ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠵᠠᠯᠠᠭᠤᠰ᠎ᠤᠨ ᠠᠭᠤᠯᠵᠠᠯᠲᠠ》 ᠭᠡᠬᠦ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-08-02

      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
     — 《ᠵᠠᠯᠠᠭᠤᠰ᠎ᠤᠨ ᠠᠭᠤᠯᠵᠠᠯᠲᠠ》


      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ 2020 ᠣᠨ᠎ᠤ 4 ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠵᠦ᠂ 2020 ᠣᠨ᠎ᠤ 5 ᠰᠠᠷ᠎ᠠ᠎ᠳᠤ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠳᠤ ᠳᠠᠩᠰᠠᠯᠠᠭᠤᠯᠤᠨ ᠪᠠᠶ᠋ᠢᠭᠤᠯᠤᠭᠰᠠᠨ ᠪᠦᠬᠦᠯᠢ ᠡᠳᠦᠷ᠎ᠤᠨ ᠳᠦᠷᠢᠮᠲᠦ ᠠᠯᠪᠠᠨ᠎ᠠᠴᠠ ᠡᠷᠭᠢᠯᠡᠭᠰᠡᠨ ᠡᠩ᠎ᠤᠨ ᠳᠡᠭᠡᠳᠦ ᠰᠤᠷᠭ᠋ᠠᠭᠤᠯᠢ᠂ ᠬᠡᠷᠡᠭᠯᠡᠭᠡᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠰᠤᠷᠭ᠋ᠠᠭᠤᠯᠢ ᠡᠷᠭᠢᠯᠡᠬᠦ ᠬᠠᠷᠠᠯᠲᠠ᠎ᠪᠠᠨ ᠪᠣᠯᠭ᠋ᠠᠭᠰᠠᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠳᠤ ᠣᠳᠣ ᠲᠠᠷᠢᠶᠠᠯᠠᠩ ᠣᠢ ᠰᠢᠭᠤᠶ᠂ ᠮᠠᠯ ᠠᠵᠤ ᠠᠬᠤᠶ ᠮᠠᠯ ᠡᠮᠨᠡᠯᠭᠡ᠂ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠪᠠ ᠤᠰᠤᠨ ᠠᠰᠢᠭᠯᠠᠯᠲᠠ ᠵᠢᠨ ᠢᠨᠵᠧᠨᠧᠷᠢᠩ᠂ ᠮᠡᠳᠡᠭᠡ ᠵᠠᠩᠭᠢ ᠵᠢᠨ ᠮᠡᠷᠭᠡᠵᠢᠯ᠂ ᠡᠷᠡᠭᠦᠯ ᠮᠡᠨᠳᠦ ᠵᠢᠨ ᠬᠠᠮᠢᠶᠠᠷᠤᠯᠲᠠ᠂ ᠣᠳᠣ ᠦᠶ᠎ᠡ ᠵᠢᠨ ᠦᠢ᠍ᠯᠡᠴᠢᠯᠡᠭᠡ ᠪᠠ ᠬᠠᠮᠢᠶᠠᠷᠤᠯᠲᠠ᠂ ᠰᠣᠶᠣᠯ ᠤᠷᠠᠯᠢᠭ ᠵᠡᠷᠭᠡ ᠳᠣᠯᠣᠭ᠋ᠠᠨ ᠶᠡᠬᠡ ᠲᠤᠰᠬᠠᠶ ᠮᠡᠷᠭᠡᠵᠢᠯ᠎ᠤᠨ ᠴᠤᠭᠯᠠᠷᠠᠯ ᠪᠣᠢ᠃ ᠮᠠᠯ ᠠᠵᠤ ᠠᠬᠤᠶ ᠮᠠᠯ ᠡᠮᠨᠡᠯᠭᠡ᠂ ᠰᠤᠪᠢᠯᠠᠯᠲᠠ᠂ ᠴᠡᠴᠡᠷᠯᠢᠭ᠎ᠤᠨ ᠮᠡᠷᠭᠡᠵᠢᠯ᠂ ᠤᠰᠤᠨ ᠠᠰᠢᠭᠯᠠᠯᠲᠠ ᠵᠢᠨ ᠢᠨᠵᠧᠨᠧᠷᠢᠩ᠂ ᠲᠣᠮᠣ ᠳ᠋ᠠᠶ᠋ᠢᠲ᠋ᠠ ᠪᠠ ᠨᠢᠭᠲᠠᠯᠠᠨ ᠪᠤᠳᠤᠭᠴᠢ᠂ ᠠᠭ᠋ᠠᠷ᠎ᠤᠨ ᠠᠶᠠᠯᠠᠯ᠎ᠤᠨ ᠦᠢ᠍ᠯᠡᠴᠢᠯᠡᠭᠡ᠂ ᠲᠣᠮᠣ ᠳ᠋ᠠᠶ᠋ᠢᠲ᠋ᠠ ᠵᠢᠨ ᠮᠡᠷᠭᠡᠵᠢᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠡᠷᠭᠡ 27 ᠲᠤᠰᠬᠠᠶ ᠮᠡᠷᠭᠡᠵᠢᠯ᠎ᠢ ᠨᠡᠭᠡᠭᠡᠪᠡ᠃



      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠵᠡᠯᠡᠵᠦ ᠪᠠᠢ᠌ᠭ᠎ᠠ ᠭᠠᠵᠠᠷ 800 ᠮᠥ᠍᠂ ᠶᠡᠷᠦᠩᠬᠡᠶ ᠪᠠᠷᠢᠯᠭ᠎ᠠ ᠵᠢᠨ ᠲᠠᠯᠠᠪᠠᠶ 20 . 82 ᠲᠥᠮᠡᠨ ᠺᠣᠸᠠᠲ ᠮᠧᠲᠷ ᠪᠠᠶ᠋ᠢᠵᠤ᠂ ᠵᠢᠭ᠋ᠠᠨ ᠰᠤᠷᠭ᠋ᠠᠯᠲᠠ ᠵᠢᠨ ᠠᠰᠠᠷ᠂ ᠳᠠᠳᠤᠯᠭ᠎ᠠ ᠪᠣᠯᠪᠠᠰᠤᠷᠠᠯ᠎ᠤᠨ ᠠᠰᠠᠷ᠂ ᠨᠡᠶ᠋ᠢᠲᠡ ᠵᠢᠨ ᠪᠠᠶ᠋ᠢᠷᠢ ᠵᠢᠨ ᠠᠰᠠᠷ᠂ ᠨᠣᠮ᠎ᠤᠨ ᠰᠠᠩ᠂ ᠪᠡᠶ᠎ᠡ ᠵᠢᠨ ᠲᠠᠮᠢᠷ᠎ᠤᠨ ᠲᠠᠯᠠᠪᠠᠶ᠂ ᠬᠣᠭᠣᠯᠠᠨ ᠬᠡᠷ ᠵᠡᠷᠭᠡ ᠵᠢᠭ᠋ᠠᠨ ᠰᠤᠷᠭ᠋ᠠᠯᠲᠠ ᠵᠢᠨ ᠰᠠᠭᠤᠷᠢ ᠲᠥᠬᠥᠭᠡᠷᠦᠮᠵᠢ ᠵᠢ ᠪᠠᠶ᠋ᠢᠭᠤᠯᠵᠤ᠂ 2023 ᠣᠨ᠎ᠳᠤ ᠪᠥᠬᠥ ᠲᠠᠯ᠎ᠠ᠎ᠪᠠᠷ ᠪᠠᠷᠢᠵᠤ ᠳᠠᠭᠤᠰᠬᠠᠨ᠎ᠠ᠃ ᠰᠤᠷᠭ᠋ᠠᠭᠤᠯᠢ᠎ᠨᠢ 1 . 2   ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠨ ᠳᠠᠳᠤᠯᠭ᠎ᠠ ᠪᠣᠯᠪᠠᠰᠤᠷᠠᠯ᠎ᠤᠨ ᠲᠠᠰᠤᠭ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠵᠦ᠂ ᠣᠳᠣ ᠳᠠᠳᠤᠯᠭ᠎ᠠ ᠪᠣᠯᠪᠠᠰᠤᠷᠠᠯ᠎ᠤᠨ ᠲᠠᠰᠤᠭ 70 ᠭᠠᠷᠤᠶ᠂ ᠳᠠᠳᠤᠯᠭ᠎ᠠ ᠪᠣᠯᠪᠠᠰᠤᠷᠠᠯ᠎ᠤᠨ ᠲᠥᠬᠥᠭᠡᠷᠦᠮᠵᠢ 3 ᠲᠦᠮᠡ ᠭᠠᠷᠤᠶ ᠰᠠᠭᠤᠷᠢ (ᠢᠵᠢ) ᠪᠣᠢ᠃ ᠣᠳᠣ᠂ ᠰᠤᠷᠭ᠋ᠠᠭᠤᠯᠢ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ 4᠂ ᠰᠤᠷᠭ᠋ᠠᠭᠤᠯᠢ ᠵᠢᠨ ᠭᠠᠳᠠᠨᠠᠬᠢ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ 40 ᠭᠠᠷᠤᠶ᠂ ᠬᠠᠷᠢᠶᠠᠲᠤ ᠡᠮᠨᠡᠯᠭᠡ ᠵᠢᠨ ᠬᠣᠷᠢᠶ᠎ᠠ 1 ᠵᠢ ᠪᠠᠶ᠋ᠢᠭᠤᠯᠵᠠᠶ᠃ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠨᠣᠮ 16 ᠲᠦᠮᠡ ᠭᠠᠷᠤᠶ ᠳᠡᠪᠲᠡᠷ ᠪᠣᠢ᠃ ᠰᠢᠨ᠎ᠡ ᠰᠤᠷᠭ᠋ᠠᠭᠤᠯᠢ ᠵᠢᠨ ᠬᠦᠷᠢᠶ᠎ᠡ ᠵᠢ ᠪᠠᠶ᠋ᠢᠭᠤᠯᠤᠭᠰᠠᠨ᠎ᠤ ᠳᠠᠷᠠᠭ᠎ᠠ ᠣᠷᠣᠨ ᠵᠠᠶ᠎ᠨᠢ ᠡᠷᠴᠢᠮᠲᠡᠢ᠂ ᠴᠢᠳᠠᠮᠵᠢ᠎ᠨᠢ ᠨᠡᠶ᠋ᠢᠯᠡᠮᠡᠯ᠂ ᠠᠮᠢ ᠠᠬᠤᠶ᠎ᠨᠢ ᠡᠷᠡᠭᠦᠯ᠂ ᠲᠥᠬᠥᠭᠡᠷᠦᠮᠵᠢ᠎ᠨᠢ ᠪᠦᠷᠢᠨ ᠲᠥᠬᠥᠷ᠂ ᠴᠢᠯᠥᠭᠡᠲᠡᠶ ᠨᠡᠭᠡᠭᠡᠭᠰᠡᠨ ᠴᠡᠴᠡᠷᠯᠢᠭ ᠮᠠᠶᠢᠭᠲᠤ᠂ ᠣᠶᠤᠨᠯᠢᠭ ᠮᠠᠶᠢᠭᠲᠤ᠂ ᠰᠣᠶᠣᠯ᠎ᠤᠨ ᠮᠠᠶᠢᠭᠲᠤ ᠰᠤᠷᠭ᠋ᠠᠭᠤᠯᠢ ᠵᠢᠨ ᠬᠦᠷᠢᠶ᠎ᠡ ᠪᠣᠯᠤᠨ᠎ᠠ᠃ 《ᠳᠡᠯᠡᠬᠡᠢ ᠵᠢᠨ   ᠡᠷᠯᠢᠰᠡᠵᠢᠭᠦᠯᠦᠭᠰᠡᠨ ᠤᠰᠤᠨ ᠲᠤᠲᠤᠷᠭ᠎ᠠ ᠵᠢᠨ ᠡᠪᠦᠭᠡ》 ᠠᠺᠠᠳᠧᠮᠢᠴᠢ ᠶᠤᠸᠠᠨ ᠯᠦᠩ ᠫᠢᠩ ᠰᠤᠷᠭ᠋ᠠᠭᠤᠯᠢ ᠵᠢᠨ ᠬᠥᠭᠵᠢᠯᠲᠡ᠎ᠳᠤ ᠮᠠᠰᠢ ᠶᠡᠬᠡ ᠬᠦᠰᠡᠯ ᠡᠷᠡᠮᠡᠯᠵᠡᠯ ᠲᠠᠯᠪᠢᠵᠤ᠂ ᠰᠤᠷᠭ᠋ᠠᠭᠤᠯᠢ ᠵᠢᠨ ᠨᠡᠷ᠎ᠡ ᠵᠢ ᠪᠢᠴᠢᠵᠦ ᠥᠭᠴᠡᠢ᠃



      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠤᠯᠤᠰ᠎ᠤᠨ ᠨᠠᠷᠠᠲᠤ ᠪᠠᠭᠰᠢ᠂ ᠮᠤᠵᠢ ᠪᠠ ᠬᠣᠲᠠ ᠵᠢᠨ ᠲᠠᠰ᠎ᠤᠨ ᠲᠤᠰᠬᠠᠶ ᠮᠡᠷᠭᠡᠵᠢᠯ᠎ᠤᠨ ᠳᠠᠭ᠋ᠠᠭᠤᠯᠤᠭᠴᠢ᠂ ᠤᠷ᠎ᠠ ᠴᠢᠳᠠᠪᠤᠷᠢ ᠵᠢᠨ ᠶᠡᠬᠡ ᠪᠠᠭᠰᠢ᠎ᠪᠠᠷ ᠵᠢᠯᠣᠭᠣᠳᠤᠭᠤᠯᠤᠭᠰᠠᠨ᠂ 《ᠬᠤᠤᠰ ᠬᠢᠷᠢ ᠬᠡᠮᠲᠦ》 ᠪᠠᠭᠰᠢ᠎ᠪᠠᠷ ᠭᠣᠣᠯᠯᠠᠭᠤᠯᠤᠭᠰᠠᠨ᠂ ᠲᠤᠰᠬᠠᠶ ᠮᠡᠷᠭᠡᠵᠢᠯ᠎ᠤᠨ ᠵᠣᠴᠢᠨ ᠫᠷᠣᠹᠧᠰᠰᠤᠷ ᠵᠶ᠋ᠠᠷ ᠨᠥᠬᠥᠪᠥᠷᠢ ᠪᠣᠯᠭ᠋ᠠᠭᠰᠠᠨ ᠥᠨᠳᠥᠷ ᠬᠡᠪ ᠪᠣᠯᠪᠠᠰᠤᠷᠠᠯ ᠪᠥᠬᠥᠶ ᠪᠠᠭᠰᠢ ᠵᠢᠨ ᠡᠩᠨᠡᠭᠡ᠎ᠲᠠᠢ᠃ ᠣᠲᠣ ᠪᠠᠭᠰᠢ ᠠᠵᠢᠯᠲᠠᠨ 308 ᠪᠠᠢ᠌ᠵᠤ᠂ ᠡᠭᠦᠨ᠎ᠳᠤ ᠳᠡᠳ᠋ ᠫᠷᠣᠹᠧᠰᠰᠤᠷ 124᠂ ᠮᠠᠰᠲ᠋ᠧᠷ 76᠂ ᠭᠠᠳᠠᠨ᠎ᠠ᠎ᠠᠴᠠ ᠤᠷᠢᠭᠰᠠᠨ ᠵᠣᠴᠢᠨ ᠫᠷᠣᠹᠧᠰᠰᠤᠷ ᠪᠠ ᠮᠡᠷᠭᠡᠵᠢᠯ ᠴᠢᠳᠠᠪᠤᠷᠢ ᠬᠣᠣᠰᠯᠠᠭᠰᠠᠨ ᠨᠡᠷᠡᠲᠦ ᠪᠠᠭᠰᠢ 40 ᠭᠠᠷᠤᠶ ᠪᠠᠶ᠋ᠢᠵᠤ᠂ ᠨᠡᠷᠡᠲᠦ ᠪᠠᠭᠰᠢ ᠵᠢᠨ ᠠᠵᠢᠯᠯᠠᠬᠤ ᠲᠠᠰᠤᠭ 4 ᠪᠣᠢ᠃







      ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ》 ᠦᠨᠳᠦᠰᠦᠨ ᠡᠭᠦᠷᠭᠡ᠎ᠪᠠᠷ ᠵᠢᠯᠣᠭᠣᠳᠤᠭᠤᠯᠵᠤ᠂ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ᠎ᠪᠠᠷ ᠰᠤᠷᠭ᠋ᠠᠭᠤᠯᠢ ᠡᠷᠭᠢᠯᠡᠬᠦ ᠴᠢᠭᠯᠡᠯ ᠵᠶ᠋ᠠᠨ ᠪᠣᠯᠭ᠋ᠠᠵᠤ᠂ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠵᠤ᠂ 《ᠦᠢ᠍ᠯᠡᠳᠪᠦᠷᠢᠯᠡᠯ ᠪᠣᠯᠤᠨ ᠵᠢᠭ᠋ᠠᠨ ᠰᠤᠷᠭ᠋ᠠᠯᠲᠠ ᠵᠢ ᠠᠭᠤᠰᠬᠠᠬᠤ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ ᠬᠠᠮᠲᠤᠷᠠᠯᠴᠠᠬᠤ》᠎ᠪᠠᠷ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠨ ᠪᠣᠯᠭ᠋ᠠᠵᠤ᠂ 《ᠰᠢᠨ᠎ᠡ ᠲᠠᠷᠢᠶᠠᠯᠠᠩ᠎ᠤᠨ ᠰᠢᠨᠵᠢᠯᠡᠬᠦ ᠤᠬᠠᠭ᠋ᠠᠨ》 ᠭᠡᠬᠦ ᠲᠤᠰᠬᠠᠶ ᠮᠡᠷᠭᠡᠵᠢᠯ᠎ᠤᠨ ᠪᠥᠲᠥᠭᠡᠨ ᠪᠠᠶ᠋ᠢᠭᠤᠯᠤᠯᠲᠠ᠎ᠪᠠᠷ ᠭᠤᠤᠯᠳᠠᠯᠭ᠎ᠠ ᠪᠣᠯᠭ᠋ᠠᠵᠤ᠂ 《ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠴᠢᠳᠠᠪᠤᠷᠢ ᠵᠢᠨ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ》᠎ᠪᠠᠷ ᠬᠠᠷᠠᠯᠲᠠ ᠪᠣᠯᠭ᠋ᠠᠭᠰᠠᠨ ᠰᠤᠷᠭ᠋ᠠᠭᠤᠯᠢ ᠡᠷᠭᠢᠯᠡᠬᠦ ᠣᠨᠣᠯᠵᠢᠬᠤᠨ᠎ᠢ ᠪᠣᠶ ᠪᠣᠯᠭ᠋ᠠᠬᠤ ᠵᠢ ᠪᠠᠷᠢᠮᠲᠠᠯᠠᠵᠤ᠂ 《ᠣᠨᠣᠯᠵᠢᠬᠤᠨ᠎ᠨᠢ ᠳᠠᠪᠰᠢᠭᠰᠠᠨ᠂ ᠨᠡᠭᠡᠭᠡᠯᠲᠡ ᠬᠢᠵᠦ ᠬᠠᠮᠲᠤ᠎ᠪᠠᠷ ᠭᠥᠷᠳᠡᠬᠦ᠂ ᠮᠣᠷᠠᠯ ᠮᠡᠷᠭᠡᠵᠢᠯ ᠬᠤᠤᠰᠯᠠᠭᠰᠠᠨ᠂ ᠠᠷᠠᠳᠴᠢᠯᠠᠯ᠎ᠲᠠᠢ ᠡᠶ᠎ᠡ ᠵᠣᠬᠢᠴᠠᠩᠭᠤᠶ᠂ ᠣᠷᠴᠢᠨ ᠲᠣᠭᠣᠷᠢᠨ ᠭᠤᠶᠣ ᠰᠠᠢ᠌ᠬᠠᠨ》 ᠰᠢᠨ᠎ᠡ ᠬᠡᠯᠪᠡᠷᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠥᠬᠦ ᠬᠦᠴᠦᠨ ᠵᠶ᠋ᠡᠨ ᠲᠥᠪᠯᠡᠷᠡᠭᠦᠯᠦᠨ ᠪᠠᠢ᠌ᠭᠤᠯᠤᠨ᠎ᠠ᠃


 




ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠠᠴᠠ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠬᠦ ᠳᠠᠭᠤᠤ ᠬᠠᠩᠭᠢᠨᠠᠨᠠᠮ
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠠᠴᠠ 《ᠮᠢᠨᠦ ᠳᠤᠮᠳᠠᠳᠤ ᠵᠢᠨ ᠰᠡᠳᠬᠢᠯ》 ᠭᠡᠬᠦ ᠳᠠᠭᠤᠤ ᠬᠠᠩᠭᠢᠨᠠᠨᠠᠮ
ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠡᠨᠡ 3 ᠵᠢᠯ᠎ᠳᠤ ᠶᠠᠮᠠᠷ ᠶᠠᠮᠠᠷ ᠬᠤᠪᠢᠷᠠᠯᠲᠠ ᠭᠠᠷᠭ᠋ᠠᠭᠰᠠᠨ ᠪᠤᠢ?
 
             蒙ICP备05000248号