ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ
— 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠲᠤᠰᠠᠭ᠋ᠠᠷ ᠪᠠᠶ᠋ᠢᠭᠤᠯᠤᠭᠰᠠᠨ ᠵᠢᠩᠬᠢᠨᠢ ᠠᠩᠭᠢ ᠵᠢᠨ ᠳᠡᠭᠡᠳᠦ ᠵᠡᠷᠭᠡ ᠵᠢᠨ ᠤᠷᠠᠯᠢᠭ᠎ᠤᠨ ᠰᠤᠷᠭ᠋ᠠᠭᠤᠯᠢ᠂ 1957 ᠣᠨ᠎ᠳᠤ ᠪᠠᠶ᠋ᠢᠭᠤᠯᠤᠭᠳᠠᠭᠰᠠᠨ ᠤᠤᠯ᠎ᠤᠨ ᠥᠪᠥᠷ ᠮᠣᠩᠭᠣᠯ᠎ᠤᠨ ᠤᠷᠠᠯᠢᠭ᠎ᠤᠨ ᠰᠤᠷᠭ᠋ᠠᠭᠤᠯᠢ ᠵᠢᠨ ᠰᠠᠭᠤᠷᠢᠨ᠎ᠳᠤ ᠬᠥᠭᠵᠢᠵᠦ ᠢᠷᠡᠪᠡ᠃ 1987 ᠣᠨ᠎ᠳᠤ᠂ ᠥᠪᠥᠷ ᠮᠣᠩᠭᠣᠯ᠎ᠤᠨ ᠤᠷᠠᠯᠢᠭ᠎ᠤᠨ ᠰᠤᠷᠭ᠋ᠠᠭᠤᠯᠢ ᠵᠢᠨ ᠰᠠᠭᠤᠷᠢᠨ ᠳᠡᠭᠡᠷ᠎ᠡ᠂ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ᠎ᠠᠴᠠ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠵᠢ ᠵᠥᠪᠰᠢᠶᠡᠷᠡᠪᠡ᠃ 2015 ᠣᠨ᠎ᠳᠤ᠂ ᠰᠤᠷᠭ᠋ᠠᠨ ᠬᠥᠮᠦᠵᠢᠯ᠎ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠨᠢ ᠪᠡᠶ᠎ᠡ᠎ᠪᠠᠨ ᠳᠠᠭ᠋ᠠᠭ᠋ᠠᠭᠰᠠᠨ ᠰᠤᠷᠭ᠋ᠠᠭᠤᠯᠢ ᠪᠣᠯᠪᠠ᠃ ᠰᠤᠷᠭ᠋ᠠᠭᠤᠯᠢ᠎ᠨᠢ 60 ᠭᠠᠷᠤᠢ ᠵᠢᠯ᠎ᠤᠨ ᠬᠥᠭᠵᠢᠯᠲᠡ ᠵᠢᠨ ᠶᠠᠪᠤᠴᠠ᠎ᠳᠤ ᠢᠯᠡ ᠲᠣᠳᠣ ᠰᠤᠷᠭ᠋ᠠᠭᠤᠯᠢ ᠡᠷᠬᠢᠯᠡᠬᠦ ᠣᠨᠴᠠᠯᠢᠭ᠎ᠢ ᠪᠦᠷᠢᠯᠳᠦᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠥᠨᠳᠥᠷ ᠲᠦᠪᠰᠢᠨ ᠪᠦᠬᠦᠢ ᠤᠷᠠᠯᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠠᠯ᠎ᠠ᠎ᠪᠠᠷ ᠴᠢᠬᠤᠯᠠ ᠬᠤᠪᠢ ᠨᠡᠮᠡᠷᠢ ᠦᠵᠡᠭᠦᠯᠵᠦ᠂ 《ᠥᠪᠥᠷ ᠮᠣᠩᠭᠣᠯ᠎ᠤᠨ ᠤᠷᠠᠯᠢᠭ᠎ᠤᠨ ᠴᠢᠳᠠᠪᠤᠷᠢᠲᠠᠨ᠎ᠤ ᠥᠯᠥᠭᠡᠢ》 ᠬᠡᠮᠡᠭᠳᠡᠪᠡ᠃

ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠳᠤ ᠣᠳᠣ ᠳᠡᠭᠡᠳᠦ ᠰᠤᠷᠭ᠋ᠠᠭᠤᠯᠢ 9 ᠪᠠ ᠬᠠᠷᠢᠶᠠᠲᠤ ᠳᠤᠮᠲᠠ ᠵᠡᠷᠭᠡ ᠵᠢᠨ ᠤᠷᠠᠯᠢᠭ᠎ᠤᠨ ᠰᠤᠷᠭ᠋ᠠᠭᠤᠯᠢ 1 ᠪᠣᠢ᠃ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ᠎ᠨᠢ ᠤᠷᠠᠯᠢᠭ᠎ᠤᠨ ᠤᠬᠠᠭ᠋ᠠᠨ᠎ᠤ ᠲᠥᠷᠥᠯ ᠵᠶ᠋ᠠᠷ ᠭᠣᠣᠯᠯᠠᠵᠤ᠂ ᠤᠷᠠᠯᠢᠭ᠎ᠤᠨ ᠤᠬᠠᠭ᠋ᠠᠨ᠎ᠤ ᠣᠨᠣᠯ᠂ ᠳᠠᠭᠤᠤ ᠬᠥᠭᠵᠢᠮ ᠪᠠ ᠪᠥᠵᠢᠭ᠎ᠤᠨ ᠤᠬᠠᠭ᠋ᠠᠨ᠂ ᠰᠢ ᠵᠦᠴᠦᠭᠡ ᠪᠠ ᠺᠢᠨᠣ᠋ ᠲᠧᠯᠸᠢᠰ᠎ᠤᠨ ᠤᠬᠠᠭ᠋ᠠᠨ᠂ ᠤᠷᠠᠨ ᠵᠢᠷᠤᠭ᠎ᠤᠨ ᠤᠬᠠᠭ᠋ᠠᠨ᠂ ᠵᠢᠷᠤᠭ ᠲᠥᠯᠦᠪᠯᠡᠭᠡᠨ᠎ᠤ ᠤᠬᠠᠭ᠋ᠠᠨ ᠵᠡᠷᠭᠡ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ 5᠂ ᠰᠣᠶᠣᠯ᠎ᠤᠨ ᠠᠵᠤ ᠦᠢ᠍ᠯᠡᠰ᠎ᠤᠨ ᠬᠠᠮᠢᠶᠠᠷᠤᠯᠲᠠ ᠵᠡᠷᠭᠡ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ 1᠂ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 25 ᠪᠣᠢ᠃ ᠰᠤᠷᠭ᠋ᠠᠭᠤᠯᠢ᠎ᠳᠤ ᠣᠲᠣ ᠳᠠᠭᠤᠤ ᠬᠥᠭᠵᠢᠮ ᠪᠠ ᠪᠥᠵᠢᠭ᠎ᠤᠨ ᠤᠬᠠᠭ᠋ᠠᠨ᠂ ᠤᠷᠠᠨ ᠵᠢᠷᠤᠭ᠎ᠤᠨ ᠤᠬᠠᠭ᠋ᠠᠨ᠎ᠤ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠡᠷᠳᠡᠮ ᠰᠢᠨᠵᠢᠯᠡᠭᠡᠨ᠎ᠤ ᠡᠷᠳᠡᠮ᠎ᠤᠨ ᠴᠣᠯᠠ ᠵᠢᠨ ᠮᠠᠰᠲ᠋ᠧᠷ ᠴᠣᠯᠠ ᠣᠯᠭᠣᠬᠤ ᠴᠡᠭ 2᠂ ᠲᠤᠰᠬᠠᠶ ᠮᠡᠷᠭᠡᠵᠢᠯ᠎ᠤᠨ ᠬᠦᠷᠢᠶᠡᠨ᠎ᠤ ᠤᠷᠠᠯᠢᠭ᠎ᠤᠨ ᠮᠠᠰᠲ᠋ᠧᠷ (MFA)᠎ᠤᠨ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ 8 ᠪᠣᠢ᠃ ᠪᠥᠵᠢᠭ᠎ᠤᠨ ᠲᠣᠭᠯᠠᠯᠲᠠ᠂ ᠳᠠᠭᠤᠤ ᠬᠥᠭᠵᠢᠮ᠎ᠤᠨ ᠲᠣᠭᠯᠠᠯᠲᠠ᠂ ᠺᠠᠷᠲ᠋ᠣᠨ ᠵᠢᠷᠤᠭ᠂ ᠤᠷᠠᠨ ᠵᠢᠷᠤᠭ᠂ ᠬᠤᠪᠴᠠᠰᠤ ᠬᠤᠨᠠᠷ ᠪᠠ ᠬᠤᠪᠴᠠᠰᠤ ᠵᠠᠰᠠᠯ᠎ᠤᠨ ᠵᠢᠷᠤᠭ ᠲᠥᠯᠥᠪᠯᠡᠭᠡ ᠵᠡᠷᠭᠡ 5 ᠲᠤᠰᠬᠠᠶ ᠮᠡᠷᠭᠡᠵᠢᠯ᠎ᠨᠢ ᠤᠯᠤᠰ᠎ᠤᠨ ᠲᠠᠰ᠎ᠤᠨ ᠲᠡᠷᠢᠭᠦᠨ ᠲᠠᠰ᠎ᠤᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠪᠥᠲᠥᠭᠡᠨ ᠪᠠᠶ᠋ᠢᠭᠤᠯᠤᠯᠲᠠ ᠵᠢᠨ ᠴᠡᠭ᠎ᠲᠤ ᠰᠣᠩᠭᠣᠭᠳᠠᠨ ᠣᠷᠣᠵᠤ᠂ ᠳᠠᠭᠤᠤ ᠬᠥᠭᠵᠢᠮ᠎ᠤᠨ ᠤᠬᠠᠭ᠋ᠠᠨ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ ᠲᠠᠰ᠎ᠤᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠤᠨ ᠪᠥᠲᠥᠭᠡᠨ ᠪᠠᠶ᠋ᠢᠭᠤᠯᠤᠯᠲᠠ ᠵᠢᠨ ᠴᠡᠭ ᠵᠶ᠋ᠠᠷ ᠵᠥᠪᠰᠢᠶᠡᠷᠡᠭᠳᠡᠪᠡ᠃

ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ᠎ᠬᠢᠨ ᠪᠡᠭᠡᠵᠢᠩ ᠣᠷᠣᠵᠤ ᠳᠡᠯᠡᠬᠡᠶ ᠵᠢᠨ ᠭᠤᠷᠪᠠᠨ ᠶᠡᠬᠡ ᠪᠣᠳᠠᠰ᠎ᠤᠨ ᠪᠤᠰᠤ ᠰᠣᠶᠣᠯ᠎ᠤᠨ ᠥᠪ ᠮᠣᠩᠭᠣᠯ ᠦᠨᠳᠦᠰᠦᠲᠡᠨ᠎ᠤ ᠬᠦᠭᠡᠮᠡᠢ᠂ ᠮᠣᠷᠢᠨ ᠬᠤᠭᠤᠷ᠂ ᠤᠷᠲᠤ ᠵᠢᠨ ᠳᠠᠭᠤᠤ ᠵᠢ ᠲᠣᠭᠯᠠᠪᠠ
ᠣᠳᠣ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠶᠡᠷᠦᠩᠬᠡᠢ ᠲᠣᠭ᠎ᠠ 5000 ᠭᠠᠷᠤᠢ᠂ ᠪᠠᠭᠰᠢ ᠠᠵᠢᠯᠲᠠᠨ 600 ᠭᠠᠷᠤᠶ ᠪᠣᠢ᠂ ᠡᠭᠦᠨ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠤ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠤᠨ ᠭᠡᠰᠢᠭᠦᠨ 2᠂ ᠤᠯᠤᠰ᠎ᠤᠨ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠨᠠᠰᠤᠨ᠎ᠤ ᠲᠤᠰᠬᠠᠶ ᠮᠡᠷᠭᠡᠵᠢᠯᠲᠡᠨ 1᠂ ᠤᠯᠤᠰ᠎ᠤᠨ 《ᠲᠦᠮᠡᠨ ᠬᠥᠮᠦᠨ᠎ᠤ ᠲᠥᠯᠥᠪᠯᠡᠭᠡ》 ᠵᠢᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠳᠠᠭ᠋ᠠᠭᠤᠯᠤᠭᠴᠢ ᠴᠢᠳᠠᠪᠤᠷᠢᠲᠠᠨ 1᠂ ᠪᠥᠬᠥ ᠤᠯᠤᠰ᠎ᠤᠨ ᠢᠳᠡᠷ ᠵᠠᠯᠠᠭᠤ ᠨᠠᠰᠤᠨ᠎ᠤ 《ᠮᠣᠷᠠᠯ ᠤᠷᠠᠯᠢᠭ ᠬᠤᠤᠰᠯᠠᠭᠰᠠᠨ》 ᠤᠳᠬ᠎ᠠ ᠤᠷᠠᠯᠢᠭ᠎ᠤᠨ ᠠᠵᠢᠯᠲᠠᠨ 1᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠭᠦᠷᠲᠡᠵᠦ ᠪᠠᠢ᠌ᠭ᠎ᠠ ᠲᠤᠰᠬᠠᠶ ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠨᠠᠰᠤᠨ᠎ᠤ ᠲᠤᠰᠬᠠᠶ ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ᠎ᠤ 《ᠭᠠᠷᠮᠠᠭ᠋ᠠᠶ ᠴᠢᠳᠠᠪᠤᠷᠢᠲᠠᠨ》᠎ᠤ ᠱᠠᠩᠨᠠᠯ ᠭᠦᠷᠲᠡᠭᠴᠢ 1᠂ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠰᠢᠨ᠎ᠡ ᠵᠢ ᠡᠭᠦᠳᠬᠦ ᠪᠦᠯᠬᠦᠮ᠎ᠤᠨ ᠳᠠᠭ᠋ᠠᠭᠤᠯᠤᠭᠴᠢ 5᠂ ᠬᠥᠮᠦᠵᠢᠭᠦᠯᠬᠦ᠎ᠪᠠᠷ ᠰᠣᠩᠭᠤᠭᠳᠠᠭᠰᠠᠳ 10᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠲᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠴᠢ 3᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠡᠷᠢᠨ᠎ᠤ 321 ᠴᠢᠳᠠᠪᠤᠷᠢᠲᠠᠨ᠎ᠤ ᠢᠨᠵᠧᠨᠧᠷᠢᠩ》᠎ᠤᠨ ᠵᠢᠱ᠌ᠢᠭᠳᠡᠭᠴᠢ 7᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠳᠥᠷᠪᠡᠨ ᠨᠢᠭᠡ ᠪᠦᠯᠦᠭ》᠎ᠤᠨ ᠴᠢᠳᠠᠪᠤᠷᠢᠲᠠᠨ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ 5 ᠪᠣᠢ᠃

ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠣᠶᠣᠯ ᠤᠷᠠᠯᠢᠭ᠎ᠤᠨ ᠵᠠᠰᠠᠭ᠎ᠤᠨ ᠣᠷᠳᠣᠨ᠎ᠤ ᠱᠠᠩᠨᠠᠯ — 《ᠸᠧᠨ ᠬᠤᠸᠠ ᠲᠣᠮᠣ ᠱᠠᠩᠨᠠᠯ》 ᠵᠢ ᠭᠦᠷᠲᠡᠭᠰᠡᠨ ᠪᠦᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》

ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠷᠠᠨ ᠵᠢᠷᠤᠭ᠎ᠤᠨ ᠱᠠᠩᠨᠠᠯ᠎ᠤᠨ ᠠᠯᠲᠠᠨ ᠮᠧᠲᠠᠯ ᠭᠦᠷᠲᠡᠭᠰᠡᠨ ᠤᠰᠤᠨ ᠪᠤᠳᠤᠭ᠎ᠤᠨ ᠵᠢᠷᠤᠭ 《ᠠᠯᠤᠰ᠎ᠤᠨ ᠪᠠᠷ᠎ᠠ》
《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠦᠪᠯᠡᠭᠡ》 ᠵᠢᠨ ᠬᠤᠭᠤᠴᠠᠭ᠋ᠠᠨ᠎ᠳᠤ᠂ ᠰᠤᠷᠭ᠋ᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭ᠋ᠠᠷ ᠳᠡᠰ᠎ᠤᠨ ᠱᠠᠩᠨᠠᠯ 1 ᠵᠢ ᠭᠦᠷᠲᠡᠪᠡ; ᠤᠯᠤᠰ᠎ᠤᠨ ᠲᠠᠰ᠎ᠤᠨ ᠰᠤᠳᠤᠯᠭ᠋ᠠᠨ᠎ᠤ ᠰᠠᠭᠤᠷᠢᠨ 3᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠭ᠋ᠠᠨ᠎ᠤ (ᠳᠠᠭᠤᠷᠢᠶᠠᠯ ᠦᠵᠡᠭᠦᠯᠬᠦ) ᠰᠠᠭᠤᠷᠢᠨ 8 ᠪᠣᠢ᠃ ᠠᠩᠬᠠᠨ᠎ᠤ ᠪᠥᠲᠦᠭᠡᠯ ᠪᠣᠯᠬᠤ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》᠎ᠨᠢ 2016 ᠣᠨ᠎ᠠᠴᠠ — 2020 ᠣᠨ ᠪᠣᠯᠲᠠᠯᠠᠬᠢ ᠬᠤᠭᠤᠴᠠᠭ᠋ᠠᠨ᠎ᠳᠤ ᠤᠯᠠᠨ ᠵᠦᠢ᠍ᠯ᠎ᠤᠨ ᠢᠷᠠᠭᠤ ᠠᠯᠳᠠᠷ᠎ᠢ ᠬᠦᠷᠳᠡᠵᠦ᠂ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠤ ᠲᠤᠮᠤ ᠬᠡᠯᠪᠡᠷᠢᠲᠦ ᠲᠠᠶ᠋ᠢᠰᠠᠨ᠎ᠤ ᠤᠷᠠᠯᠢᠭ᠎ᠤᠨ ᠵᠣᠬᠢᠶᠠᠨ ᠪᠥᠲᠦᠭᠡᠯᠭᠡ ᠵᠢ ᠲᠤᠰᠠᠯᠠᠬᠤ ᠲᠦᠷᠦᠯ ᠵᠦᠢ᠍ᠯ ᠪᠣᠯᠤᠭᠰᠠᠨ᠎ᠤ ᠬᠤᠪᠢ᠎ᠳᠤ᠂ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》 ᠭᠡᠬᠦ ᠪᠥᠵᠢᠭᠲᠦ ᠵᠦᠴᠦᠭᠡ ᠵᠢᠨ ᠱᠠᠩᠨᠠᠯ᠂ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠣᠶᠣᠯ ᠤᠷᠠᠯᠢᠭ᠎ᠤᠨ ᠵᠠᠰᠠᠭ᠎ᠤᠨ ᠣᠷᠳᠣᠨ᠎ᠤ ᠱᠠᠩᠨᠠᠯ 《ᠸᠧᠨ ᠬᠤᠸᠠ ᠲᠤᠮᠤ ᠱᠠᠩᠨᠠᠯ》᠎ᠢ ᠬᠦᠷᠳᠡᠵᠦ᠂ 2020 ᠣᠨ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠵᠠᠭᠤᠨ ᠵᠢᠯ᠎ᠤᠨ ᠵᠠᠭᠤᠨ ᠪᠥᠲᠦᠭᠡᠯ》 ᠤᠯᠠᠮᠵᠢᠯᠠᠯᠲᠤ ᠰᠣᠳᠣᠨ ᠪᠦᠲᠦᠭᠡᠯ᠎ᠢ ᠳᠠᠪᠲᠠᠨ ᠪᠣᠯᠪᠠᠰᠤᠷᠠᠭᠤᠯᠬᠤ ᠲᠥᠯᠦᠪᠯᠡᠭᠡᠨ᠎ᠤ ᠭᠣᠣᠯᠳᠠᠯᠭ᠋ᠠᠲᠠᠢ ᠲᠡᠳᠬᠦᠨ ᠳᠡᠮᠵᠢᠬᠦ ᠪᠦᠲᠦᠭᠡᠯ ᠵᠶ᠋ᠠᠷ ᠰᠣᠩᠭᠣᠭᠳᠠᠵᠤ᠂ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠤᠷᠠᠯᠢᠭ᠎ᠤᠨ ᠬᠠᠮᠲᠤᠷᠠᠭᠰᠠᠨ ᠲᠣᠭᠯᠠᠯᠲᠠ᠎ᠳᠤ ᠰᠣᠩᠭᠣᠭᠳᠠᠪᠠ᠃ ᠪᠠᠭᠰᠢ ᠵᠢᠶᠧ ᠶᠤᠸᠠᠨ ᠹᠠᠩ᠎ᠤᠨ ᠤᠰᠤᠨ ᠪᠤᠳᠤᠭ᠎ᠤᠨ ᠵᠢᠷᠤᠭ᠎ᠤᠨ ᠪᠦᠲᠦᠭᠡᠯ 《ᠠᠯᠤᠰ᠎ᠤᠨ ᠪᠠᠷ᠎ᠠ》᠎ᠨᠢ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠷᠠᠨ ᠵᠢᠷᠤᠭ᠎ᠤᠨ ᠱᠠᠩᠨᠠᠯ᠎ᠤᠨ ᠠᠯᠲᠠᠨ ᠮᠧᠲᠠᠯ᠎ᠢ ᠭᠥᠷᠳᠡᠪᠡ᠃

ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠣᠶᠤᠲᠠᠨ᠎ᠤᠨ ᠤᠯᠠᠭ᠋ᠠᠨᠮᠥ᠋ᠴᠢᠷ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠲᠣᠬᠣᠨᠢᠭᠤᠯᠬᠤ ᠲᠣᠭᠯᠠᠯᠲᠠ ᠭᠠᠷᠭ᠋ᠠᠪᠠ
ᠣᠯᠠᠨ ᠵᠢᠯ᠎ᠤᠨ ᠲᠤᠷᠰᠢ᠂ ᠰᠤᠷᠭ᠋ᠠᠭᠤᠯᠢ᠎ᠨᠢ ᠤᠷᠢᠳ ᠬᠣᠵᠢᠳ ᠠᠮᠧᠷᠢᠺᠠ᠂ ᠳ᠋ᠠᠨᠮᠠᠢ᠌ᠺ᠂ ᠮᠣᠩᠭᠣᠯ ᠤᠯᠤᠰ᠂ᠲᠠᠢ ᠤᠯᠤᠰ᠂ ᠺᠣᠷᠢᠶᠠ ᠵᠡᠷᠭᠡ ᠣᠯᠠᠨ ᠤᠯᠤᠰ᠎ᠤᠨ ᠶᠡᠬᠡ ᠰᠤᠷᠭ᠋ᠠᠭᠤᠯᠢ ᠪᠠ ᠤᠯᠤᠰ᠎ᠤᠨ ᠳᠣᠲᠣᠭ᠋ᠠᠳᠤ ᠵᠢᠨ ᠤᠷᠠᠯᠢᠭ᠎ᠤᠨ ᠳᠡᠭᠡᠳᠦ ᠰᠤᠷᠭ᠋ᠠᠭᠤᠯᠢ᠂ ᠪᠦᠯᠬᠦᠮ᠎ᠲᠠᠢ ᠤᠷᠠᠯᠢᠭ᠎ᠤᠨ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠰᠠᠶ᠋ᠢᠨ ᠰᠠᠶ᠋ᠢᠬᠠᠨ ᠬᠠᠷᠢᠴᠠᠭ᠎ᠠ ᠵᠢ ᠪᠠᠶ᠋ᠢᠭᠤᠯᠤᠭᠰᠠᠨ ᠪᠠᠶ᠋ᠢᠨ᠎ᠠ᠃ ᠤᠷᠢᠯᠭ᠎ᠠ᠎ᠪᠠᠷ ᠠᠮᠧᠷᠢᠺᠠ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠢᠰᠫᠠᠨᠢ᠂ ᠰᠸᠧᠳᠧᠨ᠂ ᠳ᠋ᠠᠨᠮᠠᠢ᠌ᠺ᠂ ᠭ᠋ᠸᠷᠮᠠᠨ ᠵᠡᠷᠭᠡ ᠤᠯᠤᠰ ᠪᠣᠯᠤᠨ ᠰᠢᠶᠠᠩᠭ᠋ᠠᠩ ᠣᠣᠮᠧᠨ ᠲᠠᠶ᠋ᠢᠸᠠᠨ᠎ᠳᠤ ᠤᠯᠠᠨ ᠤᠳᠠᠭ᠎ᠠ ᠠᠶ᠋ᠢᠯᠴᠢᠯᠠᠨ ᠲᠣᠭᠯᠠᠯᠲᠠ ᠭᠠᠷᠭ᠋ᠠᠵᠤ᠂ ᠪᠦᠲᠦᠭᠡᠯ᠎ᠤᠨ ᠦᠵᠡᠰᠬᠦᠯᠡᠩ ᠡᠷᠬᠢᠯᠡᠨ᠂ ᠳᠡᠯᠡᠬᠡᠢ᠎ᠳᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠥᠯᠥᠭᠡᠯᠡᠬᠦ ᠬᠦᠴᠦᠨ᠎ᠢ ᠥᠷᠭᠡᠳᠬᠡᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
2020 ᠣᠨ᠎ᠳᠤ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠨᠢ ᠬᠣᠷᠢᠨᠭᠡᠷ ᠰᠢᠨ᠎ᠡ ᠰᠤᠷᠭ᠋ᠠᠭᠤᠯᠢ ᠵᠢᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠡᠬᠢᠯᠡᠭᠦᠯᠪᠡ᠃ ᠰᠢᠨ᠎ᠡ ᠰᠤᠷᠭ᠋ᠠᠭᠤᠯᠢ ᠵᠢᠨ ᠲᠣᠭᠣᠷᠢᠭ᠎ᠨᠢ ᠬᠣᠷᠢᠨᠭᠡᠷ ᠰᠢᠨ᠎ᠡ ᠲᠣᠭᠣᠷᠢᠭ᠎ᠲᠤ ᠪᠠᠶ᠋ᠢᠷᠢᠯᠠᠵᠤ᠂ ᠡᠵᠡᠯᠡᠬᠦ ᠲᠠᠯᠠᠪᠠᠶ᠎ᠨᠢ 45 ᠲᠦᠮᠡᠨ ᠲᠡᠭᠰᠢ ᠳᠥᠷᠪᠡᠯᠵᠢᠨ ᠮᠧᠲᠷ᠎ᠢ ᠳᠠᠪᠠᠵᠤ᠂ ᠪᠠᠶ᠋ᠢᠭᠤᠯᠤᠭᠳᠠᠭᠰᠠᠨ᠎ᠤ ᠳᠠᠷᠠᠭ᠎ᠠ ᠨᠢᠭᠡᠨ ᠤᠷᠠᠯᠢᠭ ᠬᠢᠭᠡᠳ ᠪᠠᠶ᠋ᠢᠭ᠋ᠠᠯᠢ᠂ ᠤᠯᠠᠮᠵᠢᠯᠠᠯ ᠬᠢᠭᠡᠳ ᠣᠲᠣ ᠦᠶ᠎ᠡ ᠵᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠵᠢᠨ ᠶᠡᠬᠡ ᠰᠤᠷᠭ᠋ᠠᠭᠤᠯᠢ ᠪᠣᠯᠤᠨ᠎ᠠ᠃ ᠣᠳᠣᠬᠠᠨ᠎ᠳᠤ᠂ ᠰᠢᠨ᠎ᠡ ᠰᠤᠷᠭ᠋ᠠᠭᠤᠯᠢ ᠵᠢᠨ ᠲᠣᠭᠣᠷᠢᠭ᠎ᠤᠨ 32000 ᠲᠡᠭᠰᠢ ᠳᠥᠷᠪᠡᠯᠵᠢᠨ ᠮᠧᠲᠷ ᠲᠠᠯᠠᠪᠠᠢ᠎ᠲᠠᠢ ᠰᠤᠷᠤᠭᠴᠢ ᠵᠢᠨ ᠨᠢᠭᠡᠳᠦᠭᠡᠷ ᠪᠠᠶ᠋ᠢᠷᠢ ᠵᠢᠨ ᠠᠰᠠᠷ᠎ᠢ ᠨᠢᠭᠡᠨᠲᠡ ᠪᠠᠷᠢᠵᠤ ᠳᠠᠭᠤᠰᠪᠠ᠃ 2022 ᠣᠨ᠎ᠳᠤ ᠬᠡᠰᠡᠭ ᠳᠡᠭᠡᠳᠦ ᠰᠤᠷᠭ᠋ᠠᠭᠤᠯᠢ ᠰᠠᠯᠪᠤᠷᠢ ᠰᠢᠨ᠎ᠡ ᠰᠤᠷᠭ᠋ᠠᠭᠤᠯᠢ ᠵᠢᠨ ᠬᠦᠷᠢᠶᠡᠨ᠎ᠳᠤ ᠨᠡᠭᠦᠵᠦ ᠣᠴᠢᠨ᠎ᠠ᠃

ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠬᠣᠷᠢᠨᠭᠡᠷ ᠰᠢᠨ᠎ᠡ ᠰᠤᠷᠭ᠋ᠠᠭᠤᠯᠢ ᠵᠢᠨ ᠲᠣᠭᠣᠷᠢᠭ᠎ᠤᠨ ᠪᠥᠬᠥ ᠦᠵᠡᠮᠵᠢ
ᠰᠢᠨ᠎ᠡ ᠴᠠᠭ ᠦᠶ᠎ᠡ᠎ᠳᠤ᠂ ᠰᠢᠨ᠎ᠡ ᠠᠶᠠᠯᠠᠯ᠎ᠳᠤ᠎ᠪᠠᠨ ᠮᠣᠷᠳᠠᠶ᠎ᠠ᠃ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠪᠣᠯᠤᠨ᠎ᠠ᠃ ᠲᠡᠦᠬᠡ ᠵᠢᠨ ᠰᠢᠨ᠎ᠡ ᠭᠠᠷᠤᠭ᠎ᠠ᠎ᠠᠴᠠ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢᠨ ᠲᠣᠭᠣᠷᠢᠨ᠎ᠳᠤ 《ᠶᠣᠰᠣ ᠮᠣᠷᠠᠯ ᠡᠷᠬᠢᠮ ᠲᠡᠭᠡᠳᠦ ᠤᠷᠠᠯᠢᠭ ᠭᠣᠸ᠎ᠠ ᠰᠠᠢ᠌ᠬᠠᠨ᠂ ᠡᠷᠳᠡᠮ ᠮᠡᠳᠡᠯᠭᠡ ᠥᠯᠡᠮᠵᠢ ᠶᠡᠬᠡ ᠦᠢ᠍ᠯᠡ ᠠᠵᠢᠯᠯᠠᠭ᠎ᠠ ᠲᠥᠪ ᠴᠢᠭᠡᠴᠢ》 ᠰᠤᠷᠭ᠋ᠠᠭᠤᠯᠢ ᠵᠢᠨ ᠰᠤᠷᠭ᠋ᠠᠯ᠎ᠢ ᠵᠢᠷᠤᠮᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠲᠤ ᠦᠨᠡᠨᠴᠢ ᠪᠠᠢ᠌ᠬᠤ᠎ᠪᠠᠷ ᠢᠷᠠᠭᠤ ᠠᠯᠳᠠᠷ ᠵᠶ᠋ᠠᠨ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠪᠠᠷ ᠡᠭᠦᠷᠭᠡ᠎ᠪᠠᠨ ᠪᠣᠯᠭ᠋ᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠥᠨᠳᠥᠷ ᠲᠦᠪᠰᠢᠨ᠎ᠲᠠᠢ ᠬᠡᠷᠡᠭᠯᠡᠭᠡᠨ᠎ᠤ ᠬᠡᠯᠪᠡᠷᠢᠲᠦ ᠤᠷᠠᠯᠢᠭ᠎ᠤᠨ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠵᠢᠨ ᠲᠥᠯᠥᠭᠡ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠦᠲᠦᠭᠡᠨ ᠪᠠᠶ᠋ᠢᠭᠤᠯᠵᠤ ᠠᠭᠤᠤ ᠶᠡᠬᠡ ᠳᠤᠮᠳᠠᠳᠤ ᠵᠢᠨ ᠬᠦᠰᠡᠯ ᠵᠶ᠋ᠡᠨ ᠬᠠᠮᠲᠤ᠎ᠪᠠᠷ ᠪᠡᠶᠡᠯᠡᠭᠦᠯᠬᠦ》 ᠵᠢᠨ ᠲᠥᠯᠥᠭᠡ ᠤᠷᠠᠯᠢᠭ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠡᠷᠡᠯᠬᠡᠭᠯᠡᠨ ᠤᠷᠤᠭᠰᠢᠯᠠᠬᠤ ᠰᠢᠨ᠎ᠡ ᠬᠠᠭᠤᠳᠠᠰᠤ ᠵᠢ ᠪᠢᠴᠢᠭᠯᠡᠨᠡᠮ!
