ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠨᠡᠶ᠋ᠢᠲᠡᠯᠢᠭ ᠵᠢᠱ᠌ᠢᠶ᠎ᠡ
ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠳᠤ ᠠᠩᠬᠠᠷᠤᠯ ᠵᠶ᠋ᠠᠨ ᠬᠠᠨᠳᠤᠭᠤᠯᠬᠤ᠎ᠨᠢ — 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠂ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠣᠷᠳᠣᠰ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠤᠷᠳᠤᠴᠠ᠎ᠲᠠᠢ ᠪᠥᠭᠡᠳ ᠡᠷᠴᠢᠮ᠎ᠲᠠᠢ ᠬᠠᠯᠠᠭᠤᠨ ᠳᠤᠯᠠᠭ᠋ᠠᠨ ᠶᠠᠪᠤᠭᠳᠠᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2023-11-21

      ᠡᠨᠡ ᠵᠢᠯ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠦᠪᠡᠳᠡᠭᠰᠢ ᠶᠡᠬᠡ᠎ᠪᠠᠷ ᠬᠤᠷᠠᠯᠳᠤᠭᠤᠯᠵᠤ᠂ ᠥᠭᠡᠷᠡᠴᠢᠯᠡᠯᠲᠡ ᠵᠢᠨ ᠴᠠᠭ ᠪᠢᠳᠡᠨ᠎ᠢ ᠬᠦᠯᠢᠶᠡᠬᠦ ᠦᠭᠡᠢ᠂ ᠬᠥᠭᠵᠢᠯᠲᠡ ᠵᠢᠨ ᠡᠭᠦᠷᠭᠡ ᠬᠦᠨᠳᠦ ᠵᠠᠮ ᠬᠣᠯᠠ᠂ ᠰᠢᠨ᠎ᠡ ᠴᠠᠭ ᠦᠶ᠎ᠡ ᠵᠢᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠵᠠᠭᠤᠨ ᠵᠢᠯ᠎ᠤᠨ ᠢᠷᠠᠭᠤ ᠠᠯᠳᠠᠷ᠎ᠢ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠨᠡᠢ᠌ᠲᠡᠯᠡᠯ》 《ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠲᠤᠰᠬᠠᠢ ᠪᠤᠯᠤᠩ ᠭᠠᠷᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠰᠤᠷᠤᠭᠴᠢᠳ ᠵᠶ᠋ᠠᠷ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ᠎ᠪᠠᠨ ᠴᠣᠭᠴᠠᠯᠠᠬᠤ》 ᠠᠮᠢᠳᠤᠯᠢᠭ ᠦᠯᠢᠭᠡᠷ᠎ᠢ ᠶᠠᠷᠢᠭᠤᠯᠵᠤ᠂ ᠥᠷᠭᠡᠨ ᠣᠯᠠᠨ ᠪᠠᠭᠰᠢ ᠰᠤᠷᠤᠭᠴᠢ ᠵᠢᠨ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ᠎ᠳᠠᠬᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠴᠥᠬᠥᠷᠡᠰᠢ ᠦᠭᠡᠢ ᠦᠢ᠍ᠯᠡᠳᠦᠯᠭᠡᠵᠢᠭᠦᠯᠵᠦ᠂ ᠰᠢᠯᠢᠳᠡᠭ ᠬᠠᠷᠢᠭᠤᠯᠲᠠ ᠵᠢᠨ ᠬᠠᠭᠤᠳᠠᠰᠤ ᠳᠤᠰᠢᠶᠠᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠲᠠᠰᠤᠷᠠᠯᠲᠠ ᠦᠭᠡᠢ ᠵᠣᠷᠢᠭᠵᠢᠭᠤᠯᠪᠠ!
      2022 ᠣᠨ᠎ᠤ 5 ᠰᠠᠷ᠎ᠠ᠎ᠳᠤ᠂ ᠣᠷᠳᠣᠰ ᠬᠣᠲᠠ ᠵᠢᠨ ᠵᠢᠯ᠎ᠳᠤ ᠨᠢᠭᠡ ᠤᠳᠠᠭ᠎ᠠ ᠶᠠᠪᠤᠭᠳᠠᠭᠤᠯᠳᠠᠭ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠠᠵᠢᠯ ᠡᠬᠢᠯᠡᠪᠡ᠃ ᠥᠩᠭᠡᠷᠡᠭᠰᠡᠨ ᠵᠢᠯ᠎ᠤᠳ᠎ᠲᠠᠢ ᠠᠳᠠᠯᠢ ᠦᠭᠡᠢ᠎ᠨᠢ᠂ ᠭᠡᠷ᠎ᠤᠨ ᠠᠬᠠᠮᠠᠳ ᠡᠷᠦᠬᠡ ᠠᠮᠠ᠂ ᠭᠡᠷ ᠬᠥᠷᠥᠩᠭᠡ ᠵᠡᠷᠭᠡ ᠵᠢᠨ ᠭᠡᠷᠡᠴᠢ ᠮᠠᠲ᠋ᠧᠷᠢᠶᠠᠯ ᠵᠶ᠋ᠠᠨ ᠠᠪᠴᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠬᠢᠨᠠᠨ  ᠰᠢᠯᠭ᠋ᠠᠭᠤᠯᠬᠤ ᠬᠡᠷᠡᠭ᠎ᠲᠠᠢ ᠪᠣᠯᠵᠤ᠂ ᠵᠥᠪᠬᠡᠨ ᠰᠤᠯᠠ ᠰᠡᠯᠡᠭᠦᠦ ᠴᠠᠭ ᠵᠶ᠋ᠠᠨ ᠠᠰᠢᠭᠯᠠᠨ 《ᠮᠥᠩᠬᠡ ᠰᠤᠪᠠᠭ》 APP᠎ᠳᠤ ᠬᠠᠮᠢᠶ᠎ᠠ ᠪᠦᠬᠦᠢ ᠮᠠᠲ᠋ᠧᠷᠢᠶᠠᠯ᠎ᠤᠨ ᠭᠡᠷᠡᠯ ᠵᠢᠷᠤᠭ᠎ᠢ ᠳᠠᠮᠵᠢᠭᠤᠯᠪᠠᠯ ᠳᠠᠷᠤᠢ ᠳᠠᠩᠰᠠᠯᠠᠭᠤᠯᠵᠤ ᠪᠣᠯᠤᠨ᠎ᠠ᠃ ᠰᠤᠷᠭ᠋ᠠᠭᠤᠯᠢ᠎ᠳᠤ ᠣᠷᠣᠬᠤ ᠮᠡᠳᠡᠭᠡ ᠵᠠᠩᠭᠢ ᠵᠢ ᠳᠠᠩᠰᠠᠯᠠᠭᠤᠯᠵᠤ ᠳᠠᠭᠤᠰᠤᠭᠰᠠᠨ᠎ᠤ ᠳᠠᠷᠠᠭ᠋ᠠᠬᠢ 1 - 2 ᠰᠠᠷ᠎ᠠ ᠵᠢᠨ ᠳᠣᠲᠣᠷ᠎ᠠ᠂ ᠡᠯ᠎ᠡ ᠬᠣᠰᠢᠭᠤ ᠲᠣᠭᠣᠷᠢᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠦᠯᠦ ᠬᠥᠳᠡᠯᠬᠦ ᠬᠥᠷᠥᠩᠭᠡ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠰᠦᠯᠵᠢᠶᠡᠨ᠎ᠳᠤ ᠨᠡᠷ᠎ᠡ ᠮᠡᠳᠡᠭᠦᠯᠦᠭᠰᠡᠨ ᠰᠤᠷᠤᠭᠴᠢᠳ᠎ᠤᠨ ᠡᠷᠦᠬᠡ ᠠᠮᠠ᠂ ᠭᠡᠷ ᠬᠥᠷᠥᠩᠭᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠬᠢᠨᠠᠨ ᠰᠢᠯᠭ᠋ᠠᠵᠤ᠂ 《ᠮᠠᠲ᠋ᠧᠷᠢᠶᠠᠯ ᠳᠤᠰᠢᠶᠠᠬᠤ ᠦᠭᠡᠢ》᠂ 《ᠭᠦᠶᠦᠬᠦ ᠦᠭᠡᠢ》 ᠵᠢ ᠪᠡᠶᠡᠯᠡᠭᠦᠯᠵᠦ᠂ ᠥᠩᠭᠡᠷᠡᠭᠰᠡᠨ᠎ᠤ ᠠᠬᠤᠢ ᠲᠠᠯᠠᠪᠠᠢ᠎ᠳᠤ ᠬᠦᠯᠢᠶᠡᠬᠦ᠂ ᠠᠬᠤᠢ ᠲᠠᠯᠠᠪᠠᠢ᠎ᠳᠤ ᠬᠢᠨᠠᠨ ᠰᠢᠯᠭ᠋ᠠᠬᠤ ᠵᠡᠷᠭᠡ ᠶᠠᠪᠤᠴᠠ ᠵᠢ  ᠳᠥᠭᠦᠮᠴᠢᠯᠡᠵᠦ᠂ ᠭᠡᠷ᠎ᠤᠨ ᠠᠬᠠᠮᠠᠳ᠎ᠤᠨ ᠴᠠᠭ ᠪᠠ ᠣᠶᠤᠨ ᠴᠢᠳᠠᠯ᠎ᠢ ᠠᠷᠪᠢᠯᠠᠵᠤ᠂ ᠠᠵᠢᠯ᠎ᠤᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃ 5 ᠰᠠᠷ᠎ᠠ ᠵᠢᠨ 23᠎ᠤ ᠡᠳᠦᠷ᠂ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠵᠢ ᠳᠠᠩᠰᠠᠯᠠᠬᠤ ᠠᠵᠢᠯ ᠳᠠᠭᠤᠰᠴᠤ᠂ ᠪᠦᠬᠦ ᠬᠣᠲᠠ᠎ᠳᠤ 49870 ᠬᠥᠮᠦᠨ ᠳᠠᠩᠰᠠᠯᠠᠭᠤᠯᠤᠨ ᠨᠡᠷ᠎ᠡ ᠮᠡᠳᠡᠭᠦᠯᠪᠡ᠃ 8 ᠰᠠᠷ᠎ᠠ ᠵᠢᠨ ᠰᠡᠭᠦᠯᠴᠢ᠎ᠪᠠᠷ᠂ ᠰᠢᠨ᠎ᠡ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠂ ᠬᠡᠰᠡᠭ ᠬᠤᠪᠢᠶᠠᠨ ᠬᠤᠪᠢᠶᠠᠷᠢᠯᠠᠭᠰᠠᠨ ᠦᠷ᠎ᠡ ᠳ᠋ᠦᠩ᠎ᠢ 《ᠣᠷᠳᠣᠰ ᠬᠣᠲᠠ ᠵᠢᠨ ᠰᠢᠨ᠎ᠡ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ ᠦᠢ᠍ᠯᠡᠴᠢᠯᠡᠭᠡᠨ᠎ᠤ ᠬᠠᠮᠢᠶᠠᠷᠤᠯᠲᠠ》 ᠵᠢᠨ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠲᠡᠯᠡᠵᠦ᠂ ᠭᠡᠷ᠎ᠤᠨ ᠠᠬᠠᠮᠠᠳ ᠭᠠᠷ ᠤᠲᠠᠰᠤᠨ᠎ᠳᠤ᠎ᠪᠠᠨ ᠳᠠᠷᠤᠢ ᠪᠠᠶ᠋ᠢᠴᠠᠭ᠋ᠠᠨ ᠯᠠᠪᠯᠠᠵᠤ ᠪᠣᠯᠤᠨ᠎ᠠ᠃ ᠰᠢᠨ᠎ᠡ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ ᠵᠢ 《ᠠᠯᠠᠭ᠋ᠠᠨ ᠳᠡᠭᠡᠷ᠎ᠡ ᠭᠦᠢ᠍ᠴᠡᠳᠬᠡᠬᠦ》 ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠡᠬᠢᠯᠡᠭᠦᠯᠵᠦ᠂ 《ᠠᠭᠤᠯᠵᠠᠬᠤ ᠦᠭᠡᠢ》᠎ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ᠂ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠬᠡᠰᠡᠭ ᠬᠤᠪᠢᠶᠠᠨ ᠰᠤᠷᠭ᠋ᠠᠭᠤᠯᠢ ᠎ᠳᠤ ᠣᠷᠣᠬᠤ᠂ ᠰᠤᠷᠭ᠋ᠠᠭᠤᠯᠢ᠎ᠳᠤ ᠣᠷᠣᠵᠤ ᠠᠩᠭᠢ ᠬᠤᠪᠢᠶᠠᠬᠤ ᠵᠡᠷᠭᠡ ᠳᠡᠰ ᠳᠠᠷᠠᠭ᠋ᠠᠯᠠᠯ᠎ᠤᠨ ᠰᠢᠨ᠎ᠡ ᠡᠷᠡᠨ᠎ᠢ ᠡᠬᠢᠯᠡᠭᠦᠯᠵᠦ᠂ 《ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ》 ᠴᠦ᠍ ᠡᠭᠦᠨ᠎ᠠᠴᠠ ᠪᠣᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠮᠥᠩᠬᠡ ᠰᠤᠪᠠᠭ》᠎ᠤᠨ ᠰᠢᠯᠵᠢᠮᠡᠯ ᠦᠵᠦᠭᠦᠷ᠎ᠤᠨ ᠠᠷᠪᠠᠨ ᠰᠠᠶ᠋ᠢᠨ ᠬᠡᠷᠡᠭᠯᠡᠭᠡ᠎ᠪᠠᠷ ᠦᠨᠡᠯᠡᠭᠳᠡᠪᠡ᠃
     《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢᠨ 《ᠲᠣᠭ᠎ᠠ ᠪᠠᠷᠢᠮᠲᠠ ᠵᠢ ᠢᠯᠡᠭᠦᠬᠡᠨ ᠭᠦᠶᠦᠯᠭᠡᠵᠦ᠂ ᠠᠷᠠᠳ ᠢᠷᠭᠡᠳ᠎ᠢ ᠳᠤᠲᠠᠭᠤ ᠭᠦᠶᠦᠯᠭᠡᠬᠦ》 ᠪᠣᠯ ᠰᠤᠷᠭ᠋ᠠᠨ ᠬᠥᠮᠦᠵᠢᠯ᠎ᠤᠨ ᠠᠷᠠᠳ᠎ᠲᠤ ᠠᠰᠢᠭ ᠬᠦᠷᠲᠡᠭᠡᠬᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠂ ᠨᠡᠩ ᠴᠤ᠌ ᠦᠨᠡᠨᠴᠢ ᠢᠲᠡᠭᠡᠮᠵᠢ᠎ᠪᠠᠷ ᠠᠷᠠᠳ᠎ᠤᠨ ᠲᠥᠯᠥᠭᠡ ᠵᠢᠳᠬᠦᠬᠦ ᠠᠮᠢᠳᠤᠯᠢᠭ ᠢᠯᠡᠷᠡᠯ ᠮᠥᠨ᠃ ᠡᠨᠡ᠎ᠨᠢ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠺᠠᠳ᠋ᠷᠴᠤᠳ᠎ᠤᠨ ᠠᠷᠠᠳ᠎ᠤᠨ ᠪᠠᠶ᠋ᠢᠳᠠᠯ᠎ᠢ ᠣᠶ᠋ᠢᠯᠠᠭ᠋ᠠᠵᠤ᠂ ᠠᠷᠠᠳ᠎ᠤᠨ ᠰᠠᠨᠠᠭ᠎ᠠ ᠵᠢ ᠰᠣᠨᠣᠰᠴᠤ᠂ ᠠᠷᠠᠳ᠎ᠤᠨ ᠵᠣᠪᠠᠨᠢᠯ᠎ᠢ ᠠᠷᠢᠯᠭ᠋ᠠᠭᠰᠠᠨ᠎ᠤ ᠬᠤᠷᠢᠶᠠᠩᠭᠤᠢ ᠳᠦᠷᠰᠦ ᠪᠣᠯᠤᠨ᠎ᠠ᠃ 2021 ᠣᠨ᠎ᠠᠴᠠ ᠨᠠᠭ᠋ᠠᠰᠢ᠂ ᠪᠦᠬᠦ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ᠎ᠬᠢᠨ 《ᠪᠢ ᠣᠯᠠᠨ ᠲᠦᠮᠡᠨ᠎ᠳᠤ ᠪᠣᠳᠠᠲᠤ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 《ᠠᠷᠠᠳ ᠲᠦᠮᠡᠨ ᠬᠦᠰᠡᠯ ᠱᠠᠭ᠋ᠠᠷᠳᠠᠯᠭ᠎ᠠ᠎ᠲᠠᠢ ᠪᠣᠯ ᠪᠢᠳᠡ ᠬᠠᠷᠢᠭᠤ ᠥᠭᠴᠦ᠂ ᠠᠷᠠᠳ ᠲᠦᠮᠡᠨ᠎ᠳᠤ ᠬᠡᠷᠡᠭᠴᠡᠭᠡ᠎ᠲᠠᠢ ᠪᠣᠯ ᠪᠢᠳᠡ ᠪᠡᠶᠡᠯᠡᠭᠦᠯᠵᠦ ᠥᠭᠭᠦᠨ᠎ᠡ》 ᠭᠡᠳᠡᠭ᠎ᠢ ᠴᠢᠷᠮᠠᠶ᠋ᠢᠨ ᠪᠡᠶᠡᠯᠡᠭᠦᠯᠪᠡ᠃


      ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂

      ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂

      ᠠᠷᠠᠳ᠎ᠲᠤ ᠨᠡᠩ ᠰᠠᠶ᠋ᠢᠨ ᠠᠰᠢᠭ ᠭᠦᠷᠲᠡᠭᠡᠪᠡ
     
ᠡᠨᠡ ᠵᠢᠯ᠎ᠠᠴᠠ ᠨᠠᠭ᠋ᠠᠰᠢ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠭᠤᠷᠪᠠ ᠵᠢ ᠲᠥᠪᠯᠡᠷᠡᠭᠦᠯᠵᠦ ᠭᠤᠷᠪᠠ ᠵᠢ ᠪᠣᠳᠠᠲᠠᠶ᠋ᠢᠵᠢᠭᠤᠯᠬᠤ》 ᠱᠠᠭ᠋ᠠᠷᠳᠠᠯᠭ᠎ᠠ ᠪᠠ ᠠᠩᠬ᠎ᠠ ᠠᠰᠠᠭᠤᠬᠤ ᠵᠢ ᠬᠠᠷᠢᠭᠤᠴᠠᠬᠤ ᠳᠦᠷᠢᠮ᠂ ᠨᠢᠭᠡ ᠯᠡ ᠤᠳᠠᠭ᠎ᠠ᠎ᠳᠤ ᠮᠡᠳᠡᠭᠳᠡᠬᠦ ᠳᠦᠷᠢᠮ᠂ ᠴᠠᠭ ᠬᠢᠵᠠᠭ᠋ᠠᠷᠯᠠᠨ ᠭᠦᠢ᠍ᠴᠡᠳᠬᠡᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠭᠡᠷᠡᠴᠢᠯᠡᠬᠦ ᠵᠦᠢ᠍ᠯ᠎ᠢ ᠮᠡᠳᠡᠭᠳᠡᠬᠦ ᠠᠮᠠᠯᠠᠯᠲᠠ ᠵᠢᠨ ᠳᠦᠷᠢᠮ ᠪᠠ ᠳᠤᠲᠠᠭᠤ ᠮᠠᠲ᠋ᠧᠷᠢᠶᠠᠯ ᠎ᠢ ᠬᠣᠢ᠌ᠨ᠎ᠠ᠎ᠠᠴᠠ᠎ᠨᠢ ᠨᠥᠬᠦᠪᠦᠷᠢᠯᠡᠭᠦᠯᠬᠦ᠎ᠪᠠᠷ ᠬᠦᠯᠢᠶᠡᠨ ᠠᠪᠴᠤ ᠰᠢᠢ᠍ᠳᠪᠦᠷᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ 3 ᠵᠦᠢ᠍ᠯ᠎ᠳᠤ 3 ᠵᠦᠢ᠍ᠯ᠎ᠤᠨ ᠮᠠᠲ᠋ᠧᠷᠢᠶᠠᠯ᠎ᠤᠨ ᠳᠤᠲᠠᠭᠤ ᠵᠢ ᠬᠣᠢ᠌ᠨ᠎ᠠ᠎ᠠᠴᠠ᠎ᠨᠢ ᠨᠥᠬᠦᠪᠦᠷᠢᠯᠡᠭᠦᠯᠬᠦ᠎ᠪᠠᠷ ᠬᠦᠯᠢᠶᠡᠨ ᠠᠪᠴᠤ ᠰᠢᠢ᠍ᠳᠪᠦᠷᠢᠯᠡᠬᠦ᠂ 2 ᠵᠦᠢ᠍ᠯ ᠎ᠳᠤ 4 ᠵᠦᠢ᠍ᠯ᠎ᠤᠨ ᠮᠠᠲ᠋ᠧᠷᠢᠶᠠᠯ᠎ᠤᠨ ᠮᠡᠳᠡᠭᠳᠡᠬᠦ ᠠᠮᠠᠯᠠᠯᠲᠠ ᠵᠢ ᠬᠡᠷᠡᠭᠵᠢᠭᠦᠯᠪᠡ᠃ 4 ᠵᠦᠢ᠍ᠯ᠎ᠢ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠵᠦ᠂ 《ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ》᠎ᠢ ᠪᠠᠭᠲᠠᠭ᠋ᠠᠭᠰᠠᠨ 29 ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠯᠲᠡ ᠵᠢ 《ᠮᠥᠩᠬᠡ ᠰᠤᠪᠠᠭ》᠎ᠲᠤ ᠵᠠᠯᠭ᠋ᠠᠨ ᠣᠷᠣᠭᠤᠯᠵᠤ᠂ ᠡᠭᠦᠨ᠎ᠳᠤ ᠭᠦᠢ᠍ᠴᠡᠳᠭᠡᠬᠦ᠎ᠳᠤ ᠬᠡᠷᠡᠭᠯᠡᠵᠦ ᠪᠣᠯᠬᠤ ᠵᠦᠢ᠍ᠯ 17 ᠪᠠ ᠪᠠᠶ᠋ᠢᠴᠠᠭ᠋ᠠᠨ ᠯᠠᠪᠠᠯᠬᠤ᠎ᠳᠤ ᠬᠡᠷᠡᠭᠯᠡᠵᠦ ᠪᠣᠯᠬᠤ ᠵᠦᠢ᠍ᠯ 12 ᠪᠠᠢ᠌ᠵᠤ᠂ 《ᠠᠯᠠᠭ᠋ᠠᠨ ᠳᠡᠭᠡᠷ᠎ᠡ ᠭᠦᠢ᠍ᠴᠡᠳᠬᠡᠬᠦ》 ᠵᠢ ᠪᠡᠶᠡᠯᠡᠭᠦᠯᠪᠡ᠃ ᠡᠭᠦᠨ᠎ᠤ ᠬᠠᠮᠲᠤ᠂ 《ᠶᠡᠷᠦᠩᠬᠡᠶ᠋ᠢᠯᠡᠭᠰᠡᠨ ᠨᠢᠭᠡ ᠴᠣᠩᠬᠣᠪᠴᠢ᠎ᠪᠠᠷ ᠬᠦᠯᠢᠶᠡᠨ ᠠᠪᠴᠤ ᠰᠢᠢ᠍ᠳᠪᠦᠷᠢᠯᠡᠬᠦ》᠂ ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ᠂ ᠣᠨᠳᠣᠣ ᠭᠠᠵᠠᠷ᠎ᠲᠤ ᠨᠡᠶ᠋ᠢᠳᠡᠮ ᠭᠦᠢ᠍ᠴᠡᠳᠭᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠢ ᠪᠦᠬᠦᠨ᠎ᠢ 《ᠨᠢᠭᠡ ᠴᠣᠩᠬᠣᠪᠴᠢ》᠎ᠪᠠᠷ ᠶᠡᠷᠦᠩᠬᠡᠶ᠋ᠢᠯᠡᠨ ᠬᠦᠯᠢᠶᠡᠨ ᠠᠪᠴᠤ ᠰᠢᠢ᠍ᠳᠪᠦᠷᠢᠯᠡᠨ᠂ ᠰᠦᠯᠵᠢᠶᠡᠨ᠎ᠳᠤ ᠭᠦᠢ᠍ᠴᠡᠳᠬᠡᠵᠦ ᠪᠣᠯᠤᠨ᠎ᠠ᠂ ᠳᠥᠷᠪᠡᠨ ᠲᠥᠷᠥᠯ᠎ᠤᠨ ᠡᠯᠧᠺᠲᠷᠣᠨ ᠦᠨᠡᠮᠯᠡᠯ᠎ᠢ ᠲᠠᠨᠢᠵᠤ ᠠᠪᠬᠤ ᠵᠢ ᠪᠡᠶᠡᠯᠡᠭᠦᠯᠵᠦ᠂ 7900 ᠭᠠᠷᠤᠢ ᠲᠣᠭ᠎ᠠ ᠪᠠᠷᠢᠮᠲᠠ ᠵᠢ ᠬᠤᠷᠠᠮᠳᠤᠭᠤᠯᠤᠭᠰᠠᠨ ᠪᠥᠭᠡᠳ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 100%᠎ᠳᠤ ᠬᠦᠷᠴᠦ᠂ 9 ᠵᠦᠢ᠍ᠯ᠎ᠳᠤ 22 ᠵᠦᠢ᠍ᠯ᠎ᠤᠨ ᠮᠠᠲ᠋ᠧᠷᠢᠶᠠᠯ᠎ᠤᠨ ᠬᠣᠯᠪᠣᠭᠳᠠᠯ ᠪᠦᠬᠦᠢ ᠡᠯᠧᠺᠲᠷᠣᠨ ᠭᠡᠷᠡᠴᠢ ᠦᠨᠡᠮᠯᠡᠯ᠎ᠢ ᠪᠦᠬᠦᠨ ᠎ᠢ ᠪᠡᠶᠡᠯᠡᠭᠦᠯᠪᠡ᠃ 3 ᠵᠦᠢ᠍ᠯ᠎ᠳᠤ ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ ᠵᠢ ᠪᠡᠶᠡᠯᠡᠭᠦᠯᠵᠦ᠂ 6 ᠵᠦᠢ᠍ᠯ᠎ᠢ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠬᠠᠷᠢᠯᠴᠠᠨ ᠮᠡᠳᠡᠷᠡᠵᠦ ᠬᠠᠷᠢᠯᠴᠠᠨ ᠭᠦᠢ᠍ᠴᠡᠳᠬᠡᠬᠦ ᠵᠢ  ᠪᠡᠶᠡᠯᠡᠭᠦᠯᠦᠨ᠂ 6 ᠵᠦᠢ᠍ᠯ᠎ᠢ ᠪᠦᠬᠦ ᠬᠣᠲᠠ᠎ᠳᠤ ᠨᠡᠶ᠋ᠢᠳᠡᠮ ᠭᠦᠢ᠍ᠴᠡᠳᠬᠡᠬᠦ ᠵᠢ ᠪᠡᠶᠡᠯᠡᠭᠦᠯᠪᠡ᠃


   

c273798854c4d87c70c76f6b3d937fad_640_wx_fmt=jpeg&wxfrom=5&wx_lazy=1&wx_co=1.jpg


      ᠶᠠᠪᠤᠳᠠᠯ ᠪᠦᠬᠦᠨ᠎ᠢ ᠬᠠᠷᠢᠭᠤᠯᠠᠨ᠂ ᠶᠠᠪᠤᠳᠠᠯ ᠪᠦᠬᠦᠨ᠎ᠢ ᠨᠠᠢ᠌ᠳᠠᠪᠤᠷᠢᠵᠢᠭᠤᠯᠤᠭᠰᠠᠨ

      ᠪᠥᠭᠡᠳ ᠪᠦᠬᠦ ᠲᠠᠯ᠎ᠠ᠎ᠪᠠᠷ  ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ

      ᠰᠢᠰᠲ᠋ᠧᠮ᠎ᠢ ᠰᠠᠭ᠋ᠠᠳ ᠦᠭᠡᠢ ᠨᠡᠪᠲᠡᠷᠡᠭᠦᠯᠪᠡ
    
 
ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠭᠣᠣᠯ ᠬᠠᠷᠢᠭᠤᠴᠠᠯᠭ᠋ᠠᠲᠠᠨ ᠪᠡᠶ᠎ᠡ᠎ᠪᠠᠷ ᠵᠶ᠋ᠠᠨ ᠠᠳᠬᠤᠬᠤ᠂ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠪᠣᠳᠠᠲᠠᠢ ᠠᠳᠬᠤᠬᠤ᠂ ᠲᠤᠰᠬᠠᠢ ᠬᠥᠮᠦᠨ ᠴᠢᠩᠭ᠎ᠠ ᠠᠩᠬᠠᠷᠴᠤ ᠲᠤᠰᠬᠠᠢ ᠭᠦᠢ᠍ᠴᠡᠳᠬᠡᠬᠦ 《12345》 ᠵᠢᠨ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠤᠳᠠᠰᠤᠨ᠎ᠤ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠠᠵᠢᠯ᠎ᠤᠨ ᠳᠦᠷᠢᠮ᠎ᠢ ᠪᠠᠶ᠋ᠢᠭᠤᠯᠪᠠ᠃ 2022 ᠣᠨ᠎ᠤ 8 ᠳ᠋ᠤᠭ᠋ᠠᠷ ᠰᠠᠷ᠎ᠠ ᠵᠢᠨ ᠳᠤᠮᠳᠠᠴᠢ ᠪᠣᠯᠲᠠᠯ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠥᠮ ᠦᠵᠡᠭᠦᠯᠬᠦ ᠤᠲᠠᠰᠤ ᠵᠢ 277 ᠬᠤᠪᠢ ᠭᠦᠢ᠍ᠴᠡᠳᠬᠡᠵᠦ᠂ ᠴᠤᠤᠷᠢᠶᠠᠳᠤᠨ ᠳᠠᠭ᠋ᠠᠭᠰᠠᠨ ᠨᠣᠷᠮ᠎ᠠ 98.56% ᠬᠦᠷᠴᠦ᠂ ᠰᠢᠢ᠍ᠳᠪᠦᠷᠢᠯᠡᠭᠰᠡᠨ ᠨᠣᠷᠮ᠎ᠠ 94.76%᠎ᠳᠤ  ᠬᠦᠷᠦᠨ᠂  ᠬᠠᠨᠤᠮᠵᠢ ᠵᠢᠨ ᠬᠡᠮᠵᠢᠶ᠎ᠡ 98.25%᠎ᠳᠤ ᠬᠦᠷᠴᠦ᠂ 96.82 ᠬᠤᠪᠢ ᠣᠯᠤᠭᠰᠠᠨ ᠪᠠᠶ᠋ᠢᠨ᠎ᠠ᠃
     
ᠬᠢᠶ᠎ᠡ ᠪᠠᠭᠰᠢ ᠲᠣᠭᠣᠷᠢᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠸᠢᠳᠢᠣ᠋ ᠲᠠᠪᠴᠠᠩ ᠵᠶ᠋ᠠᠷ ᠳᠠᠮᠵᠢᠭᠤᠯᠤᠨ ᠨᠡᠶ᠋ᠢᠭᠡᠮ ᠵᠢᠴᠢ ᠭᠡᠷ᠎ᠤᠨ ᠠᠬᠠᠮᠠᠳ᠎ᠲᠤ ᠠᠰᠠᠭᠤᠨ ᠯᠠᠪᠯᠠᠬᠤ᠂ ᠵᠠᠭ᠋ᠠᠯᠳᠤᠬᠤ ᠤᠲᠠᠰᠤ ᠵᠢᠴᠢ ᠢᠮᠧᠯ ᠬᠠᠶᠢᠭ᠎ᠢ ᠨᠡᠶ᠋ᠢᠲᠡᠯᠡᠵᠦ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ᠂ ᠶᠡᠷᠦᠩᠬᠡᠶ᠋ᠢᠯᠡᠭᠰᠡᠨ ᠬᠡᠪ ᠴᠢᠨᠠᠷ ᠵᠶ᠋ᠠᠷ ᠴᠢᠩᠭ᠎ᠠ ᠺᠠᠳ᠋ᠷ᠎ᠢ ᠰᠣᠩᠭᠣᠨ ᠲᠣᠮᠢᠯᠠᠵᠤ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠪᠡ᠃ 《ᠤᠴᠢᠷ᠎ᠲᠠᠢ ᠪᠣᠯ ᠪᠢ ᠲᠠᠨ᠎ᠢ  ᠬᠠᠪᠰᠤᠷᠤᠶ᠎ᠠ》 ᠭᠡᠬᠦ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠰᠦᠯᠵᠢᠶᠡᠨ ᠎ᠤ ᠲᠠᠪᠴᠠᠩ᠎ᠢ ᠪᠠᠶ᠋ᠢᠭᠤᠯᠵᠤ᠂ ᠭᠡᠷ᠎ᠤᠨ ᠠᠬᠠᠮᠠᠳ᠎ᠤᠨ ᠵᠥᠪᠯᠡᠯᠭᠡ ᠥᠭᠬᠦ ᠪᠠ ᠠᠰᠠᠭᠤᠳᠠᠯ᠎ᠢ ᠲᠤᠰᠬᠠᠬᠤ᠎ᠳᠤ ᠳᠥᠭᠥᠮ ᠦᠵᠡᠭᠦᠯᠵᠦ᠂ ᠰᠢᠰᠲ᠋ᠧᠮ᠎ᠲᠤ ᠵᠠᠭ᠋ᠠᠯᠳᠤᠯᠭ᠎ᠠ ᠵᠢ ᠬᠦᠯᠢᠶᠡᠨ ᠠᠪᠬᠤ᠂ ᠰᠢᠢ᠍ᠳᠪᠦᠷᠢᠯᠡᠬᠦ᠂  ᠬᠠᠷᠢᠭᠤᠯᠬᠤ᠂ ᠨᠡᠬᠡᠮᠵᠢᠯᠡᠨ ᠵᠠᠭ᠋ᠠᠯᠳᠤᠬᠤ᠂ ᠰᠡᠳᠬᠢᠯ ᠬᠠᠨᠤᠮᠵᠢᠲᠠᠢ ᠰᠤᠷᠪᠤᠯᠵᠢᠯᠠᠬᠤ ᠴᠠᠭ᠋ᠠᠷᠢᠭᠲᠤ ᠬᠠᠮᠢᠶᠠᠷᠤᠯᠲᠠ ᠵᠢᠨ ᠲᠣᠭᠲᠠᠴᠠ ᠵᠢ ᠪᠣᠢ ᠪᠣᠯᠭ᠋ᠠᠪᠠ᠃ ᠡᠭᠦᠨ ᠎ᠤ ᠬᠠᠮᠲᠤ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠲᠣᠭᠲᠠᠴᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠵᠠᠭᠪᠤᠷ ᠎ᠤᠨ ᠰᠢᠨ᠎ᠡ ᠵᠢ ᠡᠭᠦᠳᠴᠦ᠂ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠠᠵᠢᠯ᠎ᠤᠨ ᠶᠠᠪᠤᠴᠠ᠎ᠳᠤ 《ᠤᠴᠢᠷ᠎ᠢ ᠡᠮᠬᠢᠯᠡᠵᠦ᠂ ᠡᠪ᠎ᠢ᠎ᠲᠠᠭᠠᠨ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ》 《ᠶᠢᠰᠦᠨ ᠦᠰᠦᠭ᠎ᠤᠨ ᠴᠢᠭᠯᠡᠯᠲᠡ》 ᠵᠢ ᠪᠠᠷᠢᠮᠲᠠᠯᠠᠵᠤ᠂ ᠠᠵᠢᠯᠲᠠᠳ ᠠᠵᠢᠯ ᠬᠢᠬᠦ᠂ ᠨᠠᠶ᠋ᠢᠵᠠᠯᠠᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠨ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠦᠨᠡᠨ ᠬᠦ᠌ ᠰᠠᠶ᠋ᠢᠲᠤᠷ ᠰᠢᠢ᠍ᠳᠪᠦᠷᠢᠯᠡᠵᠦ᠂ ᠭᠡᠷ᠎ᠤᠨ ᠠᠬᠠᠮᠠᠳ᠎ᠤᠨ ᠰᠠᠶ᠋ᠢᠨ 《ᠳᠣᠲᠣᠨᠣ ᠬᠥᠮᠦᠨ》 ᠪᠣᠯᠬᠤ ᠬᠡᠷᠡᠭᠲᠡᠢ᠃ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠨᠢᠭᠡᠳᠦᠭᠡᠷ ᠹᠷᠣᠨᠲ᠎ᠤᠨ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠶᠠᠪᠤᠴᠠ ᠪᠠ ᠪᠠᠷᠢᠮᠵᠢᠶ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶ᠋ᠢᠵᠢᠭᠤᠯᠵᠤ᠂ ᠳᠠᠷᠤᠢ 1 ᠡᠳᠦᠷ᠎ᠲᠤ ᠨᠡᠪᠲᠡᠷᠡᠵᠦ᠂ 3 ᠡᠳᠦᠷ᠎ᠲᠤ ᠰᠢᠢ᠍ᠳᠪᠦᠷᠢᠯᠡᠵᠦ ᠳᠠᠭᠤᠰᠬᠠᠨ᠂ 《ᠰᠢᠢ᠍ᠳᠪᠦᠷᠢᠯᠡᠭᠰᠡᠨ ᠮᠥᠷᠲᠡᠭᠡᠨ ᠬᠠᠨᠤᠮᠵᠢᠲᠠᠢ》 ᠦᠷ᠎ᠡ ᠪᠦᠲᠦᠮᠵᠢ᠎ᠳᠤ ᠬᠦᠷᠴᠦ᠂ 5 ᠡᠳᠦᠷ᠎ᠲᠤ ᠦᠷᠭᠦᠯᠵᠢᠯᠡᠨ ᠮᠥᠷᠳᠡᠨ ᠪᠠᠶ᠋ᠢᠴᠠᠭ᠋ᠠᠵᠤ᠂ ᠠᠰᠠᠭᠤᠳᠠᠯ᠎ᠢ ᠤᠷᠲᠤ ᠬᠤᠭᠤᠴᠠᠭ᠎ᠠ᠎ᠪᠠᠷ ᠪᠦᠲᠦᠮᠵᠢᠲᠡᠢ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠪᠠ᠃ ᠣᠳᠣᠬᠠᠨ᠎ᠳᠤ᠂ ᠬᠢᠶ᠎ᠠ ᠪᠠᠭᠰᠢ ᠲᠣᠭᠣᠷᠢᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠎ᠳᠤ᠎ᠨᠢ ᠰᠢᠢ᠍ᠳᠪᠦᠷᠢᠯᠡᠬᠦ》 ᠠᠵᠢᠯ᠎ᠢ 《ᠨᠢᠭᠡ ᠪᠠᠶ᠋ᠢᠪᠠᠯ ᠨᠢᠭᠡ ᠵᠢ ᠰᠢᠢ᠍ᠳᠪᠦᠷᠢᠯᠡᠵᠦ᠂ ᠨᠢᠭᠡ᠎ᠠᠴᠠ ᠨᠥᠭᠥᠭᠡ ᠵᠢ ᠵᠦᠢ᠍ᠴᠢᠯᠡᠬᠦ》 ᠵᠢ 《ᠰᠠᠨᠠᠭ᠋ᠠᠴᠢᠯᠠᠭ᠎ᠠ᠎ᠠᠴᠠ᠎ᠪᠠᠨ ᠵᠠᠰᠠᠵᠤ᠂ ᠵᠠᠭ᠋ᠠᠯᠳᠤᠭ᠎ᠠ ᠦᠭᠡᠢ ᠪᠣᠯ ᠤᠷᠢᠳ ᠵᠶ᠋ᠠᠷ ᠰᠢᠢ᠍ᠳᠪᠦᠷᠢᠯᠡᠬᠦ》 ᠪᠣᠯᠭ᠋ᠠᠨ ᠬᠤᠪᠢᠷᠠᠭᠤᠯᠵᠤ᠂ ᠬᠣᠲᠠ ᠵᠢᠨ ᠠᠷᠠᠳ ᠣᠯᠠᠨ᠎ᠤ ᠭᠦᠷᠲᠡᠭᠡᠮᠵᠢ ᠵᠢᠨ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠭᠦᠯᠪᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠤᠷ᠎ᠠ ᠴᠢᠳᠠᠪᠤᠷᠢ᠄ ᠠᠮᠢᠳᠤᠷᠠᠯ᠎ᠢ ᠨᠡᠩ ᠰᠠᠶ᠋ᠢᠨ ᠰᠠᠶ᠋ᠢᠬᠠᠨ ᠪᠣᠯᠭ᠋ᠠᠨ᠎ᠠ - 2023 ᠣᠨ᠎ᠤ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠪᠤᠭᠤᠲᠤ ᠬᠣᠲᠠ᠄ 《ᠲᠠᠪᠤᠨ ᠶᠡᠬᠡ ᠢᠨᠵᠧᠨᠧᠷᠢᠩ》 ᠬᠡᠦᠬᠡᠳ᠎ᠲᠤ ᠡᠷᠬᠡ ᠲᠡᠭᠰᠢ ᠴᠢᠨᠠᠷᠯᠢᠭ ᠰᠤᠷᠭ᠋ᠠᠨ ᠬᠥᠮᠦᠵᠢᠯ ᠬᠦᠷᠲᠡᠭᠡᠪᠡ
ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠄ ᠪᠦᠬᠦ ᠬᠦᠴᠦᠨ ᠵᠶ᠋ᠠᠷ 《ᠬᠠᠮᠠᠭ᠋ᠠᠯᠠᠵᠤ》᠂ ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠬᠦ ᠲᠠᠯ᠎ᠠ᠎ᠪᠠᠷ ᠪᠡᠬᠢᠵᠢᠭᠦᠯᠪᠡ
                  
 
             蒙ICP备05000248号