《ᠶᠡᠬᠡ ᠳᠡᠭᠡᠳᠦ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠋ᠠᠨ᠎ᠤ ᠲᠥᠯᠥᠪᠯᠡᠭᠡ (2018 - 2022 ᠣᠨ)》 ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠳᠠᠭᠤᠷᠢᠶᠠᠯ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠡᠮᠬᠢ ᠵᠢᠷᠤᠮ᠎ᠲᠠᠢ ᠥᠷᠨᠢᠭᠦᠯᠬᠦ ᠵᠢ ᠠᠬᠢᠭᠤᠯᠬᠤ ᠵᠢᠨ ᠲᠥᠯᠥᠭᠡ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠠᠩᠬᠠᠳᠠᠭᠴᠢ ᠪᠦᠯᠦᠭ᠎ᠤᠨ ᠳᠠᠭᠤᠷᠢᠶᠠᠯ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠣᠷᠣᠭᠰᠠᠨ ᠨᠡᠷᠡᠰ᠎ᠢ ᠨᠡᠶ᠋ᠢᠲᠡᠯᠡᠪᠡ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠴᠠᠩ ᠽᠧ ᠾᠦᠢ ᠫᠷᠤᠹᠧᠰᠰᠤᠷ᠎ᠤᠨ ᠳᠠᠭ᠋ᠠᠭᠤᠯᠤᠭᠰᠠᠨ ᠪᠦᠯᠬᠦᠮ᠎ᠤᠨ 《ᠨᠠᠷᠠᠨ᠎ᠤ ᠡᠨᠧᠷᠭᠢ ᠵᠢᠨ ᠲᠥᠬᠦᠭᠡᠷᠦᠮᠵᠢᠲᠦ ᠲᠠᠷᠢᠶᠠᠯᠠᠩ᠎ᠤᠨ ᠬᠥᠷᠥᠰᠥ ᠰᠢᠷᠣᠢ ᠵᠢᠨ ᠤᠯᠠᠷᠢᠯ ᠠᠯᠤᠰᠯᠠᠨ ᠢᠯᠴᠢ ᠬᠠᠳᠠᠭ᠋ᠠᠯᠠᠨ ᠬᠠᠩᠭ᠋ᠠᠬᠤ ᠮᠡᠷᠭᠡᠵᠢᠯ ᠵᠢᠴᠢ ᠠᠵᠤ ᠦᠢ᠍ᠯᠡᠰᠵᠢᠭᠦᠯᠦᠭᠰᠡᠨ ᠬᠡᠷᠡᠭᠯᠡᠯᠲᠡ》᠎ᠨᠢ 《ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠥᠲᠦᠭᠡᠯ᠎ᠢ ᠤᠯᠠᠷᠢᠭᠤᠯᠬᠤ ᠳᠠᠭᠤᠷᠢᠶᠠᠯ ᠦᠵᠡᠭᠦᠯᠬᠦ ᠢᠨᠵᠧᠨᠧᠷᠢᠩ》᠎ᠳᠤ ᠠᠮᠵᠢᠯᠲᠠ᠎ᠲᠠᠢ ᠰᠣᠩᠭᠣᠭᠳᠠᠪᠠ᠃





ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ᠎ᠳᠤ ᠦᠢ᠍ᠯᠡᠴᠢᠯᠡᠬᠦ᠎ᠪᠠᠷ ᠡᠭᠦᠷᠭᠡ ᠪᠣᠯᠭ᠋ᠠᠵᠤ᠂ ᠵᠣᠬᠢᠶᠠᠨ ᠪᠠᠶ᠋ᠢᠭᠤᠯᠤᠯᠲᠠ᠎ᠲᠠᠢ ᠡᠷᠳᠡᠮ ᠰᠢᠨᠵᠢᠯᠡᠭᠡᠨ᠎ᠢ ᠬᠡᠷᠡᠭᠵᠢᠭᠦᠯᠵᠦ᠂ ᠣᠯᠠᠨ ᠬᠡᠯᠪᠡᠷᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠣᠳᠠᠲᠤ ᠦᠷ᠎ᠡ ᠪᠦᠲᠦᠮᠵᠢ ᠣᠯᠪᠠ᠃
ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠦᠢ᠍ᠯᠡᠳᠪᠦᠷᠢᠯᠡᠯ᠎ᠤᠨ ᠶᠠᠪᠤᠴᠠ᠎ᠳᠤ 《ᠳᠤᠯᠠᠭ᠋ᠠᠨ᠎ᠤ ᠬᠡᠮᠵᠢᠶ᠎ᠡ ᠳᠣᠣᠷ᠎ᠠ᠂ ᠡᠨᠧᠷᠭᠢ ᠵᠢᠨ ᠬᠣᠷᠣᠭᠳᠠᠯ ᠶᠡᠬᠡ᠂ ᠡᠪᠡᠳᠴᠢᠨ ᠤ ᠬᠥᠨᠥᠭᠡᠯ ᠶᠡᠬᠡ》 ᠠᠰᠠᠭᠤᠳᠠᠯ ᠣᠷᠣᠰᠢᠵᠤ᠂ ᠮᠠᠨ᠎ᠤ ᠣᠷᠣᠨ᠎ᠤ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠬᠦᠨᠳᠦ ᠨᠣᠴᠢᠲᠠᠢ ᠬᠠᠷᠰᠢᠯᠠᠵᠤ᠂ ᠲᠠᠷᠢᠵᠤ ᠲᠡᠵᠢᠭᠡᠨ ᠦᠷᠡᠵᠢᠭᠦᠯᠬᠦ ᠡᠷᠦᠬᠡ ᠵᠢᠨ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠵᠢ ᠬᠠᠷᠰᠢᠯᠠᠳᠠᠭ᠃ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠴᠠᠩ ᠽᠧ ᠾᠦᠢ ᠫᠷᠤᠹᠧᠰᠰᠤᠷ᠎ᠤᠨ ᠳᠠᠭ᠋ᠠᠭᠤᠯᠤᠭᠰᠠᠨ ᠪᠦᠯᠬᠦᠮ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠳᠤ ᠭᠦᠨᠵᠡᠭᠡᠶ᠋ᠢᠷᠡᠨ ᠥᠯᠢᠭᠡᠷ ᠡᠳ᠋᠎ᠢ ᠪᠠᠶ᠋ᠢᠴᠠᠭ᠋ᠠᠨ ᠰᠤᠳᠤᠯᠵᠤ᠂ ᠨᠠᠷᠠᠨ ᠡᠨᠧᠷᠭᠢ᠎ᠪᠠᠷ ᠢᠯᠴᠢ ᠵᠢᠨ ᠢᠷᠡᠯᠲᠡ ᠪᠣᠯᠭ᠋ᠠᠭᠰᠠᠨ᠂ ᠠᠭ᠋ᠠᠷ ᠵᠶ᠋ᠠᠷ ᠵᠠᠭᠤᠴᠢ ᠪᠣᠯᠭ᠋ᠠᠭᠰᠠᠨ᠂ ᠬᠥᠷᠥᠰᠥ ᠰᠢᠷᠣᠢ᠎ᠪᠠᠷ 《ᠬᠠᠳᠠᠭ᠋ᠠᠯᠠᠬᠤ ᠰᠠᠪᠠ》 ᠪᠣᠯᠭ᠋ᠠᠭᠰᠠᠨ ᠨᠠᠷᠠᠨ ᠡᠨᠧᠷᠭᠢ ᠵᠢᠨ ᠲᠥᠬᠦᠭᠡᠷᠦᠮᠵᠢᠲᠦ ᠲᠠᠷᠢᠶᠠᠯᠠᠩ᠎ᠤᠨ ᠬᠥᠷᠥᠰᠥ ᠰᠢᠷᠣᠢ ᠵᠢᠨ ᠤᠯᠠᠷᠢᠯ ᠠᠯᠤᠰᠯᠠᠨ ᠢᠯᠴᠢ ᠬᠠᠳᠠᠭ᠋ᠠᠯᠠᠨ ᠬᠠᠩᠭ᠋ᠠᠬᠤ ᠮᠡᠷᠭᠡᠵᠢᠯ ᠢ ᠰᠤᠳᠤᠯᠤᠨ ᠨᠡᠭᠡᠭᠡᠵᠦ᠂ ᠨᠠᠷᠠᠨ ᠡᠨᠧᠷᠭᠢ ᠵᠢᠨ ᠥᠨᠳᠥᠷ ᠦᠷ᠎ᠡ ᠠᠰᠢᠭᠲᠠᠢ ᠭᠡᠷᠡᠯ᠎ᠢ ᠬᠤᠪᠢᠷᠠᠭᠤᠯᠤᠨ ᠳᠠᠮᠵᠢᠭᠤᠯᠬᠤ ᠵᠢᠴᠢ ᠬᠥᠷᠥᠰᠥ ᠰᠢᠷᠣᠢ ᠵᠢᠨ ᠤᠯᠠᠷᠢᠯ ᠠᠯᠤᠰᠯᠠᠨ ᠡᠨᠧᠷᠭᠢ ᠬᠠᠳᠠᠭ᠋ᠠᠯᠠᠬᠤ ᠵᠡᠷᠭᠡ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠢ ᠡᠵᠡᠮᠳᠡᠭᠰᠡᠨ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠢᠳᠡᠪᠬᠢᠲᠡᠢ ᠬᠡᠷᠡᠭᠵᠢᠭᠦᠯᠵᠦ᠂ 4 ᠵᠦᠢ᠍ᠯ᠎ᠤᠨ ᠲᠤᠰᠬᠠᠢ ᠠᠰᠢᠭ᠎ᠤᠨ ᠮᠡᠷᠭᠡᠵᠢᠯ᠎ᠤᠨ ᠵᠣᠭᠣᠰ᠎ᠤᠨ ᠲᠣᠭ᠎ᠠ 475 ᠲᠦᠮᠡᠨ ᠲᠥᠭᠥᠷᠢᠭ᠎ᠲᠤ ᠬᠦᠷᠴᠡᠢ᠃ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠬᠥᠬᠡᠬᠣᠲᠠ ᠵᠢᠨ ᠦᠴᠤᠸᠠᠨ ᠰᠢᠶᠠᠨ ᠵᠡᠷᠭᠡ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠳᠤ ᠲᠤᠰ ᠲᠤᠰ ᠳᠠᠭᠤᠷᠢᠶᠠᠯ ᠦᠵᠡᠭᠦᠯᠬᠦ ᠢᠨᠵᠧᠨᠧᠷᠢᠩ 35 ᠵᠢ ᠪᠠᠶ᠋ᠢᠭᠤᠯᠵᠤ᠂ ᠨᠠᠷᠠᠨ᠎ᠤ ᠡᠨᠧᠷᠭᠢ ᠵᠢᠨ ᠬᠥᠯᠡᠮᠵᠢ᠎ᠲᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠦᠷᠢᠶᠡᠯᠡᠩ 3 ᠵᠢ ᠪᠠᠶ᠋ᠢᠭᠤᠯᠵᠤ᠂ ᠶᠡᠷᠦᠩᠬᠡᠢ ᠠᠵᠤ ᠠᠬᠤᠢ ᠵᠢᠨ ᠬᠡᠪᠴᠢᠶ᠎ᠡ 1.1 ᠳ᠋ᠦᠩᠰᠢᠭᠤᠷ ᠲᠥᠭᠥᠷᠢᠭ᠎ᠲᠤ ᠬᠦᠷᠦᠨ᠂ ᠡᠯ᠎ᠡ ᠭᠠᠵᠠᠷ᠎ᠤᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ᠎ᠳᠤ ᠬᠦᠴᠦᠨ ᠨᠡᠮᠡᠷᠢᠯᠡᠪᠡ᠃ ᠠᠳᠠᠯᠢ ᠬᠤᠭᠤᠴᠠᠭ᠋ᠠᠨ᠎ᠳᠤ᠂ ᠪᠦᠯᠬᠦᠮ᠎ᠤᠨ᠎ᠬᠢᠨ ᠭᠣᠣᠯᠳᠠᠯᠭ᠎ᠠ᠎ᠲᠠᠢ ᠬᠣᠰᠢᠭᠤ ᠰᠢᠶᠠᠨ᠎ᠳᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠢᠵᠢᠭ ᠥᠷᠲᠡᠭᠡ》 5 ᠵᠢ ᠪᠠᠶ᠋ᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠤᠨ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠤ ᠦᠢ᠍ᠯᠡᠴᠢᠯᠡᠬᠦ ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ᠂ ᠡᠷᠳᠡᠮ ᠰᠢᠨᠵᠢᠯᠡᠭᠡᠨ᠎ᠤ ᠠᠵᠢᠯᠲᠠᠳ᠎ᠢ ᠬᠥᠲᠥᠯᠥᠨ ᠵᠢᠯᠣᠭᠣᠳᠴᠤ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠬᠦᠷᠴᠦ᠂ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠵᠦ᠂ ᠤᠯᠤᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠪᠠ ᠬᠢᠯᠢ ᠬᠢᠵᠠᠭ᠋ᠠᠷ᠎ᠢ ᠪᠡᠬᠢᠵᠢᠭᠦᠯᠵᠦ ᠬᠢᠯᠢ ᠬᠢᠵᠠᠭ᠋ᠠᠷ᠎ᠢ ᠬᠦᠴᠦᠷᠬᠡᠭᠵᠢᠭᠦᠯᠦᠨ ᠠᠷᠠᠳ᠎ᠢ ᠪᠠᠶᠠᠵᠢᠭᠤᠯᠬᠤ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠪᠠ᠃