ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠬᠥᠪᠥᠷᠡᠯ᠎ᠦᠨ ᠰᠢᠨ᠎ᠡ᠎ᠶᠢ ᠡᠭᠦᠳᠬᠦ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ ᠠᠵᠢᠯᠯᠠᠭᠤᠯᠵᠤ ᠡᠬᠢᠯᠡᠭᠰᠡᠨ᠎ᠢᠶᠡᠷ ᠪᠥᠬᠥ ᠤᠯᠤᠰ᠎ᠲᠠᠬᠢ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠩᠬᠠᠳᠠᠭ᠍ᠴᠢ ᠪᠥᠬᠥ ᠬᠡᠯᠬᠢᠶᠡᠲᠦ ᠲᠠᠪᠴᠠᠩ ᠪᠣᠯᠪᠠ
ᠨᠡᠶ᠋ᠢᠲᠡᠯᠡᠭᠰᠡᠨ ᠴᠠᠭ᠄ 2025-11-26

11 ᠳ᠋ᠦ᠍ᠭᠡᠷ ᠰᠠᠷ᠎ᠠ᠎ᠶᠢᠨ 21᠎ᠦ ᠡᠳᠦᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠬᠥᠪᠥᠷᠡᠯ᠎ᠦᠨ ᠰᠢᠨ᠎ᠡ᠎ᠶᠢ ᠡᠭᠦᠳᠬᠦ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ᠎ᠤ ᠡᠬᠢᠯᠡᠯᠲᠡ᠎ᠶᠢᠨ ᠶᠣᠰᠣᠯᠠᠯ ᠨᠢ ᠬᠥᠬᠡᠬᠣᠲᠠ᠎ᠶᠢᠨ ᠬᠣᠷᠢᠨᠭᠡᠷ ᠰᠢᠨ᠎ᠡ ᠲᠣᠭᠣᠷᠢᠭ᠋᠎ᠲᠤ ᠶᠠᠪᠤᠭᠳᠠᠵᠠᠢ᠃ ᠡᠬᠢ ᠪᠠᠶᠠᠯᠢᠭ᠋᠎ᠢ ᠨᠥᠭᠡᠴᠡᠯᠡᠬᠦ᠂ ᠤᠳᠤᠮᠰᠢᠯ᠎ᠢ ᠵᠠᠳᠠᠯᠬᠤ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠰᠢᠮ᠎ᠡ ᠲᠡᠵᠢᠭᠡᠯ᠎ᠢ ᠲᠣᠬᠢᠷᠠᠭᠤᠯᠤᠨ ᠡᠵᠡᠮᠳᠡᠬᠦ᠂ ᠭᠡᠮ ᠬᠢᠵᠢᠭ᠎ᠢ ᠰᠡᠷᠭᠡᠢᠯᠡᠨ ᠡᠵᠡᠮᠳᠡᠬᠦ ᠵᠢᠴᠢ ᠣᠶᠤᠨᠲᠤ᠎ᠪᠡᠷ ᠲᠡᠵᠢᠭᠡᠨ ᠦᠷᠡᠵᠢᠭᠦᠯᠬᠦ᠎ᠶᠢ ᠨᠢᠭᠡ ᠴᠣᠭᠴᠠᠵᠢᠭᠤᠯᠤᠭᠰᠠᠨ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠮᠠᠨ᠎ᠤ ᠤᠯᠤᠰ᠎ᠤᠨ ᠠᠩᠬᠠᠳᠠᠭ᠍ᠴᠢ ᠪᠦᠬᠦ ᠬᠡᠯᠬᠢᠶᠡᠲᠦ ᠲᠠᠪᠴᠠᠩ ᠪᠣᠯᠤᠭᠰᠠᠨ᠎ᠤ ᠬᠤᠪᠢ᠎ᠳᠤ᠂ ᠲᠤᠰ ᠰᠠᠭᠤᠷᠢᠨ᠎ᠢ ᠪᠠᠢᠭᠤᠯᠵᠤ ᠠᠰᠢᠭ᠍ᠯᠠᠯᠲᠠ᠎ᠳᠤ ᠣᠷᠣᠭᠤᠯᠤᠭᠰᠠᠨ ᠨᠢ ᠮᠠᠨ᠎ᠤ ᠤᠯᠤᠰ᠎ᠤᠨ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ ᠪᠣᠭᠣᠮᠲᠠ ᠰᠢᠪᠲᠤᠯᠤᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃ 

ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠬᠥᠪᠥᠷᠡᠯ᠎ᠦᠨ ᠰᠢᠨ᠎ᠡ᠎ᠶᠢ ᠡᠭᠦᠳᠬᠦ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ ᠨᠢ ᠪᠦᠬᠦ ᠤᠯᠤᠰ᠎ᠤᠨ ᠭᠣᠣᠯᠳᠠᠯᠭ᠎ᠠ ᠪᠣᠯᠬᠤ ᠲᠠᠪᠴᠠᠩ᠎ᠤᠨ ᠪᠠᠢᠭᠤᠯᠤᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠳᠡᠰ ᠳᠡᠪᠰᠢᠭᠦᠯᠬᠦ᠎ᠶᠢ ᠦᠷᠭᠦᠯᠵᠢᠯᠡᠨ ᠠᠬᠢᠭᠤᠯᠵᠤ᠂ ᠠᠮᠢᠳᠤ ᠪᠣᠳᠠᠰ᠎ᠤᠨ ᠤᠬᠠᠭᠠᠨ ᠨᠢ ᠳᠡᠯᠡᠬᠡᠢ᠎ᠶᠢᠨ ᠲᠡᠷᠢᠭᠦᠨ ᠲᠠᠰ᠎ᠤᠨ ᠰᠢᠨᠵᠢᠯᠡᠭᠡᠨ᠎ᠦ ᠰᠠᠯᠠᠭ᠎ᠠ ᠪᠣᠯᠣᠭᠰᠠᠨ᠎ᠤ ᠭᠣᠣᠯᠯᠠᠵᠤ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠵᠤ᠂ ᠮᠠᠯ ᠠᠵᠤ ᠠᠬᠤᠢ᠎ᠶᠢᠨ ᠠᠬᠢᠭᠤᠯᠤᠯᠲᠠ ᠮᠠᠶᠢᠭ᠋᠎ᠤᠨ ᠲᠠᠰ ᠳᠡᠪᠰᠢᠭᠦᠯᠬᠦ ᠭᠣᠯᠣᠮᠲᠠ ᠭᠠᠵᠠᠷ᠎ᠢ ᠪᠣᠶ ᠪᠣᠯᠭᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠂ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠳᠦ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ᠃ 

ᠡᠬᠢᠯᠡᠯᠲᠡ᠎ᠶᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠨᠢ ᠵᠢᠨ ᠢᠦᠢ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠸᠩ ᠼᠤᠤ ᠠᠮᠢ ᠠᠬᠤᠢ ᠣᠷᠴᠢᠨ ᠲᠣᠭᠣᠷᠢᠨ(ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠸᠩ ᠨᠢᠦ ᠪᠦᠯᠦᠭᠯᠡᠯ ᠵᠡᠷᠬᠡ ᠯᠦ᠍ᠭᠡ ᠲᠤᠰ ᠲᠤᠰ ᠫᠠᠢᠰᠠ ᠰᠡᠬᠦᠵᠦ ᠬᠣᠯᠪᠣᠭᠠᠯᠠᠵᠤ ᠪᠠᠢᠭᠠᠳ ᠰᠢᠨ᠎ᠡ᠎ᠶᠢ ᠡᠭᠦᠳᠬᠦ ᠲᠤᠷᠰᠢᠯᠲᠠ᠎ᠶᠢᠨ ᠲᠠᠰᠤᠭ ᠪᠠᠢᠭᠤᠯᠤᠭᠰᠠᠨ ᠪᠠᠢᠨ᠎ᠠ᠂ ᠰᠤᠳᠤᠯᠭᠠᠨ᠎ᠳᠤ ᠨᠢ ᠢᠳᠡᠭᠡᠨ᠎ᠦ ᠰᠢᠮ᠎ᠡ ᠲᠡᠵᠢᠭᠡᠯ᠂ ᠮᠢᠺᠷᠣᠪ᠎ᠤᠨ ᠰᠤᠳᠤᠯᠭᠠᠨ᠂ ᠤᠶᠤᠨᠲᠦ᠎ᠪᠠᠷ ᠡᠭᠦᠯᠳᠡᠷ ᠪᠣᠢᠵᠢᠭᠤᠯᠬᠤ ᠵᠡᠷᠭᠡ ᠣᠯᠠᠨ ᠬᠣᠰᠢᠭᠤᠷᠠᠯ ᠬᠦᠷᠢᠶ᠎ᠡ᠎ᠶᠢ ᠬᠠᠮᠤᠷᠴᠤ᠂ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠬᠥᠪᠥᠷᠡᠯ᠎ᠦᠨ ᠰᠢᠨ᠎ᠡ᠎ᠶᠢ ᠡᠭᠦᠳᠬᠦ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ᠎ᠢᠶᠠᠷ ᠭᠠᠷᠳᠠᠴᠠ ᠪᠣᠯᠭᠠᠬᠤ᠎ᠪᠠᠷ ᠴᠢᠷᠮᠠᠢᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ᠎ᠶᠢ ᠭᠦᠨᠵᠡᠭᠡᠢ ᠠᠭᠤᠰᠤᠯᠴᠠᠭᠤᠯᠤᠨ ᠵᠣᠬᠢᠴᠠᠯᠳᠤᠭᠤᠯᠤᠭᠰᠠᠨ ᠰᠢᠨ᠎ᠡ᠎ᠶᠢ ᠡᠭᠦᠳᠬᠦ ᠲᠣᠭᠲᠠᠯᠴᠠᠭ᠎ᠠ᠎ᠶᠢ ᠪᠣᠶ ᠪᠣᠯᠭᠠᠪᠠ᠃ 

ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶᠢᠨ ᠬᠥᠪᠥᠷᠡᠯ᠎ᠦᠨ ᠰᠢᠨ᠎ᠡ᠎ᠶᠢ ᠡᠭᠦᠳᠬᠦ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ ᠳᠣᠣᠷ᠎ᠠ᠂ ᠠᠮᠢᠳᠤ ᠪᠣᠳᠠᠰ᠎ᠤᠨ ᠤᠬᠠᠭᠠᠨ᠎ᠢ ᠤᠯᠤᠰ᠎ᠤᠨ ᠲᠡᠷᠢᠭᠦᠨ ᠲᠠᠰ᠎ᠤᠨ ᠰᠢᠨᠵᠢᠯᠡᠭᠡᠨ᠎ᠦ ᠰᠠᠯᠠᠭ᠎ᠠ ᠪᠣᠯᠭᠠᠨ ᠪᠠᠢᠭᠤᠯᠬᠤ᠎ᠪᠠᠷ ᠠᠬᠢᠭᠤᠯᠵᠤ᠂ ᠮᠠᠯ ᠠᠵᠤ ᠠᠬᠤᠢ᠎ᠶᠢᠨ ᠠᠵᠤ ᠦᠢᠯᠡᠰ᠎ᠢ ᠲᠠᠰ ᠳᠡᠪᠰᠢᠭᠦᠯᠬᠦ᠎ᠶᠢ ᠲᠤᠯᠭᠠᠭᠤᠷᠢᠯᠠᠬᠤ᠎ᠶᠢᠨ ᠲᠥᠯᠥᠭᠡ ᠪᠠᠢᠭᠤᠯᠤᠭᠰᠠᠨ ᠴᠢᠬᠤᠯᠠ ᠳᠠᠪᠴᠠᠩ ᠪᠣᠯᠣᠨ᠎ᠠ᠃ ᠲᠣᠰ ᠰᠠᠭᠤᠷᠢᠨ ᠨᠢ ᠠᠯᠠᠰᠢᠨ ᠦᠬᠡᠷ᠂ ᠠᠯᠠᠰᠢᠨ ᠬᠣᠨᠢ᠂ ᠨᠣᠣᠯᠤᠭᠤᠷ᠎ᠤᠨ ᠢᠮᠠᠭ᠎ᠠ᠂ ᠰᠠᠭᠠᠯᠢ᠎ᠶᠢᠨ ᠮᠠᠯ᠂ ᠭᠡᠮ ᠬᠢᠵᠢᠭ᠌᠎ᠢ ᠰᠡᠷᠭᠡᠢᠯᠡᠨ ᠡᠵᠡᠮᠳᠡᠬᠦ ᠵᠡᠷᠭᠡ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠪᠣᠯᠴᠢᠩ ᠰᠠᠢᠲᠠᠢ》 ᠦᠬᠡᠷ᠂ ᠰᠠᠭᠠᠯᠢ᠎ᠶᠢᠨ ᠦᠨᠢᠶ᠎ᠡ᠎ᠶᠢᠨ ᠲᠣᠭᠣᠯ᠎ᠤᠨ ᠭᠦᠢᠰᠦ᠎ᠶᠢ ᠡᠵᠡᠮᠳᠡᠬᠦ ᠮᠡᠷᠭᠡᠵᠢᠯ᠂ ᠴᠢᠨᠠᠷ ᠰᠠᠢᠲᠠᠢ ᠢᠮᠠᠭᠠᠨ ᠨᠣᠣᠯᠤᠭᠤᠷ ᠵᠡᠷᠭᠡ ᠠᠯᠢ ᠣᠯᠠᠨ ᠴᠢᠬᠤᠯᠠ ᠶᠡᠬᠡ ᠦᠷ᠎ᠡ ᠪᠦᠲᠦᠭᠡᠯ ᠭᠠᠷᠭᠠᠵᠤ᠂ ᠳᠡᠯᠡᠬᠡᠢ ᠳᠡᠭᠡᠷᠡᠬᠢ ᠠᠩᠬᠠᠳᠠᠭ᠍ᠴᠢ ᠭᠠᠭᠴᠠ ᠳᠠᠬᠢᠨᠲᠤ ᠪᠡᠶᠡᠲᠦ ᠰᠲᠸᠮ ᠡᠰ᠎ᠢᠶᠡᠷ ᠦᠢᠯᠡᠳᠦᠭᠰᠡᠨ ᠦᠬᠡᠷ ᠬᠣᠨᠢ᠎ᠶᠢ ᠠᠮᠵᠢᠯᠲᠠᠲᠠᠢ ᠪᠣᠢᠵᠢᠭᠤᠯᠤᠨ ᠭᠠᠷᠭᠠᠵᠤ᠂ ᠪᠣᠢᠵᠢᠭᠤᠯᠤᠭᠰᠠᠨ 《ᠪᠣᠯᠴᠢᠩ ᠰᠠᠢᠲᠠᠢ · ᠠᠯᠠᠰᠢᠨ ᠦᠬᠡᠷ》᠂ 《 ᠬᠤᠸᠠ ᠮᠸᠩ ᠠᠯᠠᠰᠢᠨ ᠬᠣᠨᠢ》 ᠵᠡᠷᠭᠡ ᠰᠢᠨ᠎ᠡ ᠡᠭᠦᠯᠳᠡᠷ ᠨᠢ ᠳᠡᠯᠡᠬᠡᠢ᠎ᠶᠢᠨ ᠲᠡᠷᠢᠭᠦᠨ᠎ᠦ ᠬᠢᠷᠢ ᠲᠦᠪᠰᠢᠨ᠎ᠳᠦ ᠬᠦᠷᠴᠦ᠂ ᠬᠠᠮᠢᠶ᠎ᠠ ᠪᠦᠬᠦᠢ ᠰᠢᠪᠲᠤᠯᠤᠯᠲᠠ᠎ᠶᠢᠨ ᠴᠢᠨᠠᠷᠲᠠᠢ ᠰᠤᠳᠤᠯᠭᠠᠨ᠎ᠤ ᠦᠷ᠎ᠡ ᠪᠦᠲᠦᠭᠡᠯ᠎ᠢ ᠨᠢᠭᠡᠨᠲᠡ Cell᠂ Nature Biotechnology ᠵᠡᠷᠭᠡ ᠣᠯᠠᠨ ᠤᠯᠤᠰ᠎ᠤᠨ ᠣᠷᠣᠢᠯᠠᠭᠰᠠᠨ ᠬᠤᠭᠤᠴᠠᠭᠠᠲᠤ ᠰᠡᠳᠬᠦᠯ᠎ᠳᠦ ᠨᠡᠢᠲᠡᠯᠡᠪᠡ᠃ 

 

ᠢᠷᠡᠯᠲᠡ᠄        
          
ᠬᠠᠮᠢᠶ᠎ᠡ ᠪᠦᠬᠦᠢ ᠰᠣᠨᠢᠨ
 
             蒙ICP备05000248号