ᠰᠤᠷᠭ᠋ᠠᠨ ᠬᠥᠮᠦᠵᠢᠯ᠎ᠤᠨ ᠦᠨᠡᠯᠡᠯᠲᠡ ᠪᠣᠯ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠴᠢᠭᠯᠡᠯ᠎ᠳᠤ ᠬᠣᠯᠪᠣᠭᠳᠠᠨ᠎ᠠ᠃ 2020 ᠣᠨ᠎ᠤ 9 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠢ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ 3 ᠵᠢᠯ᠎ᠤᠨ ᠲᠤᠷᠰᠢ᠂ ᠳᠣᠢ᠍ᠪ᠎ᠤᠨ ᠰᠤᠷᠭ᠋ᠠᠨ ᠬᠥᠮᠥᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭᠡᠴᠢ ᠵᠢᠨ ᠳᠤᠭᠤᠶ᠋ᠢᠯᠠᠩ᠂ ᠰᠤᠷᠭ᠋ᠠᠨ ᠬᠥᠮᠥᠵᠢᠯ᠎ᠤᠨ ᠶᠠᠮᠤᠨ ᠬᠣᠯᠪᠣᠭᠳᠠᠯ ᠪᠤᠢ᠍ᠭᠦᠢ ᠡᠲᠡᠭᠡᠳ᠎ᠤᠨ᠎ᠬᠢᠨ᠎ᠲᠠᠢ ᠬᠠᠮᠲᠤᠷᠠᠨ ᠡᠢ᠍ᠲᠠᠪᠭᠢᠲᠠᠢ ᠨᠠᠶ᠋ᠢᠳᠠᠪᠤᠷᠢᠵᠢᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠣᠢ᠍ᠭᠡᠷᠠᠴᠢᠯᠠᠯᠲᠠ ᠪᠠ ᠰᠢᠨ᠎ᠡ ᠵᠢ ᠡᠭᠦᠳᠬᠦ ᠵᠢ ᠭᠦᠨᠵᠡᠭᠡᠢ ᠠᠬᠢᠭᠤᠯᠵᠤ᠂ ᠰᠤᠷᠭ᠋ᠠᠨ ᠬᠦᠢ᠍ᠮᠣᠵᠢᠯᠤᠨ ᠣᠢ᠍ᠨᠠᠯᠠᠯᠲᠠ ᠵᠢᠨ ᠣᠢ᠍ᠭᠡᠷᠠᠴᠢᠯᠠᠯᠲᠠ ᠵᠢᠨ ᠠᠵᠢᠯ ᠱᠠᠲᠤᠴᠢ ᠴᠢᠨᠠᠷᠲᠠᠢ ᠣᠢ᠍ᠷ᠎ᠠ ᠪᠥᠲᠦᠮᠵᠢ ᠣᠯᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ -
ᠰᠤᠷᠭ᠋ᠠᠨ ᠬᠥᠮᠦᠵᠢᠯ᠎ᠤᠨ ᠦᠨᠡᠯᠡᠯᠲᠡ᠎ᠨᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠴᠢᠭᠯᠡᠯ᠎ᠳᠤ ᠬᠣᠯᠪᠣᠭᠳᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠲᠠᠢ ᠬᠣᠯᠪᠣᠭᠳᠠᠨ᠎ᠠ᠃ ᠶᠠᠮᠠᠷ ᠦᠨᠡᠯᠡᠯᠲᠡ ᠵᠢᠨ ᠵᠢᠯᠣᠭᠣᠳᠤᠯᠭ᠎ᠠ᠎ᠲᠠᠢ ᠪᠣᠯ ᠶᠠᠮᠠᠷ ᠰᠤᠷᠭ᠋ᠠᠭᠤᠯᠢ ᠡᠷᠬᠢᠯᠡᠬᠦ ᠤᠳᠤᠷᠢᠳᠤᠮᠵᠢ ᠪᠤᠢ᠃ ᠡᠭᠦᠨ᠎ᠤ ᠬᠠᠮᠲᠤ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠪᠣᠯ ᠪᠠᠰᠠ ᠴᠤ᠌ ᠨᠢᠭᠡ ᠵᠦᠢ᠍ᠯ᠎ᠤᠨ ᠳᠡᠯᠡᠬᠡᠢ ᠵᠢᠨ ᠴᠢᠨᠠᠷᠲᠠᠢ᠂ ᠲᠡᠦᠬᠡᠲᠦ ᠴᠢᠨᠠᠷᠲᠠᠢ᠂ ᠦᠢ᠍ᠯᠡᠳᠦᠯᠭᠡ ᠵᠢᠨ ᠴᠢᠨᠠᠷᠲᠠᠢ ᠪᠡᠷᠬᠡ ᠠᠰᠠᠭᠤᠳᠠᠯ ᠮᠥᠨ᠃
ᠬᠦᠴᠢᠷ ᠪᠡᠷᠬᠡᠰᠢᠶᠡᠯ᠎ᠤᠨ ᠡᠮᠦᠨ᠎ᠡ ᠬᠠᠳᠠᠨ ᠵᠣᠷᠢᠭ ᠵᠶ᠋ᠠᠨ ᠢᠯᠡᠷᠡᠭᠦᠯᠪᠡ
ᠶᠡᠷᠦᠩᠬᠡᠢ ᠱᠦᠵᠢ ᠰᠢ ᠵᠢᠨ ᠫᠢᠩ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠠᠢ᠃ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ ᠳᠡᠭᠡᠷ᠎ᠡ᠂ ᠲᠡᠷᠡ᠂ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠵᠢ ᠨᠠᠶ᠋ᠢᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭ᠋ᠠᠨᠴᠢ ᠪᠤᠰᠤ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠤᠳᠤᠷᠢᠳᠤᠮᠵᠢ ᠵᠢ ᠬᠤᠪᠢᠷᠠᠭᠤᠯᠵᠤ᠂ ᠬᠤᠪᠢ ᠵᠢ ᠯᠡ ᠬᠥᠭᠡᠭᠡᠴᠡᠯᠳᠦᠬᠦ᠂ ᠰᠤᠷᠭ᠋ᠠᠭᠤᠯᠢ ᠳᠡᠪᠰᠢᠬᠦ ᠵᠢ ᠯᠠ ᠬᠥᠭᠡᠭᠡᠴᠡᠯᠳᠦᠬᠦ᠂ ᠦᠨᠡᠮᠯᠡᠯ᠎ᠢ ᠯᠠ ᠬᠥᠭᠡᠭᠡᠴᠡᠯᠳᠦᠬᠦ᠂ ᠥᠭᠦᠯᠡᠯ᠎ᠢ ᠯᠠ ᠬᠥᠭᠡᠭᠡᠴᠡᠯᠳᠦᠬᠦ᠂ ᠢᠷᠠᠭᠤ ᠠᠯᠳᠠᠷ᠎ᠢ ᠯᠠ ᠬᠥᠭᠡᠭᠡᠴᠡᠯᠳᠦᠬᠦ ᠠᠷᠬᠠᠭ ᠭᠡᠮ᠎ᠢ ᠡᠷᠡᠰ ᠲᠡᠪᠴᠢᠵᠦ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠳᠣᠬᠢᠭᠤᠷ᠎ᠤᠨ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠣᠯᠠᠨ ᠡᠰᠢᠵᠢᠭᠦᠯᠦᠭᠰᠡᠨ ᠪᠡᠶᠡᠴᠢ ᠴᠣᠭᠴᠠ ᠣᠷᠣᠯᠴᠠᠭᠰᠠᠨ᠂ ᠮᠠᠨ᠎ᠤ ᠤᠯᠤᠰ᠎ᠤᠨ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ᠂ ᠳᠡᠯᠡᠬᠡᠢ ᠵᠢᠨ ᠬᠢᠷᠢ ᠲᠦᠪᠰᠢᠨ ᠪᠥᠬᠦᠢ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠳᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ ᠭᠡᠵᠦ ᠭᠦᠨᠵᠡᠭᠡᠢ ᠵᠢᠭ᠋ᠠᠵᠤ ᠭᠠᠷᠭ᠋ᠠᠪᠠ᠃
2020 ᠣᠨ᠎ᠤ 9 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠢ ᠲᠥᠰᠦᠯ》 (ᠳᠣᠷᠣᠭᠰᠢ 《ᠶᠡᠷᠦᠩᠬᠡᠢ ᠲᠥᠰᠦᠯ》 ᠭᠡᠵᠦ ᠳᠦᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠤ᠂ 《ᠲᠠᠪᠤ ᠵᠢ ᠬᠥᠭᠡᠭᠡᠴᠡᠯᠳᠦᠬᠦ》 ᠠᠷᠬᠠᠭ ᠭᠡᠮ᠎ᠢ ᠢᠯᠠᠨ ᠳᠠᠪᠠᠬᠤ ᠵᠢ ᠰᠢᠰᠲ᠋ᠧᠮ᠎ᠲᠠᠢ ᠪᠠᠢ᠌ᠷᠢᠯᠠᠭᠤᠯᠪᠠ᠃ ᠡᠨᠡ ᠪᠣᠯ ᠰᠢᠨ᠎ᠡ ᠳᠤᠮᠳᠠᠳᠤ ᠤᠯᠤᠰ᠎ᠤᠨ ᠠᠩᠬᠠᠳᠠᠭᠴᠢ ᠰᠤᠷᠭ᠋ᠠᠨ ᠬᠥᠮᠦᠵᠢᠯ᠎ᠤᠨ ᠦᠨᠡᠯᠡᠯᠲᠡ ᠵᠢ ᠰᠢᠰᠲ᠋ᠧᠮᠲᠡᠢ ᠥᠭᠡᠷᠡᠴᠢᠯᠡᠬᠦ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃
3 ᠵᠢᠯ᠎ᠤᠨ ᠲᠤᠷᠰᠢ᠂ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠂ ᠰᠤᠷᠭ᠋ᠠᠨ ᠬᠥᠮᠦᠵᠢᠯ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠰᠢᠷᠢᠰ 《ᠬᠠᠮ ᠨᠢᠳᠤᠷᠭ᠎ᠠ》 ᠭᠠᠷᠭ᠋ᠠᠵᠤ᠂ 《ᠶᠡᠷᠦᠩᠬᠡᠢ ᠲᠥᠰᠦᠯ》᠎ᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠪᠠ᠃ ᠲᠥᠪ᠎ᠠᠴᠠ ᠣᠷᠣᠨ ᠨᠤᠲᠤᠭ᠂ ᠰᠤᠷᠤᠭᠴᠢ᠎ᠠᠴᠠ ᠪᠠᠭᠰᠢ᠂ ᠰᠤᠷᠭ᠋ᠠᠭᠤᠯᠢ᠎ᠠᠴᠠ ᠨᠡᠶ᠋ᠢᠭᠡᠮ ᠬᠦᠷᠲᠡᠯ᠎ᠡ 《ᠲᠠᠪᠤ ᠵᠢ ᠬᠥᠭᠡᠭᠡᠴᠡᠯᠳᠦᠬᠦ》 ᠵᠢ ᠡᠪᠳᠡᠬᠦ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ 《ᠬᠠᠲᠠᠭᠤ ᠳᠠᠶ᠋ᠢᠯᠠᠯᠳᠤᠭ᠋ᠠᠨ》᠎ᠢ ᠪᠦᠬᠦ ᠲᠠᠯ᠎ᠠ᠎ᠪᠠᠷ ᠡᠬᠢᠯᠡᠭᠦᠯᠪᠡ᠃
《ᠲᠠᠪᠤ ᠵᠢ ᠬᠥᠭᠡᠭᠡᠴᠡᠯᠳᠦᠬᠦ》 ᠵᠢ ᠠᠷᠢᠯᠭ᠋ᠠᠵᠤ ᠥᠷᠭᠡᠨ ᠳᠡᠯᠭᠡᠷ ᠬᠠᠮᠲᠤ ᠵᠢᠨ ᠲᠠᠨᠢᠯᠲᠠ᠎ᠲᠠᠢ ᠪᠣᠯᠭ᠋ᠠᠪᠠ
《ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ᠎ᠳᠤ ᠲᠠᠯᠠᠷᠬᠠᠵᠤ ᠪᠠᠶ᠋ᠢᠨ᠎ᠠ᠂ ᠪᠢ ᠰᠢᠶᠠᠨ᠎ᠤ ᠱᠠᠩᠨᠠᠯ ᠠᠪᠬᠤ ᠲᠠᠪᠴᠠᠩ ᠳᠡᠭᠡᠷ᠎ᠡ ᠵᠣᠭᠰᠣᠬᠤ ᠲᠣᠬᠢᠶᠠᠯ᠎ᠲᠠᠢ ᠪᠣᠯᠵᠠᠢ!》 ᠬᠤᠨᠠᠨ ᠮᠤᠵᠢ ᠵᠢᠨ ᠶᠤᠸᠡᠢ ᠶᠠᠩ ᠬᠣᠲᠠ ᠵᠢᠨ ᠫᠢᠩ ᠵᠢᠶᠠᠩ ᠰᠢᠶᠠᠨ᠎ᠤ 2022 ᠣᠨ᠎ᠤ ᠰᠠᠭᠤᠷᠢ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ ᠳᠡᠭᠡᠷ᠎ᠡ᠂ ᠲᠤᠰ ᠰᠢᠶᠠᠨ᠎ᠤ ᠵᠢᠨ ᠫᠢᠩ ᠳᠤᠮᠳᠠᠳᠤ ᠰᠤᠷᠭ᠋ᠠᠭᠤᠯᠢ ᠵᠢᠨ ᠵᠠᠬᠢᠷᠤᠯ ᠹᠠᠩ ᠱᠧᠩ ᠪᠢᠨ ᠰᠢᠯᠢᠳᠡᠭ ᠨᠡᠶ᠋ᠢᠲᠡᠯᠢᠭ ᠵᠢᠱ᠌ᠢᠶᠡᠴᠢ ᠵᠢᠨ ᠬᠤᠪᠢ᠎ᠪᠠᠷ ᠦᠭᠡ ᠬᠡᠯᠡᠪᠡ᠃ ᠡᠨᠡ ᠬᠦ᠌ ᠰᠤᠷᠭ᠋ᠠᠭᠤᠯᠢ ᠡᠷᠬᠢᠯᠡᠬᠦ ᠨᠥᠬᠥᠴᠡᠯ᠂ ᠪᠠᠭᠰᠢ᠂ ᠰᠤᠷᠤᠭᠴᠢ ᠵᠢᠨ ᠢᠷᠡᠯᠲᠡ᠎ᠨᠢ ᠴᠥᠮ ᠬᠢᠵᠠᠭ᠋ᠠᠷᠯᠠᠭᠳᠠᠭᠰᠠᠨ ᠬᠥᠳᠡᠭᠡ ᠲᠣᠰᠬᠣᠨ᠎ᠤ ᠪᠤᠶ᠋ᠢᠳᠠ ᠪᠥᠭᠯᠡᠭᠦᠦ ᠰᠤᠷᠭ᠋ᠠᠭᠤᠯᠢ ᠶᠠᠭ᠋ᠠᠬᠢᠭ᠋ᠠᠳ 《ᠰᠢᠯᠢᠳᠡᠭ》 ᠵᠶ᠋ᠠᠷ ᠦᠨᠡᠯᠡᠭᠳᠡᠭᠰᠡᠨ ᠪᠥᠭᠡᠳ ᠱᠠᠩᠨᠠᠯ ᠣᠯᠭᠣᠬᠤ ᠲᠠᠪᠴᠠᠩ᠎ᠳᠤ ᠭᠠᠷᠴᠤ ᠴᠢᠳᠠᠭᠰᠠᠨ ᠪᠤᠢ?
《ᠥᠨᠥᠳᠦᠷ᠎ᠤᠨ ᠫᠢᠩ ᠵᠢᠶᠠᠩ᠎ᠳᠤ ᠬᠤᠪᠢ ᠵᠢ ᠯᠡ ᠬᠥᠭᠡᠭᠡᠴᠡᠯᠳᠦᠬᠦ ᠦᠵᠡᠭᠳᠡᠯ ᠦᠭᠡᠢ ᠪᠣᠯᠵᠠᠢ》᠃ ᠫᠢᠩ ᠵᠢᠶᠠᠩ ᠰᠢᠶᠠᠨ᠎ᠤ ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᡁᠢ ᠰᠢᠨ᠂ 2021 ᠣᠨ᠎ᠠᠴᠠ ᠡᠬᠢᠯᠡᠨ᠂ ᠫᠢᠩ ᠵᠢᠶᠠᠩ ᠰᠢᠶᠠᠨ᠎ᠤ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠬᠥᠲᠥᠯᠥᠨ ᠵᠢᠯᠣᠭᠣᠳᠴᠤ ᠤᠯᠠᠮᠵᠢᠯᠠᠯᠲᠤ ᠵᠥᠪᠬᠡᠨ 《ᠴᠢᠨᠠᠷ ᠴᠢᠨᠰᠠᠭ᠎ᠠ᠎ᠪᠠᠷ ᠬᠠᠮᠤᠭ᠎ᠤᠨ ᠰᠠᠶ᠋ᠢᠨ ᠰᠤᠷᠭ᠋ᠠᠭᠤᠯᠢ᠎ᠳᠤ ᠣᠷᠣᠬᠤ》᠎ᠳᠤ ᠠᠩᠬᠠᠷᠤᠯ ᠬᠠᠨᠳᠤᠭᠤᠯᠵᠤ ᠪᠠᠢ᠌ᠭᠰᠠᠨ᠎ᠠᠴᠠ 《ᠬᠠᠮᠤᠭ᠎ᠤᠨ ᠶᠡᠬᠡ ᠳᠠᠪᠰᠢᠯᠲᠠ᠎ᠲᠠᠢ ᠰᠤᠷᠭ᠋ᠠᠭᠤᠯᠢ᠎ᠳᠤ ᠣᠷᠣᠬᠤ》 ᠲᠡᠢ᠌ᠰᠢ ᠠᠩᠬᠠᠷᠤᠯ ᠵᠶ᠋ᠠᠨ ᠬᠠᠨᠳᠤᠭᠤᠯᠬᠤ ᠪᠣᠯᠪᠠ᠃ ᠵᠢᠨ ᠫᠢᠩ ᠳᠤᠮᠳᠠᠳᠤ ᠰᠤᠷᠭ᠋ᠠᠭᠤᠯᠢ ᠦᠢ᠍ᠯᠡᠳᠦᠯᠭᠡ ᠵᠢᠨ ᠠᠵᠢᠯᠯᠠᠭ᠋ᠠᠨ᠎ᠤ ᠶᠠᠪᠤᠴᠠ᠎ᠳᠤ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠬᠥᠭᠵᠢᠭᠦᠯᠵᠦ᠂ ᠰᠤᠷᠤᠭᠴᠢᠳ 《ᠨᠢᠳᠦᠨ᠎ᠳᠤ ᠦᠵᠡᠭᠳᠡᠬᠦ》 ᠪᠣᠢ᠌ᠵᠢᠯᠲᠠ᠎ᠪᠠᠷ ᠣᠯᠠᠨ᠋ᠤ ᠮᠠᠭᠲᠠᠭ᠋ᠠᠯ᠎ᠢ ᠣᠯᠪᠠ᠃
ᠲᠥᠪ ᠬᠣᠷᠢᠶ᠎ᠠ᠎ᠠᠴᠠ 《ᠶᠡᠷᠦᠩᠬᠡᠢ ᠳᠣᠢ᠍ᠰᠣᠯ》᠎ᠢ ᠨᠡᠢ᠌ᠲᠡᠯᠡᠨ᠂ ᠳᠣᠢ᠍ᠷᠤ ᠵᠢᠨ ᠪᠣᠳᠣᠯᠭ᠎ᠠ ᠵᠢᠨ ᠦᠷ᠎ᠡ ᠪᠥᠲᠦᠮᠵᠢ ᠵᠢ ᠬᠠᠮᠤᠭ᠎ᠤᠨ ᠡᠴᠦᠰ᠎ᠲᠤ ᠵᠢᠨ ᠫᠢᠩ ᠮᠡᠲᠦ ᠵᠢᠨ ᠡᠢ᠌ᠮᠦᠷᠬᠦᠦ ᠦᠨᠳᠦᠰᠦᠨ ᠱᠠᠲᠤᠨ᠎ᠤ ᠳᠤᠮᠳᠠᠳᠤ ᠰᠤᠷᠭ᠋ᠠᠭᠤᠯᠢ᠎ᠳᠤ ᠪᠡᠶᠡᠯᠡᠭᠦᠯᠦᠭᠰᠡᠨ᠎ᠨᠢ 《ᠶᠡᠷᠦᠩᠬᠡᠢ ᠳᠣᠢ᠍ᠰᠣᠯ》 ᠪᠣᠯ ᠨᠢᠭᠡᠨ ᠤᠳᠠᠭ᠋ᠠᠨ᠎ᠤ ᠪᠣᠭᠣᠮᠲᠠ ᠰᠢᠪᠲᠤᠯᠬᠤ ᠲᠠᠢ᠌ᠯᠠᠯᠳᠤᠭ᠋ᠠᠨ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠯ ᠨᠢᠭᠡ ᠤᠳᠠᠭ᠋ᠠᠨ᠎ᠤ ᠨᠠᠩ ᠬᠦᠴᠢᠷ ᠪᠡᠷᠬᠡᠰᠢᠶᠡᠯᠲᠦ ᠬᠠᠲᠠᠭᠤ ᠳᠠᠢ᠌ᠯᠠᠯᠳᠤᠭ᠋ᠠᠨ ᠭᠡᠳᠡᠭ᠎ᠢ ᠮᠡᠳᠡᠷᠡᠭᠦᠯᠪᠡ᠃
ᠡᠨᠡ ᠪᠣᠯ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠶᠠᠪᠤᠴᠠ᠎ᠳᠤ 《ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ᠎ᠨᠢ ᠡᠷᠴᠢᠮ ᠦᠭᠡᠢ᠂ ᠬᠡᠷᠡᠭᠵᠢᠭᠦᠯᠬᠦ ᠡᠷᠴᠢᠮ ᠳᠡᠰ ᠳᠡᠰ᠎ᠪᠠᠷ ᠪᠠᠭᠤᠷᠠᠬᠤ ᠦᠵᠡᠭᠳᠡᠯ》᠎ᠢ ᠪᠦᠲᠦᠮᠵᠢᠲᠡᠢ ᠢᠯᠠᠨ ᠳᠠᠪᠠᠬᠤ 《ᠳᠠᠭ᠋ᠠᠭᠤᠯᠤᠭᠴᠢ ᠳᠠᠶ᠋ᠢᠯᠠᠯᠳᠤᠭ᠋ᠠᠨ》 ᠪᠣᠯᠪᠠ -
ᠠᠬᠢᠭᠤᠯᠬᠤ ᠬᠤᠷᠠᠯ ᠬᠢᠪᠡ᠃ 《ᠶᠡᠷᠦᠩᠬᠡᠢ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠂ ᠰᠤᠷᠭ᠋ᠠᠨ ᠬᠥᠮᠦᠵᠢᠯ᠎ᠤᠨ ᠶᠠᠮᠤᠨ ᠬᠠᠮᠲᠤᠷᠠᠨ ᠪᠦᠬᠦ ᠤᠯᠤᠰ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠠᠯᠬᠤᠮ ᠳᠠᠷᠠᠭ᠎ᠠ᠎ᠲᠠᠢ ᠠᠬᠢᠭᠤᠯᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠤᠬᠠᠭᠤᠯᠵᠤ ᠬᠥᠲᠥᠯᠥᠨ ᠵᠢᠯᠣᠭᠣᠳᠬᠤ ᠪᠠ ᠰᠢᠪᠠᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠪᠠ᠃
ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠠᠩᠭᠢ ᠡᠷᠬᠢᠯᠡᠪᠡ᠃ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠂ ᠰᠤᠷᠭ᠋ᠠᠨ ᠬᠥᠮᠦᠵᠢᠯ᠎ᠤᠨ ᠶᠠᠮᠤᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠪᠦᠬᠦ ᠤᠯᠤᠰ᠎ᠤᠨ ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠠᠩᠭᠢ ᠵᠢ 3 ᠤᠳᠠᠭ᠎ᠠ ᠡᠷᠬᠢᠯᠡᠵᠦ᠂ ᠲᠥᠷᠥ ᠵᠢᠨ ᠪᠣᠳᠣᠯᠭ᠎ᠠ ᠵᠢ 160 ᠭᠠᠷᠤᠢ ᠲᠠᠯᠠᠪᠤᠷ ᠤᠬᠠᠭᠤᠯᠤᠨ ᠲᠠᠶ᠋ᠢᠯᠪᠤᠷᠢᠯᠠᠵᠠᠢ᠃
ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ 6 ᠮᠤᠵᠢ ᠣᠷᠣᠨ ᠪᠠ 10 ᠶᠡᠬᠡ ᠳᠡᠭᠡᠳᠦ ᠰᠤᠷᠭ᠋ᠠᠭᠤᠯᠢ᠎ᠳᠤ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠨᠡᠭᠡᠭᠡᠵᠦ᠂ ᠤᠷᠢᠳ ᠬᠣᠵᠢᠳ 4 ᠤᠳᠠᠭ᠎ᠠ ᠲᠤᠷᠰᠢᠯᠲᠠ ᠵᠢᠨ ᠴᠡᠭ᠎ᠤᠨ ᠠᠵᠢᠯ ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ 2023 ᠣᠨ᠎ᠳᠤ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ 16 ᠲᠤᠷᠰᠢᠯᠲᠠ ᠵᠢᠨ ᠴᠡᠭ᠎ᠤᠨ ᠨᠢᠭᠡᠴᠢ ᠵᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠣᠳᠤᠯᠵᠤ᠂ ᠶᠠᠪᠤᠴᠠ ᠵᠢ ᠮᠥᠷᠳᠡᠬᠦ ᠪᠠ ᠵᠢᠯᠣᠭᠣᠳᠤᠨ ᠰᠢᠪᠠᠳᠠᠭᠤᠯᠬᠤ ᠵᠢ ᠴᠢᠩᠭ᠋ᠠᠳᠬᠠᠨ᠂ ᠦᠨᠳᠦᠰᠦᠨ ᠱᠠᠲᠤᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ 《ᠡᠬᠢ ᠡᠭᠦᠰᠦᠯ᠎ᠠᠴᠠ᠎ᠨᠢ ᠠᠮᠢᠳᠤᠯᠢᠭ ᠪᠣᠯᠭ᠋ᠠᠬᠤ》 ᠦᠢ᠍ᠯᠡᠳᠦᠯ᠎ᠢ ᠬᠦᠴᠦᠯᠡᠨ ᠪᠠᠳᠠᠷᠠᠭᠤᠯᠪᠠ᠃
ᠳᠡᠭᠡᠳᠦ ᠱᠠᠲᠤᠨ᠎ᠤ ᠠᠬᠢᠭᠤᠯᠤᠯ ᠳᠣᠣᠷ᠎ᠠ᠂ ᠡᠯ᠎ᠡ ᠭᠠᠵᠠᠷ᠎ᠤᠨ᠎ᠬᠢᠨ ᠬᠣᠶ᠋ᠢᠨ᠎ᠠ ᠬᠣᠶ᠋ᠢᠨ᠎ᠠ᠎ᠠᠴᠠ᠎ᠪᠠᠨ ᠬᠥᠳᠡᠯᠦᠯᠴᠡᠵᠦ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ ᠪᠠ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠪᠠ᠃
ᠭᠤᠸᠠᠩᠳᠦᠢ᠍ᠩ᠂ ᠱᠠᠨᠰᠢ ᠵᠡᠷᠭᠡ ᠭᠠᠵᠠᠷ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠮᠤᠵᠢ ᠵᠢᠨ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯᠳᠠᠯᠭ᠎ᠠ᠎ᠲᠠᠢ ᠡᠭᠦᠷᠭᠡ ᠪᠣᠯᠭ᠋ᠠᠵᠤ᠂ ᠡᠯ᠎ᠡ ᠬᠣᠲᠠ ᠰᠢᠶᠠᠨ᠎ᠤ ᠬᠠᠷᠠᠯᠲᠠ ᠪᠠ ᠬᠠᠷᠢᠭᠤᠴᠠᠯᠭ᠎ᠠ ᠵᠢ ᠬᠢᠨᠠᠨ ᠰᠢᠯᠭ᠋ᠠᠵᠤ᠂ ᠰᠤᠷᠭ᠋ᠠᠨ ᠬᠥᠮᠦᠵᠢᠯ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ ᠪᠠᠢ᠌ᠳᠠᠯ᠎ᠢ ᠦᠨᠡᠯᠡᠯᠲᠡ᠎ᠳᠤ ᠣᠷᠣᠭᠤᠯᠤᠨ᠂ ᠥᠭᠡᠷᠡᠴᠢᠯᠡᠯᠲᠡ ᠵᠢ ᠪᠣᠳᠠᠲᠠᠶ᠋ᠢᠵᠢᠭᠤᠯᠬᠤ ᠵᠢ ᠠᠬᠢᠭᠤᠯᠪᠠ᠃
ᠬᠤᠨᠠᠨ᠂ ᠶᠦᠨᠨᠠᠨ ᠵᠡᠷᠭᠡ ᠭᠠᠵᠠᠷ ᠣᠷᠣᠨ ᠶᠡᠷᠦᠩᠬᠡᠢ ᠲᠥᠰᠦᠯ᠎ᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠵᠢᠨ ᠺᠠᠳ᠋ᠷᠴᠤᠳ᠎ᠢ ᠪᠣᠯᠪᠠᠰᠤᠷᠠᠭᠤᠯᠬᠤ ᠠᠭᠤᠯᠭ᠎ᠠ᠎ᠳᠤ ᠣᠷᠣᠭᠤᠯᠵᠤ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ 4 ᠲᠦᠮᠡ ᠰᠢᠬᠠᠮ ᠬᠥᠮᠦᠨ ᠣᠷᠣᠯᠴᠠᠭᠰᠠᠨ ᠰᠦᠯᠵᠢᠶᠡᠨ᠎ᠤ ᠪᠣᠯᠪᠠᠰᠤᠷᠠᠯ᠎ᠢ ᠡᠷᠬᠢᠯᠡᠪᠡ᠃
ᠯᠢᠶᠣᠤᠨᠢᠩ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠵᠶ᠋ᠠᠷ ᠳᠠᠮᠵᠢᠭᠤᠯᠤᠨ᠂ ᠮᠤᠵᠢ ᠵᠢᠨ ᠳᠣᠲᠣᠭ᠋ᠠᠳᠤ ᠵᠢᠨ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠬᠦ ᠪᠦᠷᠢᠯᠳᠦᠬᠦᠨ ᠨᠢᠭᠡᠴᠢ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠦᠬᠦ ᠺᠠᠳ᠋ᠷ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠦᠬᠦ ᠺᠠᠳ᠋ᠷ ᠪᠠᠭᠰᠢ ᠵᠢᠨ 《ᠭᠤᠷᠪᠠ ᠵᠢ ᠪᠦᠬᠦᠨ᠎ᠢ ᠬᠠᠮᠤᠷᠬᠤ》 ᠵᠢ ᠪᠡᠶᠡᠯᠡᠭᠦᠯᠵᠦ᠂ 59 ᠲᠦᠮᠡᠨ ᠬᠥᠮᠦᠨ᠎ᠢ ᠪᠣᠯᠪᠠᠰᠤᠷᠠᠭᠤᠯᠪᠠ᠃
ᠡᠨᠡ ᠪᠣᠯ ᠠᠵᠢᠯ᠎ᠤᠨ ᠨᠠᠷᠢᠨ ᠳᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢᠨ ᠵᠢᠷᠤᠭ ᠲᠥᠯᠥᠪᠯᠡᠭᠡ ᠵᠢ ᠪᠠᠷᠢᠯᠭ᠎ᠠ ᠵᠢᠨ ᠵᠢᠷᠤᠭ ᠪᠣᠯᠭ᠋ᠠᠨ ᠬᠤᠪᠢᠷᠠᠭᠤᠯᠬᠤ 《ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ》 ᠮᠥᠨ᠃
《ᠶᠡᠷᠦᠩᠬᠡᠢ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠂ ᠰᠤᠷᠭ᠋ᠠᠨ ᠬᠥᠮᠦᠵᠢᠯ᠎ᠤᠨ ᠶᠠᠮᠤᠨ ᠭᠣᠣᠯᠳᠠᠯᠭ᠎ᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠵᠠᠩᠭᠢᠯᠠᠭ᠎ᠠ᠎ᠳᠤ ᠬᠦᠴᠦ᠎ᠪᠠᠨ ᠲᠥᠪᠯᠡᠷᠡᠭᠦᠯᠦᠨ᠂ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠬᠠᠮᠢᠶ᠎ᠠ ᠪᠦᠬᠦᠢ ᠶᠠᠮᠤᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠤ ᠡᠯ᠎ᠡ ᠵᠤᠷᠭ᠋ᠠᠨ ᠲᠣᠪᠴᠢᠶ᠎ᠠ᠂ ᠣᠷᠣᠨ ᠨᠤᠲᠤᠭ ᠪᠠ ᠶᠡᠬᠡ ᠳᠡᠭᠡᠳᠦ ᠰᠤᠷᠭ᠋ᠠᠭᠤᠯᠢ ᠵᠡᠷᠭᠡ 4 ᠢᠵᠢ ᠠᠵᠢᠯ᠎ᠤᠨ ᠨᠠᠷᠢᠨ ᠳᠠᠩᠰᠠ ᠵᠢ ᠲᠣᠭᠲᠠᠭ᠋ᠠᠨ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ ᠲᠣᠬᠢᠷᠠᠭᠤᠯᠤᠨ᠂ ᠲᠥᠯᠦᠪᠯᠡᠭᠡ᠂ ᠬᠠᠷᠠᠯᠲᠠ᠂ ᠠᠬᠢᠴᠠ ᠪᠣᠯᠤᠨ ᠱᠠᠭ᠋ᠠᠷᠳᠠᠯᠭ᠎ᠠ ᠶᠣᠰᠤ᠎ᠪᠠᠷ ᠬᠡᠷᠡᠭᠵᠢᠭᠦᠯᠪᠡ᠃
ᠡᠭᠦᠨ᠎ᠤ ᠬᠠᠮᠲᠤ᠂ 31 ᠮᠤᠵᠢ ᠣᠷᠣᠨ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠪᠦᠬᠦᠨ ᠵᠶ᠋ᠠᠷ ᠵᠶ᠋ᠠᠨ ᠠᠵᠢᠯ᠎ᠤᠨ ᠨᠠᠷᠢᠨ ᠳᠠᠩᠰᠠ ᠵᠢ ᠳᠠᠷᠤᠮᠠᠯᠯᠠᠨ ᠲᠠᠷᠬᠠᠭ᠋ᠠᠵᠤ᠂ ᠲᠥᠪ᠎ᠤᠨ ᠥᠭᠡᠷᠡᠴᠢᠯᠡᠯᠲᠡ ᠵᠢᠨ 《ᠵᠢᠷᠤᠭ ᠲᠥᠯᠥᠪᠯᠡᠭᠡ》 ᠵᠢ ᠲᠤᠰ ᠭᠠᠵᠠᠷ᠎ᠤᠨ 《ᠪᠠᠷᠢᠯᠭ᠎ᠠ ᠵᠢᠨ ᠵᠢᠷᠤᠭ》 ᠪᠣᠯᠭ᠋ᠠᠨ ᠬᠤᠪᠢᠷᠠᠭᠤᠯᠪᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠳᠣᠭᠲᠠᠯᠴᠠᠭ᠎ᠠ ᠵᠢ ᠲᠡᠭᠦᠯᠳᠡᠷᠵᠢᠭᠦᠯᠬᠦ ᠲᠤᠬᠠᠢ ᠰᠢᠨ᠎ᠡ ᠱᠠᠭ᠋ᠠᠷᠳᠠᠯᠭ᠎ᠠ ᠳᠤᠷᠠᠳᠴᠤ᠂ ᠰᠤᠷᠭ᠋ᠠᠨ ᠬᠥᠮᠦᠵᠢᠯ᠎ᠤᠨ ᠶᠠᠮᠤᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠠᠬᠢᠭᠤᠯᠬᠤ ᠵᠦᠢ᠍ᠯ᠎ᠢ ᠴᠠᠭ ᠲᠤᠬᠠᠢᠳᠤᠨᠢ ᠰᠤᠳᠤᠯᠤᠨ ᠲᠣᠭᠲᠠᠭ᠋ᠠᠪᠠ᠃
《〈ᠲᠠᠪᠤ ᠵᠢ ᠬᠥᠭᠡᠭᠡᠴᠡᠯᠳᠦᠬᠦ〉 ᠵᠢ ᠠᠷᠢᠯᠭ᠋ᠠᠭᠰᠠᠨ᠎ᠤ ᠳᠠᠷᠠᠭ᠎ᠠ᠂ ᠬᠥᠮᠦᠨ ᠨᠡᠢ᠌ᠭᠡᠮ᠎ᠤᠨ ᠰᠢᠨᠵᠢᠯᠡᠭᠡᠨ᠎ᠤ ᠰᠠᠯᠠᠭ᠎ᠠ ᠶᠠᠭ᠋ᠠᠬᠢᠵᠤ ᠨᠡᠩ ᠰᠢᠨᠵᠢᠯᠡᠬᠦ ᠤᠬᠠᠭ᠋ᠠᠨᠴᠢ᠂ ᠨᠡᠩ ᠰᠠᠶ᠋ᠢᠨ ᠰᠠᠶ᠋ᠢᠬᠠᠨ ᠰᠢᠨ᠎ᠡ ᠬᠡᠯᠪᠡᠷᠢ ᠵᠢᠨ ᠦᠨᠡᠯᠡᠯᠲᠡ ᠵᠢᠨ ᠵᠠᠭᠪᠤᠷ᠎ᠢ ᠲᠦᠷᠭᠡᠨ ᠪᠠᠢ᠌ᠭᠤᠯᠤᠭᠰᠠᠨ ᠪᠤᠢ?》᠂ 《ᠲᠣᠭ᠋ᠠᠵᠢᠭᠤᠯᠤᠭᠰᠠᠨ ᠴᠠᠭ ᠦᠶ᠎ᠡ ᠵᠢᠨ ᠣᠨᠴᠠᠯᠢᠭᠲᠤ ᠨᠡᠶ᠋ᠢᠴᠡᠭᠰᠡᠨ᠂ ᠣᠶᠤᠨᠴᠢ ᠰᠤᠷᠭ᠋ᠠᠨ ᠬᠥᠮᠦᠵᠢᠯ᠎ᠤᠨ ᠬᠥᠭᠵᠢᠯᠲᠡ᠎ᠳᠤ ᠵᠣᠬᠢᠴᠠᠭᠰᠠᠨ ᠰᠢᠨ᠎ᠡ ᠬᠡᠯᠪᠡᠷᠢ ᠵᠢᠨ ᠦᠨᠡᠯᠡᠯᠲᠡ ᠵᠢᠨ ᠵᠠᠭᠪᠤᠷ ᠪᠠ ᠦᠨᠡᠯᠡᠯᠲᠡ ᠵᠢᠨ ᠳᠣᠭᠲᠠᠯᠴᠠᠭ᠎ᠠ ᠵᠢ ᠶᠠᠭ᠋ᠠᠬᠢᠵᠤ ᠪᠠᠢ᠌ᠭᠤᠯᠤᠭᠰᠠᠨ ᠪᠤᠢ?》᠂ 《ᠶᠡᠷᠦᠩᠬᠡᠢ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠲᠣᠭᠣᠷᠢᠨ᠎ᠳᠤ ᠰᠤᠳᠤᠯᠭ᠋ᠠᠨ᠎ᠤ ᠪᠠᠶ᠋ᠢᠭᠤᠯᠤᠮᠵᠢ᠂ ᠰᠤᠳᠤᠯᠭ᠋ᠠᠨ᠎ᠤ ᠦᠷ᠎ᠡ ᠪᠦᠲᠦᠭᠡᠯ᠂ ᠡᠷᠳᠡᠮ ᠰᠢᠨᠵᠢᠯᠡᠭᠡᠨ᠎ᠤ ᠶᠠᠷᠢᠶᠠᠨ᠎ᠤ ᠲᠠᠪᠴᠠᠩ ᠲᠠᠰᠤᠷᠠᠯᠲᠠ ᠥᠬᠡᠶ ᠴᠣᠯᠭᠣᠷᠠᠨ ᠭᠠᠷᠴᠤ᠂ ᠣᠨᠣᠯ᠎ᠤᠨ ᠰᠤᠳᠤᠯᠭ᠋ᠠᠨ᠎ᠤ ᠳᠠᠪᠬᠤᠷᠭ᠎ᠠ᠎ᠳᠤ 《ᠲᠠᠪᠤ ᠵᠢ ᠬᠥᠭᠡᠭᠡᠴᠡᠯᠳᠦᠬᠦ》 ᠵᠢ ᠠᠷᠢᠯᠭ᠋ᠠᠬᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ ᠵᠢ ᠠᠬᠢᠭᠤᠯᠪᠠ᠃
《ᠪᠦᠬᠦ ᠨᠡᠶ᠋ᠢᠭᠡᠮ ᠵᠶ᠋ᠠᠷ ᠵᠶ᠋ᠠᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠠᠬᠢᠭᠤᠯᠬᠤ᠎ᠳᠤ ᠨᠡᠶ᠋ᠢᠳᠡᠮ᠎ᠤᠨ ᠬᠠᠮᠲᠤ ᠵᠢᠨ ᠲᠠᠨᠢᠯᠲᠠ᠎ᠲᠠᠢ ᠪᠣᠯᠵᠤ᠂ ᠡᠯ᠎ᠡ ᠲᠠᠯ᠎ᠠ ᠵᠢᠨ᠎ᠬᠢᠨ ᠶᠡᠬᠡ᠎ᠪᠠᠷ ᠴᠢᠬᠤᠯᠠᠴᠢᠯᠠᠨ᠂ ᠡᠷᠴᠢᠮᠲᠡᠢ ᠠᠬᠢᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ 〈ᠲᠠᠪᠤ ᠵᠢ ᠬᠥᠭᠡᠭᠡᠴᠡᠯᠳᠦᠬᠦ〉 ᠵᠢ ᠠᠷᠢᠯᠭ᠋ᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠪᠠ》 ᠭᠡᠵᠦ ᠰᠤᠷᠭ᠋ᠠᠨ ᠬᠥᠮᠥᠵᠢᠯ᠎ᠤᠨ ᠶᠠᠮᠤᠨ ᠤ ᠬᠠᠮᠢᠶ᠎ᠠ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ ᠬᠡᠯᠡᠪᠡ᠃
ᠤᠯᠤᠰ᠎ᠤᠨ ᠳᠡᠰ᠎ᠤᠨ ᠢᠵᠢ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠪᠡ
《ᠥᠭᠦᠯᠡᠯ ᠦᠭᠡᠢ ᠴᠦ᠍ ᠫᠷᠣᠹᠧᠰᠰᠣᠷ ᠪᠣᠯᠵᠤ ᠪᠣᠯᠤᠨ᠎ᠠ》᠂ ᠨᠠᠨᠵᠢᠩ ᠣᠢ ᠰᠢᠭᠤᠢ ᠵᠢᠨ ᠶᠡᠬᠡ ᠰᠤᠷᠭ᠋ᠠᠭᠤᠯᠢ ᠵᠢᠨ ᠪᠠᠭᠰᠢ ᠵᠢᠶᠠᠩ ᠬᠤᠸᠠ ᠰᠥᠩ 《ᠵᠢᠭ᠋ᠠᠬᠤ᠎ᠨᠢ ᠰᠠᠢ᠌ᠨ ᠪᠠᠭᠰᠢ》᠎ᠪᠠᠷ ᠲᠤᠰ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠳᠤᠰᠬᠠᠢ ᠮᠡᠷᠭᠡᠵᠢᠯ᠎ᠤᠨ ᠬᠡᠯᠪᠡᠷᠢ ᠵᠢᠨ ᠫᠷᠣᠹᠧᠰᠰᠣᠷ ᠪᠣᠯᠤᠭᠰᠠᠨ᠎ᠤ ᠳᠠᠷᠠᠭ᠎ᠠ ᠬᠠᠮᠤᠭ᠎ᠤᠨ ᠠᠩᠬᠠᠨ᠎ᠤ ᠫᠷᠣᠹᠧᠰᠰᠣᠷ ᠪᠣᠯᠵᠤ ᠳᠡᠪᠰᠢᠭᠰᠡᠨ ᠬᠥᠮᠦᠨ ᠶᠤᠮ᠃ ᠡᠭᠦᠨ᠎ᠠᠴᠠ ᠡᠮᠦᠨ᠎ᠡ 《ᠥᠭᠦᠯᠡᠯ᠎ᠢ ᠯᠡ ᠬᠥᠭᠡᠭᠡᠴᠡᠯᠳᠦᠬᠦ》 ᠳᠣᠬᠢᠭᠤᠷ᠎ᠤᠨ ᠨᠥᠯᠦᠭᠡ᠎ᠪᠠᠷ ᠵᠢᠶᠠᠩ ᠬᠤᠸᠠ ᠰᠦᠩ ᠳᠡᠳ᠋ ᠫᠷᠣᠹᠧᠰᠰᠣᠷ᠎ᠤᠨ ᠪᠠᠢ᠌ᠷᠢᠨ᠎ᠳᠤ 12 ᠵᠢᠯ ᠡᠷᠭᠢᠴᠡᠭᠰᠡᠨ ᠪᠣᠯᠪᠠᠴᠤ ᠲᠡᠭᠦᠨ᠎ᠤ ᠵᠢᠭ᠋ᠠᠨ ᠰᠤᠷᠭ᠋ᠠᠯᠲᠠ ᠵᠢᠨ ᠦᠷ᠎ᠡ ᠪᠥᠲᠦᠮᠵᠢ ᠵᠢ ᠣᠯᠠᠨ ᠲᠥᠮᠡᠨ ᠣᠯᠵᠤ ᠬᠠᠷᠠᠭᠰᠠᠨ ᠪᠠᠶ᠋ᠢᠵᠠᠢ᠃
ᠳᠡᠳ᠋ ᠫᠷᠣᠹᠧᠰᠰᠣᠷ᠎ᠠᠴᠠ ᠫᠷᠣᠹᠧᠰᠰᠣᠷ ᠪᠣᠯᠲᠠᠯᠠᠬᠢ᠂ ᠵᠢᠶᠠᠩ ᠬᠤᠸᠠ ᠰᠦᠩ᠎ᠤᠨ ᠬᠢᠷᠢ ᠭᠡᠮ᠎ᠤᠨ ᠬᠤᠪᠢᠷᠠᠯᠲᠠ ᠵᠢᠨ ᠠᠷᠤ᠎ᠳᠤ ᠨᠠᠨᠵᠢᠩ ᠣᠢ ᠰᠢᠭᠤᠢ ᠵᠢᠨ ᠶᠡᠬᠡ ᠰᠤᠷᠭ᠋ᠠᠭᠤᠯᠢ ᠵᠢᠨ ᠳᠤᠰᠢᠶᠠᠯ᠎ᠤᠨ ᠴᠣᠯᠠ ᠵᠢ ᠳᠣᠭᠲᠠᠭ᠋ᠠᠵᠤ ᠤᠷᠢᠬᠤ ᠳᠦᠷᠢᠮ᠎ᠤᠨ ᠥᠭᠡᠷᠡᠴᠢᠯᠡᠯᠲᠡ ᠪᠣᠢ᠃ ᠲᠤᠰ ᠰᠤᠷᠭ᠋ᠠᠭᠤᠯᠢ ᠵᠢᠭ᠋ᠠᠨ ᠰᠤᠷᠭ᠋ᠠᠯᠲᠠ ᠵᠢᠨ ᠲᠤᠰᠬᠠᠢ ᠮᠡᠷᠭᠡᠵᠢᠯ᠎ᠤᠨ ᠬᠡᠯᠪᠡᠷᠢ ᠵᠢᠨ ᠫᠷᠤᠹᠧᠰᠰᠤᠷ᠎ᠢ ᠨᠡᠮᠡᠨ ᠪᠠᠶ᠋ᠢᠭᠤᠯᠵᠤ᠂ ᠥᠩᠭᠡᠷᠡᠭᠰᠡᠨ᠎ᠤ ᠳᠤᠰᠢᠶᠠᠯ᠎ᠤᠨ ᠴᠣᠯᠠ ᠲᠣᠭᠲᠠᠭ᠋ᠠᠵᠤ ᠤᠷᠢᠬᠤ᠎ᠳᠤ ᠵᠥᠪᠬᠡᠨ ᠥᠭᠦᠯᠡᠯ᠂ ᠰᠣᠳᠤᠯᠭ᠋ᠠᠨ᠎ᠤ ᠵᠣᠬᠢᠶᠠᠯ᠎ᠢ ᠴᠢᠬᠤᠯᠠᠴᠢᠯᠠᠬᠤ ᠤᠯᠠᠮᠵᠢᠯᠠᠯᠲᠤ ᠠᠷᠭ᠎ᠠ ᠪᠠᠷᠢᠯ᠎ᠢ ᠠᠷᠢᠯᠭ᠋ᠠᠵᠤ᠂ ᠪᠢᠴᠢᠭ ᠵᠢᠭ᠋ᠠᠵᠤ ᠬᠥᠮᠦᠨ ᠬᠥᠮᠦᠵᠢᠭᠦᠯᠦᠭᠰᠡᠨ ᠪᠣᠳᠠᠲᠤ ᠠᠮᠵᠢᠯᠲᠠ ᠪᠦᠲᠦᠮᠵᠢ ᠪᠠ ᠬᠤᠪᠢ ᠨᠡᠮᠡᠷᠢ᠎ᠪᠠᠷ ᠪᠠᠭᠰᠢ ᠵᠢ ᠦᠨᠡᠯᠡᠬᠦ ᠵᠢ ᠨᠠᠩ ᠴᠢᠬᠤᠯᠠᠴᠢᠯᠠᠵᠠᠢ᠃
2020 ᠣᠨ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ 《ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠳᠤᠰᠢᠶᠠᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠵᠢᠯᠣᠭᠣᠳᠬᠤ ᠰᠠᠨᠠᠯ》᠎ᠢ ᠨᠡᠶ᠋ᠢᠲᠡᠯᠡᠵᠦ᠂ 《ᠶᠡᠷᠦᠩᠬᠡᠢ ᠲᠥᠰᠦᠯ》᠎ᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠳᠤ ᠣᠷᠣᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢ ᠦᠨᠡᠯᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠳᠣᠣᠷ᠎ᠠ᠂ ᠨᠠᠨᠵᠢᠩ ᠣᠢ ᠰᠢᠭᠤᠢ ᠵᠢᠨ ᠶᠡᠬᠡ ᠰᠤᠷᠭ᠋ᠠᠭᠤᠯᠢ᠎ᠲᠠᠢ ᠠᠳᠠᠯᠢ ᠵᠥᠪᠬᠡᠨ ᠥᠭᠦᠯᠡᠯ ᠵᠶ᠋ᠠᠷ ᠳᠤᠰᠢᠶᠠᠯ᠎ᠤᠨ ᠴᠣᠯᠠ ᠵᠢ ᠦᠨᠡᠯᠡᠬᠦ ᠦᠭᠡᠢ ᠶᠡᠬᠡ ᠳᠡᠭᠡᠳᠦ ᠰᠤᠷᠭ᠋ᠠᠭᠤᠯᠢ ᠶᠠᠪᠤᠬᠤ ᠲᠤᠲᠤᠮ ᠣᠯᠠᠰᠢᠷᠠᠨ᠂ ᠤᠷᠲᠤ ᠬᠤᠭᠤᠴᠠᠭ᠋ᠠᠨ᠎ᠤ ᠲᠤᠷᠰᠢᠬᠢ 《ᠦᠨᠡᠮᠯᠡᠯ᠎ᠢ ᠯᠡ ᠬᠥᠭᠡᠭᠡᠴᠡᠯᠳᠦᠬᠦ》᠂ 《ᠥᠭᠦᠯᠡᠯ᠎ᠢ ᠯᠡ ᠬᠥᠭᠡᠭᠡᠴᠡᠯᠳᠦᠬᠦ》 ᠵᠡᠷᠭᠡ ᠦᠨᠡᠯᠡᠬᠦ ᠤᠳᠤᠷᠢᠳᠤᠮᠵᠢ ᠵᠢ ᠠᠯᠬᠤᠮ ᠠᠯᠬᠤᠮ ᠵᠶ᠋ᠠᠷ ᠠᠷᠢᠯᠭ᠋ᠠᠪᠠ᠃
《ᠶᠡᠷᠦᠩᠬᠡᠢ ᠲᠥᠰᠦᠯ》᠎ᠳᠤ 22 ᠵᠤᠷᠪᠤᠰ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠳᠤᠷᠠᠳᠴᠤ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ 《ᠳᠥᠷᠪᠡᠨ ᠨᠢᠷᠤᠭᠤ ᠨᠠᠢ᠍ᠮᠠᠨ ᠲᠤᠯᠭ᠋ᠠᠭᠤᠷᠢ》 ᠵᠢ ᠪᠠᠶ᠋ᠢᠭᠤᠯᠪᠠ᠃ 3 ᠵᠢᠯ᠎ᠤᠨ ᠲᠤᠷᠰᠢ᠂ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠢ ᠨᠠᠷᠢᠨ ᠨᠢᠭᠲᠠ ᠳᠠᠷᠤᠮᠠᠯᠯᠠᠨ ᠲᠠᠷᠬᠠᠭ᠋ᠠᠵᠤ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ 《ᠡᠴᠦᠰ᠎ᠤᠨ ᠨᠢᠭᠡ ᠺᠢᠯᠤᠮᠧᠲᠷ》᠎ᠢ ᠨᠡᠪᠲᠡᠷᠡᠭᠦᠯᠬᠦ ᠵᠢ ᠠᠬᠢᠭᠤᠯᠪᠠ᠃
《ᠢᠷᠠᠭᠤ ᠠᠯᠳᠠᠷ᠎ᠢ ᠯᠠ ᠬᠥᠭᠡᠭᠡᠴᠡᠯᠳᠦᠬᠦ》 ᠬᠡᠯᠪᠡᠷᠢᠯ᠎ᠢ ᠬᠤᠪᠢᠷᠠᠭᠤᠯᠵᠤ᠂ ᠴᠢᠳᠠᠪᠤᠷᠢᠲᠠᠨ᠎ᠤ ᠴᠣᠯᠠ ᠵᠢ ᠡᠷᠳᠡᠮ ᠰᠢᠨᠵᠢᠯᠡᠭᠡᠨ᠎ᠤ ᠴᠢᠨᠠᠷ᠂ ᠢᠷᠠᠭᠤ ᠠᠯᠳᠠᠷᠲᠤ ᠴᠢᠨᠠᠷ᠎ᠲᠤ ᠪᠤᠴᠠᠭ᠋ᠠᠬᠤ ᠵᠢ ᠠᠬᠢᠭᠤᠯᠪᠠ
ᠰᠤᠷᠭ᠋ᠠᠨ ᠬᠥᠮᠦᠵᠢᠯ᠎ᠤᠨ ᠶᠠᠮᠤᠨ᠎ᠠᠴᠠ 《ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠤ ᠴᠣᠯᠠ ᠵᠢ ᠵᠥᠪ ᠲᠠᠨᠢᠵᠤ ᠵᠢᠷᠤᠮᠵᠢᠭᠤᠯᠤᠨ ᠬᠡᠷᠡᠭᠯᠡᠬᠦ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠠᠳᠠᠯᠢ ᠪᠤᠰᠤ ᠬᠠᠷᠠᠭ᠋ᠠᠰᠤ᠎ᠠᠴᠠ ᠴᠢᠳᠠᠪᠤᠷᠢᠲᠠᠨ᠎ᠤ ᠴᠣᠯᠠ ᠵᠢ 《ᠶᠠᠭ᠋ᠠᠬᠢᠵᠤ ᠦᠵᠡᠬᠦ》᠎ᠳᠤ ᠬᠠᠷᠢᠭᠤᠯᠲᠠ ᠥᠭᠴᠦ᠂ ᠦᠢ᠍ᠯᠡᠳᠦᠯᠭᠡ ᠵᠢᠨ ᠲᠠᠯ᠎ᠠ᠎ᠠᠴᠠ ᠴᠢᠳᠠᠪᠤᠷᠢᠲᠠᠨ᠎ᠤ ᠲᠥᠯᠥᠪᠯᠡᠭᠡ ᠵᠢᠨ ᠥᠭᠡᠷᠡᠴᠢᠯᠡᠯᠲᠡ᠂ ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠠᠮᠢᠶᠠᠷᠬᠤ᠂ ᠡᠯ᠎ᠡ ᠲᠥᠷᠥᠯ᠎ᠤᠨ ᠦᠨᠡᠯᠡᠨ ᠵᠢᠱ᠌ᠢᠵᠦ ᠬᠢᠨᠠᠨ ᠲᠣᠭᠲᠠᠭ᠋ᠠᠬᠤ 《ᠶᠠᠭ᠋ᠠᠬᠢᠬᠤ ᠪᠣᠢ》᠎ᠳᠤ ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠴᠠᠢ᠃
《SCI ᠦᠭᠦᠯᠡᠯᠢ ᠳᠡᠭᠡᠳᠦᠯᠡᠬᠦ》 ᠵᠢ ᠠᠷᠢᠯᠭ᠋ᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ ᠤᠭ᠎ᠤᠨ ᠪᠠᠢ᠌ᠳᠠᠯ᠎ᠳᠤ᠎ᠪᠠᠨ ᠪᠤᠴᠠᠬᠤ ᠵᠢ ᠠᠬᠢᠭᠤᠯᠵᠤ᠂ ᠡᠷᠳᠡᠮ ᠰᠢᠨᠵᠢᠯᠡᠭᠡᠨ᠎ᠤ ᠬᠡᠪ ᠰᠤᠷᠲᠠᠯ᠎ᠢ ᠴᠡᠪᠡᠷᠰᠢᠭᠦᠯᠪᠡ
ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠠᠴᠠ 《ᠳᠡᠭᠡᠳᠦ ᠰᠤᠷᠭ᠋ᠠᠭᠤᠯᠢ ᠵᠢᠨ SCI ᠥᠭᠦᠯᠡᠯ᠎ᠤᠨ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ ᠵᠢᠨ ᠬᠡᠷᠡᠭᠯᠡᠯᠲᠡ ᠵᠢ ᠵᠢᠷᠤᠮᠵᠢᠭᠤᠯᠵᠤ ᠵᠥᠪ ᠵᠶ᠋ᠠᠷ ᠦᠨᠡᠯᠡᠬᠦ ᠤᠳᠤᠷᠢᠳᠤᠮᠵᠢ ᠵᠢ ᠪᠣᠢ ᠪᠣᠯᠭ᠋ᠠᠬᠤ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠡᠷᠳᠡᠮ ᠰᠢᠨᠵᠢᠯᠡᠭᠡᠨ᠎ᠤ ᠬᠢᠷᠢ ᠲᠦᠪᠰᠢᠨ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠬᠦ᠎ᠲᠠᠢ ᠤᠶᠠᠯᠳᠤᠭᠤᠯᠤᠨ ᠲᠥᠷᠥᠯ ᠬᠤᠪᠢᠶᠠᠨ ᠦᠨᠡᠯᠡᠬᠦ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠬᠦ᠂ ᠡᠷᠳᠡᠮ ᠰᠢᠨᠵᠢᠯᠡᠭᠡᠨ᠎ᠤ ᠠᠵᠢᠯ ᠨᠢᠭᠡᠲᠡᠨ᠎ᠤ ᠦᠨᠡᠯᠡᠯᠲᠡ ᠵᠢ ᠲᠡᠭᠦᠯᠳᠡᠷᠵᠢᠭᠦᠯᠬᠦ᠂ ᠦᠨᠡᠯᠡᠵᠦ ᠬᠢᠨᠠᠨ ᠲᠣᠭᠲᠠᠭ᠋ᠠᠬᠤ ᠠᠵᠢᠯ᠎ᠢ ᠳᠦᠷᠢᠮᠵᠢᠭᠦᠯᠬᠦ ᠭᠤᠷᠪᠠᠨ ᠲᠠᠯ᠎ᠠ ᠵᠢᠨ ᠰᠠᠨᠠᠯ᠎ᠢ ᠳᠤᠷᠠᠳᠤᠭᠰᠠᠨ᠎ᠤ ᠬᠠᠮᠲᠤ ᠳᠡᠭᠡᠳᠦ ᠰᠤᠷᠭ᠋ᠠᠭᠤᠯᠢ ᠵᠢᠨ 5 ᠵᠦᠢ᠍ᠯ᠎ᠤᠨ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢ ᠵᠢᠷᠤᠮᠵᠢᠭᠤᠯᠵᠤ᠂ ᠳᠡᠭᠡᠳᠦ ᠰᠤᠷᠭ᠋ᠠᠭᠤᠯᠢ ᠵᠢᠨ SCI ᠥᠭᠦᠯᠡᠯ᠎ᠳᠤ ᠬᠣᠯᠪᠤᠭᠳᠠᠬᠤ ᠭᠦᠢ᠍ᠴᠡᠳᠬᠡᠯ ᠲᠣᠭ᠎ᠠ ᠵᠢᠨ ᠬᠡᠷᠡᠭᠯᠡᠯᠲᠡ ᠵᠢ ᠳᠤᠷᠠᠳᠪᠠ᠃
ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠦᠨᠡᠯᠡᠯᠲᠡ᠎ᠳᠠᠬᠢ 《ᠥᠭᠦᠯᠡᠯ᠎ᠢ ᠯᠡ ᠬᠥᠭᠡᠭᠡᠴᠡᠯᠳᠦᠬᠦ》 ᠮᠠᠭᠤ ᠤᠳᠤᠷᠢᠳᠤᠮᠵᠢ ᠵᠢ ᠠᠷᠢᠯᠭ᠋ᠠᠵᠤ᠂ ᠶᠡᠬᠡ ᠳᠡᠭᠡᠳᠦ ᠰᠤᠷᠭ᠋ᠠᠭᠤᠯᠢ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠢ ᠥᠳᠲᠡᠷ ᠲᠦᠷᠭᠡᠨ ᠪᠠᠶ᠋ᠢᠭᠤᠯᠬᠤ ᠵᠢ ᠠᠬᠢᠭᠤᠯᠪᠠ
ᠰᠤᠷᠭ᠋ᠠᠨ ᠬᠥᠮᠦᠵᠢᠯ᠎ᠤᠨ ᠶᠠᠮᠤᠨ 《ᠳᠡᠭᠡᠳᠦ ᠰᠤᠷᠭ᠋ᠠᠭᠤᠯᠢ ᠵᠢᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠦᠨᠡᠯᠡᠯᠲᠡ᠎ᠳᠠᠬᠢ 《ᠥᠭᠦᠯᠡᠯ᠎ᠢ ᠯᠡ ᠬᠥᠭᠡᠭᠡᠴᠡᠯᠳᠦᠬᠦ》 ᠮᠠᠭᠤ ᠤᠳᠤᠷᠢᠳᠤᠮᠵᠢ ᠵᠢ ᠠᠷᠢᠯᠭ᠋ᠠᠬᠤ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ 《ᠰᠡᠳᠬᠦᠯ᠂ ᠵᠡᠷᠭᠡ ᠳᠡᠰ᠂ ᠢᠷᠠᠭᠤ ᠠᠯᠳᠠᠷ᠂ ᠬᠢᠷᠢ ᠭᠡᠮ ᠵᠡᠷᠭᠡ ᠵᠶ᠋ᠠᠷ ᠥᠭᠦᠯᠡᠯ᠎ᠤᠨ ᠴᠢᠨᠠᠷ ᠴᠢᠨᠰᠠᠭ᠎ᠠ ᠵᠢ ᠳᠥᠭᠦᠮᠬᠡᠨ ᠮᠠᠭ᠋ᠠᠳᠯᠠᠵᠤ ᠪᠣᠯᠬᠤ ᠦᠭᠡᠢ》 ᠵᠡᠷᠭᠡ 10 《ᠪᠣᠯᠬᠤ ᠦᠭᠡᠢ》 ᠵᠢᠨ ᠬᠣᠷᠢᠭ᠎ᠠ ᠱᠤᠭᠤᠮ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠰᠢᠯᠢᠳᠡᠭ ᠰᠦᠯᠵᠢᠶᠡᠨ᠎ᠤ ᠰᠣᠶᠣᠯ᠎ᠤᠨ ᠦᠷ᠎ᠡ ᠪᠦᠲᠦᠭᠡᠯ᠂ ᠲᠥᠪ ᠪᠠ ᠣᠷᠣᠨ ᠨᠤᠲᠤᠭ᠎ᠤᠨ ᠭᠣᠣᠯ ᠵᠠᠭᠤᠴᠢᠯᠠᠭᠤᠷ᠎ᠲᠤ ᠨᠡᠶ᠋ᠢᠲᠡᠯᠡᠭᠰᠡᠨ ᠣᠨᠣᠯ᠎ᠤᠨ ᠵᠣᠬᠢᠶᠠᠯ ᠵᠢᠴᠢ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ ᠮᠡᠳᠡᠭᠦᠯᠦᠯᠲᠡ ᠵᠢ ᠦᠨᠡᠯᠡᠬᠦ ᠲᠣᠭᠲᠠᠴᠠ ᠵᠢ ᠪᠠᠶ᠋ᠢᠭᠤᠯᠬᠤ᠎ᠪᠠᠷ ᠳᠤᠷᠠᠳᠪᠠ᠃
《ᠬᠤᠪᠢ ᠵᠢ ᠯᠡ ᠬᠥᠭᠡᠭᠡᠴᠡᠯᠳᠦᠬᠦ ᠬᠡᠯᠪᠡᠷᠢᠯ᠎ᠢ ᠢᠯᠠᠨ ᠳᠠᠪᠠᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠪᠡ
《ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠦᠵᠢᠭᠦᠯᠬᠦ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ》᠂ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ》᠂ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ》᠂ 《ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ》᠎ᠢ ᠨᠡᠶ᠋ᠢᠲᠡᠯᠡᠬᠦ ᠵᠢ ᠳᠠᠭ᠋ᠠᠯᠳᠤᠨ᠂ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠪᠠᠷᠢᠮᠵᠢᠶ᠎ᠠ ᠵᠢ ᠶᠡᠷᠦᠩᠬᠡᠢ᠎ᠳᠤ᠎ᠪᠠᠨ ᠲᠡᠭᠦᠯᠳᠡᠷᠵᠢᠭᠦᠯᠪᠡ᠃
《ᠰᠤᠷᠭ᠋ᠠᠨ ᠬᠥᠮᠦᠵᠢᠯ᠎ᠤᠨ ᠶᠠᠮᠤᠨ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠵᠡᠭᠦᠨ ᠪᠠᠷᠠᠭᠤᠨ ᠣᠷᠣᠨ᠎ᠢ ᠵᠣᠯᠭ᠋ᠠᠭᠤᠯᠤᠨ᠂ ᠳᠡᠭᠡᠳᠦ ᠳᠣᠣᠷᠠᠳᠤ ᠱᠠᠲᠤ ᠵᠢ ᠨᠡᠪᠲᠡᠷᠡᠭᠦᠯᠦᠭᠰᠡᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠳᠦᠷᠢᠮ᠎ᠤᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢᠨ 〈ᠡᠴᠦᠰ᠎ᠤᠨ ᠨᠢᠭᠡ ᠺᠢᠯᠤᠮᠧᠲᠷ〉᠎ᠢ ᠦᠨᠡᠨ ᠬᠦ᠌ ᠨᠡᠪᠲᠡᠷᠡᠭᠦᠯᠪᠡ》 ᠭᠡᠵᠦ ᠰᠤᠷᠭ᠋ᠠᠨ ᠬᠥᠮᠥᠵᠢᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ ᠬᠡᠯᠡᠪᠡ᠃
ᠬᠡᠰᠡᠭ ᠬᠦᠷᠢᠶᠡᠨ᠎ᠤ ᠰᠤᠷᠭ᠋ᠠᠨ ᠬᠥᠮᠦᠵᠢᠯ᠎ᠤᠨ ᠨᠡᠷ᠎ᠡ ᠠᠰᠢᠭ᠎ᠢ ᠪᠣᠳᠣᠬᠤ ᠬᠡᠯᠪᠡᠷᠢᠯ ᠢ ᠪᠦᠲᠦᠮᠵᠢᠲᠡᠢ ᠬᠣᠷᠢᠭᠯᠠᠪᠠ
ᠥᠩᠭᠡᠷᠡᠭᠰᠡᠨ᠎ᠳᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠶ᠋ᠢᠲᠡᠯᠡᠬᠦ ᠦᠶ᠎ᠡ᠎ᠳᠤ᠂ 《ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ 〈ᠵᠤᠸᠠᠩ ᠶᠤᠸᠠᠨ〉》᠂ 《ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠪᠠᠶᠠᠷ᠎ᠤᠨ ᠮᠡᠳᠡᠭᠡ》 ᠵᠢ ᠤᠬᠠᠭᠤᠯᠬᠤ ᠠᠵᠢᠯᠯᠠᠭ᠎ᠠ ᠬᠥᠮᠦᠰ᠎ᠤᠨ ᠠᠩᠬᠠᠷᠤᠯ᠎ᠢ ᠲᠠᠲᠠᠵᠤ᠂ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠵᠣᠪᠠᠨᠢᠯ ᠪᠠ ᠰᠤᠷᠭ᠋ᠠᠨ ᠬᠥᠮᠦᠵᠢᠯ᠎ᠤᠨ ᠨᠡᠷ᠎ᠡ ᠠᠰᠢᠭ᠎ᠢ ᠪᠣᠳᠣᠬᠤ ᠬᠡᠯᠪᠡᠷᠢᠯ᠎ᠢ ᠨᠡᠮᠡᠭᠳᠡᠭᠦᠯᠦᠭᠰᠡᠨ ᠪᠠᠶ᠋ᠢᠨ᠎ᠠ᠃
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠪᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ 《ᠵᠤᠸᠠᠩ ᠶᠤᠸᠠᠨ》 ᠪᠠ ᠰᠤᠷᠭ᠋ᠠᠭᠤᠯᠢ ᠳᠡᠪᠰᠢᠬᠦ ᠨᠣᠷᠮ᠎ᠠ ᠵᠢ ᠨᠡᠶ᠋ᠢᠲᠡᠯᠡᠬᠦ᠂ ᠤᠬᠠᠭᠤᠯᠬᠤ ᠵᠢ ᠴᠢᠩᠭ᠎ᠠ ᠬᠣᠷᠢᠭᠯᠠᠪᠠ ᠁ 《ᠶᠡᠷᠦᠩᠬᠡᠢ ᠲᠥᠰᠦᠯ》᠎ᠤᠨ ᠲᠣᠭᠣᠷᠢᠨ᠎ᠳᠤ ᠳᠤᠷᠠᠳᠤᠭᠰᠠᠨ 《ᠠᠷᠪᠠᠨ ᠪᠣᠯᠬᠤ ᠦᠭᠡᠢ᠂ ᠨᠢᠭᠡ ᠵᠢ ᠴᠢᠩᠭ᠎ᠠ ᠬᠣᠷᠢᠭᠯᠠᠬᠤ》 ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢᠨ ᠲᠣᠭᠣᠷᠢᠨ᠎ᠳᠤ᠂ ᠰᠤᠷᠭ᠋ᠠᠨ ᠬᠥᠮᠦᠵᠢᠯ᠎ᠤᠨ ᠶᠠᠮᠤᠨ ᠪᠣᠯᠤᠨ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠲᠣᠭᠲᠠᠭ᠋ᠠᠯ᠎ᠠᠴᠠ ᠵᠥᠷᠢᠴᠡᠭᠰᠡᠨ ᠵᠦᠢ᠍ᠯ᠎ᠳᠤ ᠬᠢᠨᠠᠯᠲᠠ ᠲᠠᠯᠪᠢᠵᠤ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠵᠤ᠂ ᠲᠤᠰᠬᠠᠢ ᠨᠡᠢ᠌ᠲᠡᠯᠡᠨ ᠳᠠᠷᠤᠮᠠᠯᠯᠠᠨ ᠲᠠᠷᠬᠠᠭ᠋ᠠᠵᠤ᠂ ᠬᠦᠴᠦᠲᠡᠢ ᠰᠦᠷᠳᠡᠭᠦᠯᠦᠯ ᠦᠵᠡᠭᠦᠯᠪᠡ᠃
ᠪᠡᠭᠡᠵᠢᠩ᠂ ᠾᠧᠪᠧᠢ᠂ ᠥᠪᠥᠷ ᠮᠣᠩᠭᠣᠯ ᠵᠡᠷᠭᠡ ᠭᠠᠵᠠᠷ᠎ᠤᠨ᠎ᠬᠢᠨ 《ᠬᠤᠪᠢ ᠵᠢ ᠯᠡ ᠬᠥᠭᠡᠭᠡᠴᠡᠯᠳᠦᠬᠦ》᠂ 《ᠰᠤᠷᠭ᠋ᠠᠭᠤᠯᠢ ᠳᠡᠪᠰᠢᠬᠦ ᠵᠢ ᠯᠡ ᠬᠥᠭᠡᠭᠡᠴᠡᠯᠳᠦᠬᠦ》 ᠠᠰᠠᠭᠤᠳᠠᠯ᠎ᠢ ᠴᠢᠩᠭ᠎ᠠ ᠠᠩᠬᠠᠷᠴᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠪᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠴᠢᠬᠤᠯᠠ ᠵᠠᠩᠭᠢᠯᠠᠭ᠎ᠠ ᠵᠢᠨ ᠴᠡᠭ᠎ᠲᠤ ᠦᠨᠳᠦᠰᠦᠨ ᠱᠠᠲᠤᠨ᠎ᠤ ᠰᠤᠷᠭ᠋ᠠᠭᠤᠯᠢ ᠳᠡᠪᠰᠢᠬᠦ ᠨᠣᠷᠮ᠎ᠠ ᠵᠢ ᠥᠷᠥᠭᠡᠰᠦᠭᠡᠯ ᠵᠶ᠋ᠠᠷ ᠬᠥᠭᠡᠭᠡᠴᠡᠯᠳᠦᠬᠦ ᠬᠡᠯᠪᠡᠷᠢᠯ᠎ᠢ ᠵᠠᠯᠠᠷᠠᠭᠤᠯᠬᠤ᠎ᠪᠠᠷ ᠬᠥᠲᠥᠯᠥᠨ ᠵᠢᠯᠣᠭᠣᠳᠪᠠ᠃
ᠱᠠᠨᠳᠦ᠋ᠩ᠂ ᠨᠢᠩᠰᠢᠶᠠ ᠵᠡᠷᠭᠡ ᠭᠠᠵᠠᠷ ᠣᠷᠣᠨ᠎ᠳᠤ ᠢᠯᠡᠴᠢᠯᠡᠨ ᠵᠠᠭ᠋ᠠᠯᠳᠤᠬᠤ ᠤᠲᠠᠰᠤ᠂ ᠰᠢᠤᠳᠠᠨ ᠬᠠᠶ᠋ᠢᠷᠴᠠᠭ᠂ ᠰᠦᠯᠵᠢᠶᠡᠨ᠎ᠤ ᠲᠠᠪᠴᠠᠩ ᠵᠡᠷᠭᠡ ᠵᠢ ᠭᠠᠷᠭ᠋ᠠᠵᠤ᠂ ᠣᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠤᠪᠠ᠃
ᠰᠤᠷᠭ᠋ᠠᠨ ᠬᠥᠮᠦᠵᠢᠯ᠎ᠤᠨ ᠶᠠᠮᠤᠨ᠎ᠠᠴᠠ ᠨᠠᠶ᠋ᠢᠳᠠᠭᠰᠠᠨ ᠭᠤᠷᠪᠠᠳᠠᠬᠢ ᠡᠲᠡᠭᠡᠳ᠎ᠤᠨ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠠᠴᠠ ᠦᠵᠡᠪᠡᠯ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ 《ᠵᠤᠸᠠᠩ ᠶᠤᠸᠠᠨ》᠎ᠢ ᠶᠡᠬᠡ᠎ᠪᠠᠷ ᠤᠬᠠᠭᠤᠯᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠵᠦᠢ᠍ᠯ ᠢᠯᠡᠳᠲᠡ ᠪᠠᠭ᠋ᠠᠰᠪᠠ᠃
《ᠶᠡᠷᠦᠩᠬᠡᠢ ᠲᠥᠰᠦᠯ》᠎ᠤᠨ ᠥᠭᠡᠷᠡᠴᠢᠯᠡᠯᠲᠡ ᠵᠢ ᠬᠥᠲᠥᠯᠥᠨ ᠳᠠᠭ᠋ᠠᠭᠤᠯᠬᠤ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠶᠤᠮ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠦᠢ᠍ᠯᠡᠳᠦᠯᠭᠡ ᠵᠢᠨ ᠶᠠᠪᠤᠴᠠ᠎ᠳᠤ ᠠᠯᠢ ᠣᠯᠠᠨ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠪᠠᠷᠢᠯ ᠴᠣᠯᠭᠣᠷᠠᠨ ᠭᠠᠷᠪᠠ᠃ ᠣᠯᠠᠨ᠎ᠤ ᠠᠩᠬᠠᠷᠤᠯ᠎ᠢ ᠲᠠᠲᠠᠭᠰᠠᠨ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢ ᠦᠨᠡᠯᠡᠬᠦ᠎ᠪᠠᠷ ᠵᠢᠱ᠌ᠢᠶᠡᠯᠡᠶᠡ —
ᠱᠧᠨᠵᠧᠨ ᠶᠡᠬᠡ ᠰᠤᠷᠭ᠋ᠠᠭᠤᠯᠢ᠂ ᠡᠮᠦᠨᠡᠲᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠡᠷᠭᠡ ᠣᠯᠠᠨ ᠶᠡᠬᠡ ᠳᠡᠭᠡᠳᠦ ᠰᠤᠷᠭ᠋ᠠᠭᠤᠯᠢ ᠳᠣᠲᠣᠭ᠋ᠠᠳᠤ ᠵᠢᠨ 《ᠳᠣᠬᠢᠭᠤᠷ》 ᠵᠶ᠋ᠠᠨ ᠬᠤᠪᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠲᠣᠭᠲᠠᠴᠠ ᠴᠥᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠵᠢ ᠨᠡᠩ ᠴᠢᠬᠤᠯᠠᠴᠢᠯᠠᠵᠤ᠂ ᠬᠠᠷᠢᠨ ᠲᠥᠷᠥᠯ ᠵᠦᠢ᠍ᠯ᠎ᠤᠨ ᠵᠠᠷᠤᠳᠠᠯ ᠬᠡᠳᠦᠢ ᠣᠯᠣᠭᠰᠠᠨ ᠪᠤᠶᠤ ᠥᠭᠦᠯᠡᠯ ᠬᠡᠳᠦᠢ ᠨᠡᠢ᠌ᠲᠡᠯᠡᠭᠰᠡᠨᠢ ᠦᠵᠡᠬᠦ ᠪᠢᠰᠢ ᠪᠣᠯᠵᠠᠢ᠂ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠠᠵᠢᠯᠲᠠᠳ᠎ᠢ ᠵᠣᠷᠢᠭᠵᠢᠭᠤᠯᠤᠨ ᠵᠢᠯᠣᠭᠣᠳᠴᠤ ᠵᠠᠩᠭᠢᠯᠠᠭ᠎ᠠ ᠵᠢᠨ ᠬᠦᠷᠢᠶ᠎ᠡ᠂ 《ᠪᠣᠭᠣᠮᠢ》 ᠵᠢᠨ ᠠᠰᠠᠭᠤᠳᠠᠯ᠎ᠳᠤ ᠶᠡᠬᠡ ᠬᠦᠴᠦ ᠣᠷᠣᠭᠤᠯᠵᠠᠢ᠃
《ᠱᠧᠨᠵᠧᠨ ᠶᠡᠬᠡ ᠰᠤᠷᠭ᠋ᠠᠭᠤᠯᠢ᠎ᠳᠤ᠂ ᠪᠢ ᠥᠭᠦᠯᠡᠯ ᠵᠶ᠋ᠠᠷ ᠬᠢᠨᠠᠨ ᠳᠣᠭᠲᠠᠭ᠋ᠠᠬᠤ ᠶᠡᠬᠡ ᠳᠠᠷᠤᠯᠲᠠ ᠵᠢ ᠥᠩᠭᠡᠷᠡᠭᠦᠯᠦᠭᠰᠡᠨ ᠦᠭᠡᠢ᠃ ᠰᠠᠢ᠌ᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠂ ᠠᠵᠤ ᠦᠢ᠍ᠯᠡᠰ᠎ᠤᠨ ᠤᠯᠠᠷᠢᠭᠤᠯᠤᠯᠲᠠ ᠵᠢᠨ ᠦᠷ᠎ᠡ ᠪᠦᠲᠦᠭᠡᠯ ᠵᠡᠷᠭᠡ ᠵᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠪᠣᠯᠭ᠋ᠠᠵᠤ ᠪᠣᠯᠤᠨ᠎ᠠ᠂ ᠡᠢ᠌ᠮᠦ᠎ᠠᠴᠠ ᠪᠢᠳᠡ ᠰᠡᠳᠬᠢᠯ ᠲᠠᠢ᠌ᠪᠤᠭᠤᠨ ᠵᠶ᠋ᠠᠷ ᠡᠷᠳᠡᠮ ᠰᠢᠨᠵᠢᠯᠡᠭᠡᠨ᠎ᠢ ᠶᠠᠪᠤᠭᠳᠠᠭᠤᠯᠪᠠ》 ᠱᠧᠨᠵᠧᠨ ᠶᠡᠬᠡ ᠰᠤᠷᠭ᠋ᠠᠭᠤᠯᠢ ᠵᠢᠨ ᠫᠷᠣᠹᠧᠰᠰᠣᠷ ᠰᠦ᠍ ᠴᠧᠨ ᠯᠢᠶᠠᠩ ᠤᠷᠲᠤ ᠬᠤᠭᠤᠴᠠᠭ᠎ᠠ᠎ᠪᠠᠷ ᠪᠠᠶ᠋ᠢᠯᠳᠤᠬᠤ ᠪᠣᠳᠤᠯᠭ᠎ᠠ ᠵᠢᠨ ᠬᠦᠨᠲᠦ ᠤᠰᠤᠲᠥ᠋ᠷᠥᠭᠴᠢ ᠵᠢᠨ ᠡᠬᠢ ᠪᠠᠶᠠᠯᠢᠭ᠎ᠤᠨ ᠮᠣᠯᠧᠺᠦ᠋ᠯᠢ ᠲᠦᠷᠭᠡᠳᠭᠡᠵᠦ ᠬᠤᠪᠢᠷᠠᠭᠤᠯᠬᠤ ᠰᠤᠳᠤᠯᠭ᠋ᠠᠨ ᠬᠢᠬᠦ᠎ᠳᠤ ᠬᠦᠴᠦ ᠲᠠᠯᠪᠢᠵᠤ᠂ ᠲᠡᠭᠦᠨ᠎ᠤ ᠪᠥᠯᠬᠦᠮ ᠳᠠᠭ᠋ᠠᠭᠤᠯᠤᠨ ᠠᠩᠬ᠎ᠠ ᠳᠤᠷᠠᠳᠤᠭᠰᠠᠨ ᠡᠨᠧᠷᠭᠢ᠎ᠪᠠᠷ ᠬᠥᠳᠡᠯᠭᠡᠭᠦᠷ ᠪᠣᠯᠭ᠋ᠠᠨ ᠬᠦᠨᠳᠦ ᠤᠰᠤᠲᠥ᠋ᠷᠥᠭᠴᠢ᠎ᠪᠠᠷ ᠣᠷᠣᠯᠠᠭᠤᠯᠬᠤ ᠰᠢᠨ᠎ᠡ ᠮᠡᠷᠭᠡᠵᠢᠯ᠎ᠨᠢ ᠬᠦᠨᠳᠦ ᠤᠰᠤᠲᠥ᠋ᠷᠥᠭᠴᠢ᠎ᠪᠠᠷ ᠣᠷᠣᠯᠠᠭᠤᠯᠤᠭᠰᠠᠨ ᠡᠮ᠎ᠢ ᠦᠢ᠍ᠯᠡᠳᠬᠦ ᠬᠠᠮᠤᠭ᠎ᠤᠨ ᠢᠷᠡᠭᠡᠳᠦᠢ᠎ᠲᠠᠢ ᠠᠷᠭ᠎ᠠ ᠭᠡᠵᠦ ᠮᠡᠳᠡᠷᠡᠭᠳᠡᠨ ᠡᠭᠦᠨ ᠵᠶ᠋ᠡᠷ ᠬᠣᠣᠷᠲᠤ ᠬᠠᠪᠤᠳᠠᠷ᠎ᠢ ᠡᠰᠡᠷᠭᠦᠴᠡᠬᠦ ᠵᠡᠷᠭᠡ ᠣᠯᠠᠨ ᠵᠦᠢ᠍ᠯ᠎ᠤᠨ ᠬᠦᠨᠳᠦ ᠤᠰᠤᠲᠥ᠋ᠷᠥᠭᠴᠢ᠎ᠪᠠᠷ ᠣᠷᠣᠯᠠᠭᠤᠯᠤᠭᠰᠠᠠᠨ ᠡᠮ᠎ᠢ ᠰᠤᠳᠤᠯᠤᠨ ᠦᠢ᠍ᠯᠡᠳᠦᠭᠰᠡᠨ ᠪᠠᠶ᠋ᠢᠨ᠎ᠠ᠃
ᠲᠥᠷᠥᠯ ᠬᠤᠪᠢᠶᠠᠨ ᠦᠨᠡᠯᠡᠬᠦ᠂ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ ᠦᠨᠡᠯᠡᠬᠦ᠂ ᠠᠵᠢᠯ ᠨᠢᠭᠡᠲᠡᠢ ᠲᠤᠰᠬᠠᠢ ᠮᠡᠷᠭᠡᠵᠢᠯᠲᠡᠨ ᠦᠨᠡᠯᠡᠬᠦ᠎ᠨᠢ ᠳᠡᠭᠡᠳᠦ ᠰᠤᠷᠭ᠋ᠠᠭᠤᠯᠢ ᠵᠢᠨ ᠪᠠᠭᠰᠢ ᠨᠠᠷ᠎ᠤᠨ ᠳᠤᠰᠢᠶᠠᠯ᠎ᠤᠨ ᠴᠣᠯᠠ ᠵᠢ ᠬᠢᠨᠠᠨ ᠲᠣᠭᠲᠠᠭ᠋ᠠᠬᠤ ᠪᠠ ᠡᠷᠳᠡᠮ ᠰᠢᠨᠵᠢᠯᠡᠭᠡᠨ ᠤ ᠦᠨᠡᠯᠡᠯᠲᠡ ᠬᠢᠬᠦ ᠠᠷᠭ᠎ᠠ ᠪᠣᠯᠪᠠ᠃
ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠎ᠨᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ᠂ ᠢᠨᠵᠧᠨᠧᠷᠢᠩ᠂ ᠮᠡᠷᠭᠡᠵᠢᠯ᠎ᠢ ᠰᠢᠯᠵᠢᠭᠦᠯᠬᠦ ᠵᠡᠷᠭᠡ 19 ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠰᠢᠷᠢᠰᠢ ᠪᠠᠶ᠋ᠢᠭᠤᠯᠵᠤ᠂ ᠪᠠᠭᠰᠢ ᠨᠠᠷ᠎ᠢ ᠲᠥᠷᠥᠯ ᠬᠤᠪᠢᠶᠠᠨ ᠦᠨᠡᠯᠡᠬᠦ᠎ᠪᠠᠷ ᠴᠢᠳᠠᠪᠤᠷᠢ ᠵᠢ ᠪᠥᠷᠢᠨ ᠪᠠᠳᠠᠷᠠᠭᠤᠯᠬᠤ ᠥᠩ ᠰᠢᠮᠡᠯᠢᠭ ᠬᠥᠷᠥᠰᠥ ᠵᠢ ᠪᠣᠢ ᠪᠣᠯᠭ᠋ᠠᠪᠠ᠃
ᠰᠧᠴᠤᠸᠠᠨ ᠶᠡᠬᠡ ᠰᠤᠷᠭ᠋ᠠᠭᠤᠯᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ ᠵᠡᠷᠭᠡ᠎ᠪᠠᠷ ᠦᠨᠡᠯᠡᠬᠦ ᠳᠤᠰᠬᠠᠢ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠵᠤ᠂ ᠡᠷᠬᠡ ᠰᠦᠷᠲᠦ᠂ ᠡᠷᠬᠡ ᠲᠡᠭᠰᠢ᠂ ᠲᠥᠪ ᠭᠣᠣᠯᠴᠢ ᠠᠵᠢᠯ ᠨᠢᠭᠡᠲᠡᠳ᠎ᠤᠨ ᠦᠨᠡᠯᠡᠨ ᠶᠠᠷᠢᠯᠴᠠᠬᠤ ᠳᠦᠷᠢᠮ ᠢ ᠪᠠᠶ᠋ᠢᠭᠤᠯᠵᠠᠢ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠦᠷ᠎ᠡ ᠪᠦᠲᠦᠭᠡᠯ᠎ᠤᠨ ᠴᠢᠨᠠᠷ ᠴᠢᠨᠰᠠᠭ᠎ᠠ ᠪᠠ ᠬᠤᠪᠢ ᠨᠡᠮᠡᠷᠢ᠎ᠪᠠᠷ ᠤᠳᠤᠷᠢᠳᠤᠮᠵᠢ ᠪᠣᠯᠭ᠋ᠠᠭᠰᠠᠨ ᠰᠤᠷᠭ᠋ᠠᠭᠤᠯᠢ ᠪᠠ ᠳᠡᠭᠡᠳᠦ ᠰᠤᠷᠭ᠋ᠠᠭᠤᠯᠢ ᠬᠣᠶᠠᠷ ᠱᠠᠲᠤᠨ᠎ᠤ ᠳᠡᠰ ᠲᠥᠷᠥᠯ ᠬᠤᠪᠢᠶᠠᠨ ᠤᠷᠮᠠᠰᠢᠭᠤᠯᠬᠤ ᠳᠣᠭᠲᠠᠯᠴᠠᠭ᠎ᠠ ᠵᠢ ᠪᠠᠶ᠋ᠢᠭᠤᠯᠵᠤ᠂ ᠳᠠᠩ ᠭᠠᠭᠴᠠ ᠦᠷ᠎ᠡ ᠪᠦᠲᠦᠭᠡᠯ᠎ᠤᠨ ᠲᠣᠭ᠎ᠠ ᠪᠠ SCI ᠥᠭᠦᠯᠡᠯ᠎ᠤᠨ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ᠎ᠪᠠᠷ ᠦᠨᠡᠯᠡᠬᠦ ᠱᠠᠩᠨᠠᠬᠤ ᠠᠷᠭ᠎ᠠ ᠵᠢ ᠲᠠᠶᠠᠭᠳᠠᠪᠠ᠃
ᠲᠢᠶᠠᠨᠵᠢᠨ ᠠᠵᠢᠯ ᠮᠡᠷᠭᠡᠵᠢᠯ᠎ᠤᠨ ᠶᠡᠬᠡ ᠰᠤᠷᠭ᠋ᠠᠭᠤᠯᠢ 《ᠳᠠᠳᠤᠯᠭ᠎ᠠ ᠪᠣᠯᠪᠠᠰᠤᠷᠠᠯ᠎ᠤᠨ ᠵᠢᠯᠣᠭᠣᠳᠤᠭᠴᠢ ᠪᠠᠭᠰᠢ》 ᠵᠢᠨ ᠠᠵᠢᠯ᠎ᠤᠨ ᠪᠠᠶ᠋ᠢᠷᠢ ᠵᠢᠨ ᠣᠨᠴᠠᠯᠢᠭᠲᠤ ᠨᠡᠶ᠋ᠢᠴᠡᠭᠰᠡᠨ ᠦᠨᠡᠯᠡᠨ ᠤᠷᠢᠬᠤ ᠠᠷᠭ᠎ᠠ ᠵᠢ ᠬᠠᠶ᠋ᠢᠨ ᠰᠦᠪᠡᠭᠴᠢᠯᠡᠵᠦ᠂ ᠭᠤᠯᠳᠤ ᠡᠷᠳᠡᠮ ᠰᠢᠨᠵᠢᠯᠡᠭᠡᠨ᠂ ᠥᠭᠦᠯᠡᠯ ᠵᠡᠷᠭᠡ ᠵᠢ ᠳᠠᠳᠤᠯᠭ᠎ᠠ ᠪᠣᠯᠪᠠᠰᠤᠷᠠᠯ᠎ᠢ ᠦᠨᠡᠯᠡᠬᠦ ᠵᠢᠯᠣᠭᠣᠳᠤᠭᠴᠢ ᠪᠠᠭᠰᠢ ᠵᠢᠨ ᠰᠠᠭᠤᠷᠢ ᠴᠢᠨᠠᠷᠲᠠᠢ ᠨᠥᠬᠥᠴᠡᠯ ᠪᠣᠯᠭ᠋ᠠᠬᠤ ᠦᠭᠡᠢ᠃
ᠰᠤᠳᠤᠯᠭ᠋ᠠᠨ᠎ᠠᠴᠠ᠂ ᠳᠤᠮᠳᠠᠳᠤ ᠤᠯᠤᠰ᠎ᠤᠨ ᠡᠷᠳᠡᠮᠲᠡᠳ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠡᠶ᠋ᠢᠲᠡᠯᠡᠭᠰᠡᠨ ᠣᠯᠠᠨ ᠤᠯᠤᠰ᠎ᠤᠨ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭ᠋ᠠᠲᠤ ᠰᠡᠳᠬᠦᠯ ᠳᠡᠭᠡᠷ᠎ᠡ ᠦᠭᠦᠯᠡᠯ ᠨᠡᠢ᠌ᠲᠡᠯᠡᠬᠦ ᠬᠠᠷᠢᠴᠠᠯ 2019 - 2022 ᠣᠨ᠎ᠤ ᠬᠤᠭᠤᠴᠠᠭ᠋ᠠᠨ᠎ᠳᠤ ᠢᠯᠡᠳᠲᠡ ᠪᠠᠭᠤᠷᠠᠬᠤ ᠬᠠᠨᠳᠤᠰᠢ᠎ᠲᠠᠢ ᠪᠣᠯᠪᠠ ᠭᠡᠵᠦ ᠵᠢᠭ᠋ᠠᠵᠤ ᠭᠠᠷᠠᠭᠪᠠ᠃ 《ᠮᠠᠨ᠎ᠤ ᠤᠯᠤᠰ᠎ᠤᠨ ᠡᠷᠳᠡᠮᠲᠡᠳ᠎ᠤᠨ SCI ᠥᠭᠦᠯᠡᠯ ᠪᠠ ᠨᠥᠯᠥᠭᠡᠯᠡᠬᠦ ᠭᠦᠢ᠍ᠴᠡᠳᠭᠡᠯ ᠲᠣᠭ᠎ᠠ ᠵᠢ ᠰᠣᠬᠣᠷ ᠪᠠᠯᠠᠢ᠎ᠪᠠᠷ ᠳᠠᠭ᠋ᠠᠬᠤ ᠠᠵᠢᠯᠯᠠᠭ᠎ᠠ ᠢᠯᠡᠳᠲᠡ ᠰᠠᠶ᠋ᠢᠵᠢᠷᠠᠵᠤ᠂ ᠬᠤᠭᠤᠴᠠᠭ᠋ᠠᠲᠤ ᠰᠡᠳᠬᠦᠯ ᠪᠠ ᠥᠭᠦᠯᠡᠯ᠎ᠤᠨ ᠴᠢᠨᠠᠷ ᠴᠢᠨᠰᠠᠭ᠎ᠠ ᠵᠢ ᠨᠡᠩ ᠢᠯᠡᠭᠦᠦ ᠠᠩᠬᠠᠷᠬᠤ ᠪᠣᠯᠵᠠᠢ 》 ᠭᠡᠵᠦ ᠰᠤᠷᠭ᠋ᠠᠨ ᠬᠥᠮᠥᠵᠢᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ᠎ᠤ ᠬᠠᠷᠢᠭᠤᠴᠠᠯᠭ᠋ᠠᠲᠠᠨ ᠢᠯᠡᠷᠬᠡᠢ᠌ᠯᠡᠪᠡ᠃
ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠠᠯᠢ ᠣᠯᠠᠨ ᠦᠢ᠍ᠯᠡᠳᠦᠯᠭᠡ ᠭᠡᠷᠡᠴᠢᠯᠡᠭᠰᠡᠨ᠎ᠨᠢ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ 《ᠳᠣᠬᠢᠭᠤᠷ》᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠪᠣᠯ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠬᠦ ᠵᠢᠨ ᠵᠠᠩᠭᠢᠯᠠᠭ᠎ᠠ ᠵᠢᠨ ᠠᠯᠬᠤᠮ᠂ ᠮᠥᠨ ᠴᠤ᠌ 《ᠨᠢᠭᠡ ᠵᠢ ᠨᠠᠶ᠋ᠢᠳᠠᠪᠤᠷᠢᠵᠢᠭᠤᠯᠤᠨ ᠪᠦᠬᠦᠨ᠎ᠢ ᠠᠮᠢᠳᠤᠯᠢᠭᠵᠢᠭᠤᠯᠬᠤ》 ᠶᠠᠪᠤᠳᠠᠯ ᠪᠣᠯᠤᠨ᠎ᠠ᠃
ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠪᠣᠯ ᠨᠢᠭᠡ ᠵᠦᠢ᠍ᠯ᠎ᠤᠨ ᠪᠤᠳᠤᠯᠢᠶᠠᠨᠲᠠᠢ᠂ ᠬᠠᠲᠠᠭᠤ ᠪᠡᠷᠬᠡ᠂ ᠤᠷᠲᠤ ᠬᠤᠭᠤᠴᠠᠭ᠋ᠠᠨ᠎ᠤ ᠡᠭᠦᠷᠭᠡ᠂ ᠡᠨᠡ ᠬᠦ᠌ ᠥᠭᠡᠷᠡᠴᠢᠯᠡᠯᠲᠡ᠎ᠳᠤ ᠲᠡᠭᠦᠰᠬᠡᠯ ᠦᠭᠡᠢ ᠶᠤᠮ᠃ ᠡᠨᠡ ᠵᠢᠯ᠎ᠤᠨ 7 ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ 《ᠡᠷᠬᠡ ᠰᠦᠷᠲᠦ ᠰᠠᠯᠠᠭ᠎ᠠ ᠮᠥᠴᠢᠷ᠎ᠤᠨ ᠶᠠᠷᠢᠬᠤ᠎ᠨᠢ》 ᠭᠡᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠨᠡᠩ ᠪᠣᠳᠠᠲᠠᠢ᠌ᠵᠢᠭᠤᠯᠤᠨ ᠠᠬᠢᠭᠤᠯᠬᠤ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠵᠠᠢ᠃ ᠳᠠᠷᠠᠭ᠎ᠠ ᠠᠯᠬᠤᠮ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠡᠪᠳᠡᠬᠦ ᠪᠠ ᠪᠠᠶ᠋ᠢᠭᠤᠯᠬᠤ ᠵᠢ ᠵᠡᠷᠭᠡ᠎ᠪᠠᠷ ᠴᠢᠬᠤᠯᠠᠴᠢᠯᠠᠨ᠂ ᠪᠠᠶ᠋ᠢᠭᠤᠯᠬᠤ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ᠎ᠪᠠᠷ ᠬᠥᠲᠥᠯᠦᠮᠵᠢ ᠪᠣᠯᠭ᠋ᠠᠨ᠂ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭ᠋ᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠵᠢᠨ ᠪᠠᠶ᠋ᠢᠭᠤᠯᠤᠯ᠂ ᠪᠠᠲᠤᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠬᠥᠳᠡᠯᠭᠡᠬᠦ ᠬᠦᠴᠦᠨ᠎ᠢ ᠨᠡᠮᠡᠭᠳᠡᠭᠦᠯᠦᠨ᠎ᠡ ᠭᠡᠪᠡ᠃