ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ
— 《ᠮᠢᠨᠤ ᠳᠤᠮᠳᠠᠳᠤ ᠵᠢᠨ ᠰᠡᠳᠬᠢᠯ》
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠨᠢ 1958 ᠣᠨ᠎ᠳᠤ ᠪᠠᠢ᠌ᠭᠤᠯᠤᠭᠳᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠭᠣᠣᠯᠳᠠᠯᠭ᠋ᠠᠲᠠᠢ ᠪᠦᠳᠦᠭᠡᠨ ᠪᠠᠢ᠌ᠭᠤᠯᠤᠭᠰᠠᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠬᠠᠮᠲᠤᠷᠠᠨ ᠪᠠᠢ᠌ᠭᠤᠯᠤᠭᠰᠠᠨ ᠳᠡᠭᠡᠳᠦ ᠰᠤᠷᠭ᠋ᠠᠭᠤᠯᠢ᠂ ᠤᠯᠤᠰ᠎ᠤᠨ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠦᠪᠯᠡᠭᠡ》 ᠵᠢᠨ ᠪᠠᠷᠠᠭᠤᠨ ᠣᠷᠣᠨ᠎ᠤ ᠳᠡᠭᠡᠳᠦ ᠰᠤᠷᠭ᠋ᠠᠭᠤᠯᠢ ᠵᠢᠨ ᠰᠠᠭᠤᠷᠢ ᠴᠢᠳᠠᠪᠤᠷᠢ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠳᠡᠮᠵᠢᠬᠦ ᠳᠡᠭᠡᠳᠦ ᠰᠤᠷᠭ᠋ᠠᠭᠤᠯᠢ ᠪᠣᠯᠤᠨ᠎ᠠ᠃ ᠣᠯᠠᠨ ᠵᠢᠯ᠎ᠤᠨ ᠲᠤᠷᠰᠢ᠂ ᠰᠤᠷᠭ᠋ᠠᠭᠤᠯᠢ᠎ᠨᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠭᠢᠯᠡᠬᠦ ᠴᠢᠭᠯᠡᠯ᠎ᠢ ᠢᠮᠠᠭᠲᠠ ᠪᠠᠷᠢᠮᠲᠠᠯᠠᠨ᠂ ᠥᠪᠥᠷ ᠮᠣᠩᠭᠣᠯ᠎ᠳᠤ ᠰᠠᠭᠤᠷᠢᠯᠠᠵᠤ᠂ ᠪᠥᠬᠥ ᠤᠯᠤᠰ᠎ᠲᠤ ᠬᠠᠨᠳᠤᠭᠤᠯᠤᠨ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠵᠦ᠂ ᠢᠯᠡ ᠲᠣᠳᠣ ᠣᠷᠣᠨ ᠨᠤᠲᠤᠭ᠎ᠤᠨ ᠣᠨᠴᠠᠯᠢᠭᠲᠤ᠂ ᠦᠨᠳᠦᠰᠦᠲᠡᠨ᠎ᠤ ᠣᠨᠴᠠᠯᠢᠭᠲᠤ ᠪᠠ ᠬᠢᠴᠢᠶᠡᠯ ᠲᠥᠷᠥᠯ᠎ᠤᠨ ᠳᠠᠪᠠᠭᠤᠯᠢᠭ᠎ᠲᠤ ᠥᠨᠳᠥᠷ ᠬᠢᠷᠢ ᠲᠦᠪᠰᠢᠨ ᠪᠥᠬᠥᠶ ᠶᠡᠷᠦᠩᠬᠡᠶ᠋ᠢᠯᠡᠭᠰᠡᠨ ᠴᠢᠨᠠᠷᠲᠠᠶ ᠶᠡᠬᠡ ᠰᠤᠷᠭ᠋ᠠᠭᠤᠯᠢ ᠵᠢ ᠪᠥᠲᠥᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠡᠷᠭᠢᠯᠡᠪᠡ᠃

ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠲᠤ ᠪᠠᠶ᠋ᠢᠷᠢᠯᠠᠵᠤ᠂ ᠡᠵᠡᠯᠡᠵᠦ ᠪᠠᠢ᠌ᠭ᠎ᠠ ᠭᠠᠵᠠᠷ 1565 ᠮᠥ᠍᠂ ᠰᠤᠷᠭ᠋ᠠᠭᠤᠯᠢ ᠵᠢᠨ ᠭᠡᠷ ᠪᠠᠷᠢᠯᠭ᠎ᠠ ᠵᠢᠨ ᠲᠠᠯᠠᠪᠠᠶ᠎ᠨᠢ 41 . 14 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠨᠣᠮ᠎ᠤᠨ ᠰᠠᠩ᠎ᠳᠤ 175 . 5 ᠲᠦᠮᠡ ᠭᠠᠷᠤᠶ ᠳᠡᠪᠲᠡᠷ ᠨᠣᠮ ᠬᠠᠳᠠᠭ᠋ᠠᠯᠠᠵᠤ ᠪᠣᠢ᠃ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 23103᠂ ᠡᠭᠦᠨ᠎ᠳᠤ ᠵᠢᠩᠬᠢᠨᠢ ᠠᠩᠭᠢ ᠵᠢᠨ ᠰᠣᠷᠣᠭᠴᠢ 20785 ᠪᠣᠶ; ᠲᠤᠰᠬᠠᠶ ᠪᠠᠭᠰᠢ 1296᠂ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 780 ᠪᠣᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢ ᠬᠦᠷᠲᠡᠭᠴᠢ ᠮᠡᠷᠭᠡᠵᠢᠯᠲᠡᠨ 20᠂ ᠪᠥᠬᠥ ᠤᠯᠤᠰ᠎ᠤᠨ ᠰᠢᠯᠢᠳᠡᠭ ᠪᠠᠭᠰᠢ᠂ ᠰᠤᠷᠭ᠋ᠠᠨ ᠬᠥᠮᠦᠵᠢᠯ᠎ᠤᠨ ᠠᠵᠢᠯᠲᠠᠨ ᠵᠡᠷᠭᠡ 7᠂ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠤᠨ ᠭᠡᠰᠢᠭᠦᠨ 2 ᠪᠣᠶ᠃


ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠣᠲᠣ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 79᠂ ᠮᠠᠰᠲ᠋ᠧᠷ ᠴᠣᠯᠠᠯᠠᠬᠤ ᠡᠷᠬᠡᠲᠦ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ 17᠂ ᠮᠠᠰᠲ᠋ᠧᠷ ᠴᠣᠯᠠᠯᠠᠬᠤ ᠡᠷᠬᠡᠲᠦ ᠴᠡᠭ 7 ᠪᠣᠶ; ᠤᠯᠤᠰ᠎ᠤᠨ ᠣᠨᠴᠠᠭ᠋ᠠᠶ ᠬᠡᠷᠡᠭᠴᠡᠭᠡ᠎ᠳᠤ ᠦᠢ᠍ᠯᠡᠴᠢᠯᠡᠬᠦ ᠳ᠋ᠣᠺᠲ᠋ᠣᠷ ᠴᠢᠳᠠᠪᠤᠷᠢᠲᠠᠨ᠎ᠤ ᠲᠥᠰᠦᠯ 1 ᠪᠣᠢ; ᠣᠲᠣ ᠤᠯᠤᠰ᠎ᠤᠨ ᠲᠠᠰ᠎ᠤᠨ ᠵᠢᠭ᠋ᠠᠨ ᠰᠤᠷᠭ᠋ᠠᠯᠲᠠ ᠵᠢᠨ ᠪᠦᠯᠬᠦᠮ 1᠂ ᠤᠯᠤᠰ᠎ᠤᠨ ᠲᠠᠰ᠎ᠤᠨ ᠣᠨᠴᠠᠯᠢᠭᠲᠤ ᠲᠤᠰᠬᠠᠶ ᠮᠡᠷᠭᠡᠵᠢᠯ 3 ᠪᠣᠶ; ᠰᠢᠨ᠎ᠡ ᠲᠧᠭᠨᠢᠭ᠎ᠤᠨ ᠤᠬᠠᠭ᠋ᠠᠨ᠎ᠤ ᠰᠤᠳᠤᠯᠭ᠋ᠠᠨ ᠪᠠ ᠥᠭᠡᠷᠡᠴᠢᠯᠡᠯᠲᠡ ᠵᠢᠨ ᠦᠢ᠍ᠯᠡᠳᠦᠯᠭᠡ ᠵᠢᠨ ᠲᠥᠰᠦᠯ 3᠂ ᠰᠢᠨ᠎ᠡ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠥᠭᠡᠷᠡᠴᠢᠯᠡᠯᠲᠡ ᠵᠢᠨ ᠦᠢ᠍ᠯᠡᠳᠦᠯᠭᠡ ᠵᠢᠨ ᠲᠥᠰᠦᠯ 4᠂ ᠤᠯᠤᠰ᠎ᠤᠨ ᠲᠠᠰ᠎ᠤᠨ ᠲᠡᠷᠢᠭᠦᠨ᠎ᠤ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ 6 ᠪᠣᠶ; ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 9 ᠪᠣᠶ᠃ ᠤᠯᠤᠰ᠎ᠤᠨ ᠳᠡᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠬᠣᠶᠠᠳᠤᠭ᠋ᠠᠷ ᠳᠡᠰ᠎ᠤᠨ ᠱᠠᠩᠨᠠᠯ 2᠂ ᠰᠢᠯᠢᠳᠡᠭ ᠰᠣᠳᠣᠨ ᠬᠢᠴᠢᠶᠡᠯ 3᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ 39 ᠬᠦᠷᠳᠡᠵᠡᠢ᠃ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ 12 ᠭᠦᠷᠲᠡᠪᠡ᠃

ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠮᠤᠵᠢ ᠪᠠ ᠶᠠᠮᠤᠨ᠎ᠤ ᠲᠠᠰ᠎ᠤᠨ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ (ᠭᠣᠣᠯᠳᠠᠯᠭ᠋ᠠᠲᠠᠢ ᠬᠥᠮᠦᠵᠢᠭᠦᠯᠬᠦ ᠰᠢᠨᠵᠢᠯᠡᠭᠡᠨ᠎ᠤ ᠰᠠᠯᠠᠭ᠎ᠠ ᠵᠢ ᠪᠠᠭᠲᠠᠭ᠋ᠠᠨ᠎ᠠ) 16 ᠪᠣᠶ; ᠤᠯᠤᠰ ᠪᠠ ᠣᠷᠣᠨ ᠨᠤᠲᠤᠭ ᠬᠠᠮᠲᠤᠷᠠᠭᠰᠠᠨ ᠢᠨᠵᠧᠨᠧᠷᠢᠩ᠎ᠤᠨ ᠰᠤᠳᠤᠯᠭ᠋ᠠᠨ᠎ᠤ ᠲᠥᠪ 1 ᠪᠣᠶ; ᠮᠤᠵᠢ ᠪᠠ ᠶᠠᠮᠤᠨ᠎ᠤ ᠲᠠᠰ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ 22 ᠪᠣᠶ᠂ ᠡᠭᠦᠨ᠎ᠳᠤ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠵᠢᠴᠢ ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶᠠᠨ᠎ᠤ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 4᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ (ᠢᠨᠵᠧᠨᠧᠷᠢᠩ᠎ᠤᠨ ᠲᠥᠪ) 18 ᠪᠣᠶ; ᠮᠤᠵᠢ ᠪᠠ ᠶᠠᠮᠤᠨ᠎ᠤ ᠲᠠᠰ᠎ᠤᠨ ᠬᠥᠮᠦᠨ ᠰᠣᠶᠤᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ 13 ᠪᠣᠶ᠂ ᠡᠭᠦᠨ᠎ᠳᠤ ᠪᠥᠬᠥ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ 1᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠤᠳᠤᠯᠭ᠋ᠠᠨ᠎ᠤ ᠰᠠᠭᠤᠷᠢᠨ 3᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠳᠣᠪᠴᠢᠶᠠᠨ᠎ᠤ ᠰᠤᠳᠤᠯᠭ᠋ᠠᠨ᠎ᠤ ᠰᠠᠭᠤᠷᠢᠨ 1᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ 8 ᠪᠣᠶ᠃ ᠮᠤᠵᠢ ᠪᠠ ᠶᠠᠮᠤᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠦᠯᠬᠦᠮ 14 ᠪᠣᠶ᠃ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢ ᠲᠥᠯᠥᠪᠯᠡᠭᠡ᠂ ᠤᠯᠤᠰ᠎ᠤᠨ ᠭᠣᠣᠯᠳᠠᠯᠭ᠋ᠠᠲᠠᠢ ᠰᠠᠭᠤᠷᠢ ᠰᠣᠳᠤᠯᠭ᠋ᠠᠨ᠎ᠤ ᠬᠥᠭᠵᠢᠭᠦᠯᠦᠯᠲᠡ ᠵᠢᠨ ᠲᠥᠯᠥᠪᠯᠡᠭᠡ ᠵᠢᠴᠢ ᠤᠯᠤᠰ᠎ᠤᠨ ᠭᠣᠣᠯᠳᠠᠯᠭ᠋ᠠᠲᠠᠢ ᠰᠤᠳᠤᠯᠤᠨ ᠨᠡᠭᠡᠭᠡᠬᠦ ᠲᠥᠯᠦᠪᠯᠡᠭᠡᠨ᠎ᠤ ᠲᠥᠰᠦᠯ ᠵᠢᠴᠢ ᠰᠡᠳᠦᠪ 6᠂ ᠤᠯᠤᠰ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠲᠥᠰᠦᠯ 184 ᠭᠥᠷᠳᠡᠪᠡ; ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠴᠢᠬᠤᠯᠠ ᠶᠡᠬᠡ ᠲᠥᠰᠦᠯ 4᠂ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠲᠥᠰᠦᠯ 117 ᠪᠣᠢ᠃ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠣᠶᠠᠳᠤᠭ᠋ᠠᠷ ᠳᠡᠰ᠎ᠤᠨ ᠱᠠᠩᠨᠠᠯ 1᠂ ᠮᠤᠵᠢ ᠪᠠ ᠶᠠᠮᠤᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ 31 ᠪᠠᠢ᠌ᠵᠤ᠂ ᠡᠭᠦᠨ᠎ᠳᠤ ᠨᠢᠭᠡᠳᠦᠭᠡᠷ ᠳᠡᠰ᠎ᠤᠨ ᠱᠠᠩᠨᠠᠯ 3 ᠪᠣᠶ; ᠮᠤᠵᠢ ᠪᠠ ᠶᠠᠮᠤᠨ᠎ᠤ ᠲᠠᠰ᠎ᠤᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ 99 ᠪᠠᠶ᠋ᠢᠵᠤ᠂ ᠡᠭᠦᠨ᠎ᠳᠤ ᠨᠢᠭᠡᠳᠦᠭᠡᠷ ᠳᠡᠰ᠎ᠤᠨ ᠱᠠᠩᠨᠠᠯ 2 ᠪᠣᠶ᠃ ᠡᠷᠳᠡᠮ ᠰᠢᠨᠵᠢᠯᠡᠭᠡᠨ᠎ᠤ ᠰᠡᠳᠬᠦᠯ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠢᠯᠡ᠎ᠪᠠᠷ 6 ᠬᠡᠪᠯᠡᠯ ᠲᠠᠷᠬᠠᠭ᠋ᠠᠵᠤ᠂ ᠡᠭᠦᠨ᠎ᠳᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠡᠪᠯᠡᠯ (ᠬᠢᠲᠠᠳ ᠬᠡᠯᠡ)᠎ᠨᠢ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠣᠣᠯᠯᠠᠬᠤ ᠰᠡᠳᠬᠦᠯ (ᠥᠷᠭᠡᠳᠬᠡᠭᠰᠡᠨ ᠬᠡᠪᠯᠡᠯ) ᠪᠣᠯᠵᠤ᠂ 《ᠦᠨᠳᠦᠰᠦᠲᠡᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠳᠤᠯᠤᠯ》᠎ᠨᠢ ᠪᠦᠬᠦ ᠤᠯᠤᠰ᠎ᠤᠨ ᠠᠩᠬᠠᠳᠠᠭᠴᠢ ᠦᠨᠳᠦᠰᠦᠲᠡᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠰᠤᠳᠤᠯᠬᠤ ᠲᠤᠰᠬᠠᠢ ᠮᠡᠷᠭᠡᠵᠢᠯ᠎ᠤᠨ ᠰᠡᠳᠬᠦᠯ ᠪᠣᠯᠵᠠᠢ᠃

ᠮᠣᠩᠭᠣᠯ ᠡᠮ ᠡᠮᠨᠡᠯᠭᠡ ᠪᠣᠯ ᠰᠤᠷᠭ᠋ᠠᠭᠤᠯᠢ ᠵᠢᠨ ᠣᠨᠴᠠᠯᠢᠭᠲᠤ ᠰᠢᠨᠵᠢᠯᠡᠭᠡᠨ᠎ᠤ ᠰᠠᠯᠠᠭ᠎ᠠ ᠪᠠ ᠳᠠᠪᠠᠭᠤᠯᠢᠭ ᠰᠢᠨᠵᠢᠯᠡᠭᠡᠨ᠎ᠤ ᠰᠠᠯᠠᠭ᠎ᠠ ᠪᠣᠯᠬᠤ ᠪᠥᠭᠡᠳ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ ᠪᠠ ᠦᠢ᠍ᠯᠡᠳᠪᠦᠷᠢᠯᠡᠬᠦ ᠪᠣᠯᠤᠨ ᠵᠢᠭ᠋ᠠᠬᠤ ᠰᠤᠳᠤᠯᠬᠤ ᠵᠢ ᠤᠶᠠᠯᠳᠤᠭᠤᠯᠬᠤ ᠵᠡᠷᠭᠡ ᠲᠠᠯ᠎ᠠ᠎ᠪᠠᠷ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠲᠡᠷᠢᠭᠦᠨ ᠪᠠᠶ᠋ᠢᠷᠢᠨ᠎ᠳᠤ ᠣᠷᠣᠵᠤ᠂ ᠮᠠᠨ᠎ᠤ ᠤᠯᠤᠰ᠎ᠤᠨ ᠮᠣᠩᠭᠣᠯ ᠠᠨᠠᠭ᠋ᠠᠬᠤ ᠤᠬᠠᠭ᠋ᠠᠨ᠎ᠤ ᠬᠦᠷᠢᠶᠡᠨ᠎ᠤ ᠵᠢᠭ᠋ᠠᠨ ᠰᠤᠷᠭ᠋ᠠᠯᠲᠠ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠂ ᠡᠮᠴᠢᠯᠡᠭᠡᠨ᠎ᠤ ᠠᠵᠢᠯᠲᠠᠨ ᠨᠡᠯᠢᠶᠡᠳ ᠲᠥᠪᠯᠡᠷᠡᠭᠰᠡᠨ᠂ ᠲᠤᠷᠰᠢᠯᠲᠠ ᠵᠢᠨ ᠲᠠᠰᠤᠭ᠎ᠤᠨ ᠬᠡᠮᠵᠢᠭᠦᠷᠯᠢᠭ ᠲᠥᠬᠥᠭᠡᠷᠦᠮᠵᠢ ᠪᠠ ᠡᠮᠴᠢᠯᠡᠭᠡᠨ᠎ᠤ ᠵᠢᠭ᠋ᠠᠬᠤ ᠨᠥᠬᠥᠴᠡᠯ ᠵᠶ᠋ᠠᠷ ᠳᠠᠪᠠᠭᠤᠯᠢᠭ᠂ ᠰᠤᠳᠤᠯᠬᠤ ᠴᠢᠭᠯᠡᠯ᠎ᠨᠢ ᠲᠣᠳᠣᠷᠬᠠᠶ᠂ ᠦᠨᠳᠦᠰᠦᠲᠡᠨ᠎ᠤ ᠣᠨᠴᠠᠯᠢᠭ ᠵᠶ᠋ᠠᠷ ᠢᠯᠡ ᠲᠣᠳᠣ ᠴᠢᠳᠠᠪᠤᠷᠢᠲᠠᠨ᠎ᠢ ᠬᠥᠮᠦᠵᠢᠭᠦᠯᠬᠦ ᠴᠢᠬᠤᠯᠠ ᠰᠠᠭᠤᠷᠢᠨ ᠪᠠ ᠡᠷᠳᠡᠮ ᠰᠢᠨᠵᠢᠯᠡᠭᠡᠨ᠎ᠤ ᠰᠣᠳᠤᠯᠭ᠋ᠠᠨ᠎ᠤ ᠰᠠᠭᠤᠷᠢᠨ ᠪᠣᠯᠤᠭᠰᠠᠨ ᠪᠠᠶ᠋ᠢᠨ᠎ᠠ᠃

63 ᠵᠢᠯ᠎ᠤᠨ ᠲᠤᠷᠰᠢ᠂ ᠰᠤᠷᠭ᠋ᠠᠭᠤᠯᠢ᠎ᠨᠢ ᠡᠯ᠎ᠡ ᠲᠥᠷᠥᠯ᠎ᠤᠨ ᠴᠢᠳᠠᠪᠤᠷᠢᠲᠠᠨ᠎ᠢ 19 ᠲᠦᠮᠡ ᠭᠠᠷᠤᠶ ᠬᠥᠮᠦᠵᠢᠭᠦᠯᠪᠡ᠂ ᠡᠭᠦᠨ᠎ᠳᠤ 70 % ᠣᠷᠴᠢᠮ᠎ᠤᠨ ᠲᠡᠭᠦᠰᠦᠭᠰᠡᠳ ᠥᠪᠥᠷ ᠮᠣᠩᠭᠣᠯ᠎ᠳᠤ ᠨᠤᠲᠤᠭᠰᠢᠨ᠂ ᠥᠪᠡᠷᠲᠡᠭᠡᠨ ᠵᠠᠰᠠᠬᠤ ᠣᠷᠣᠨ ᠢᠯᠠᠩᠭᠤᠶ᠎ᠠ ᠵᠡᠭᠦᠨ ᠬᠡᠰᠡᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠤᠯᠯᠠᠭᠴᠢ ᠬᠦᠴᠦᠨ ᠪᠣᠯᠵᠣ᠂ ᠡᠬᠡ ᠤᠯᠤᠰ᠎ᠤᠨ ᠤᠮᠠᠷᠠᠲᠤ ᠬᠢᠯᠢ ᠵᠢᠨ ᠴᠡᠴᠡᠭᠯᠡᠯ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠢ᠌ᠨ᠎ᠠ᠃
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠨᠢ ᠢᠷᠡᠭᠡᠳᠦᠶ᠎ᠳᠤ ᠬᠠᠨᠳᠤᠨ 《ᠡᠷᠳᠡᠮ ᠮᠡᠳᠡᠯᠭᠡ᠎ᠲᠠᠢ ᠶᠣᠰᠣ ᠮᠤᠷᠠᠯ᠎ᠲᠠᠢ᠂ ᠶᠣᠰᠣ ᠰᠤᠷᠲᠠᠬᠤᠨ᠎ᠢ ᠳᠡᠭᠡᠳᠦᠯᠡᠵᠦ ᠡᠶ᠎ᠡ ᠨᠠᠢ᠌ᠷ᠎ᠢ ᠡᠷᠬᠢᠮᠯᠡᠬᠦ》 ᠰᠤᠷᠭ᠋ᠠᠭᠤᠯᠢ ᠵᠢᠨ ᠰᠤᠷᠭ᠋ᠠᠯ ᠵᠶ᠋ᠠᠷ 《ᠪᠣᠳᠠᠲᠠᠶ ᠵᠢ ᠡᠷᠬᠢᠮᠯᠡᠨ ᠰᠤᠷᠭ᠋ᠠᠭᠤᠯᠢ ᠡᠷᠭᠢᠯᠡᠬᠦ᠂ ᠰᠢᠨ᠎ᠡ ᠵᠢ ᠡᠭᠦᠳᠦᠨ ᠰᠤᠷᠭ᠋ᠠᠭᠤᠯᠢ ᠡᠷᠭᠢᠯᠡᠬᠦ᠂ ᠨᠡᠭᠡᠭᠡᠯᠲᠡᠲᠦ ᠰᠤᠷᠭ᠋ᠠᠭᠤᠯᠢ ᠡᠷᠭᠢᠯᠡᠬᠦ᠂ ᠣᠨᠴᠠᠯᠢᠭᠲᠤ ᠰᠤᠷᠭ᠋ᠠᠭᠤᠯᠢ ᠡᠷᠭᠢᠯᠡᠬᠦ》 ᠣᠨᠣᠯᠵᠢᠬᠤᠨ᠎ᠢ ᠪᠠᠷᠢᠮᠲᠠᠯᠠᠵᠤ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ᠂ ᠰᠢᠨᠵᠢᠯᠡᠬᠦ ᠤᠬᠠᠭ᠋ᠠᠨᠴᠢ ᠬᠥᠭᠵᠢᠯᠲᠡ᠂ ᠠᠭᠤᠯᠤᠭᠳᠠᠬᠤᠨ᠎ᠤ ᠬᠥᠭᠵᠢᠯᠲᠡ ᠪᠠ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠢ ᠠᠬᠢᠭᠤᠯᠵᠤ᠂ ᠰᠤᠷᠭ᠋ᠠᠭᠤᠯᠢ ᠵᠢ ᠢᠯᠡ ᠲᠣᠳᠣ ᠣᠷᠣᠨ ᠨᠤᠲᠤᠭ᠎ᠤᠨ ᠣᠨᠴᠠᠯᠢᠭᠲᠤ᠂ ᠦᠨᠳᠦᠰᠦᠲᠡᠨ᠎ᠤ ᠣᠨᠴᠠᠯᠢᠭᠲᠤ ᠪᠠ ᠬᠢᠴᠢᠶᠡᠯ ᠲᠥᠷᠥᠯ᠎ᠤᠨ ᠳᠠᠪᠠᠭᠤᠯᠢᠭ᠎ᠲᠤ ᠥᠨᠳᠥᠷ ᠬᠢᠷᠢ ᠲᠦᠪᠰᠢᠨ ᠪᠥᠬᠥᠶ ᠶᠡᠷᠦᠩᠬᠡᠶ᠋ᠢᠯᠡᠭᠰᠡᠨ ᠴᠢᠨᠠᠷᠲᠠᠶ ᠶᠡᠬᠡ ᠰᠤᠷᠭ᠋ᠠᠭᠤᠯᠢ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠴᠢᠷᠮᠠᠢ᠌ᠵᠤ ᠪᠠᠢ᠌ᠨ᠎ᠠ᠃