᠵᠢ ᠠᠬᠢᠭᠤᠯᠬᠤ᠎ᠪᠠᠷ ᠴᠢᠷᠮᠠᠶ᠋ᠢᠵᠤ᠂ 《ᠰᠢᠷᠭ᠋ᠠᠭᠤ ᠰᠤᠷᠤᠯᠴᠠᠬᠤ᠂ ᠰᠢᠷᠭ᠋ᠠᠭᠤ ᠰᠡᠳᠬᠢᠬᠦ᠂ ᠴᠢᠳᠠᠮᠠᠭ᠋ᠠᠶ ᠬᠢᠬᠦ᠂ ᠨᠥᠬᠥᠷᠰᠡᠭ ᠵᠶ᠋ᠠᠷ ᠠᠵᠢᠯᠯᠠᠬᠤ》 ᠰᠤᠷᠭ᠋ᠠᠭᠤᠯᠢ ᠵᠢᠨ ᠪᠣᠯᠪᠠᠰᠤᠷᠠᠯ᠎ᠢ ᠪᠠᠷᠢᠮᠲᠠᠯᠠᠵᠤ᠂ 《ᠰᠢᠯᠢᠳᠡᠭ ᠪᠥᠭᠡᠳ ᠣᠨᠴᠠᠭ᠋ᠠᠶ》 ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠰᠢᠯᠢᠳᠡᠭ᠎ᠢ ᠬᠥᠮᠦᠵᠢᠭᠦᠯᠵᠦ᠂ ᠴᠢᠳᠠᠪᠤᠷᠢ ᠣᠯᠭᠣᠨ ᠦᠷ᠎ᠡ ᠠᠰᠢᠭ᠎ᠢ ᠨᠡᠮᠡᠭᠳᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ᠎ᠢ ᠴᠢᠩᠭ᠋ᠠᠳᠬᠠᠵᠤ᠂ 《ᠣᠷᠣᠨ ᠪᠦᠰᠡ ᠵᠢᠨ   ᠴᠢᠨᠠᠷᠯᠢᠭ ᠥᠨᠳᠥᠷ ᠲᠦᠪᠰᠢᠨ ᠪᠥᠬᠥᠶ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠪᠥᠲᠥᠭᠡᠨ ᠪᠠᠶ᠋ᠢᠭᠤᠯᠬᠤ》 ᠬᠠᠷᠠᠯᠲᠠ ᠵᠢ ᠴᠢᠷᠮᠠᠶ᠋ᠢᠨ ᠪᠡᠶᠡᠯᠡᠭᠦᠯᠪᠡ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠵᠠᠯᠠᠭᠤᠰ᠎ᠤᠨ ᠠᠭᠤᠯᠵᠠᠯᠲᠠ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠠᠴᠠ 《ᠮᠢᠨᠦ ᠳᠤᠮᠳᠠᠳᠤ ᠵᠢᠨ ᠰᠡᠳᠬᠢᠯ》 ᠭᠡᠬᠦ ᠳᠠᠭᠤᠤ ᠬᠠᠩᠭᠢᠨᠠᠨᠠᠮ
ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠡᠨᠡ 3 ᠵᠢᠯ᠎ᠳᠤ ᠶᠠᠮᠠᠷ ᠶᠠᠮᠠᠷ ᠬᠤᠪᠢᠷᠠᠯᠲᠠ ᠭᠠᠷᠭ᠋ᠠᠭᠰᠠᠨ ᠪᠤᠢ?
 
             蒙ICP备05000248号