ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠨᠡᠶ᠋ᠢᠲᠡᠯᠢᠭ ᠵᠢᠱ᠌ᠢᠶ᠎ᠡ
ᠤᠷ᠎ᠠ ᠴᠢᠳᠠᠪᠤᠷᠢ᠄ ᠠᠮᠢᠳᠤᠷᠠᠯ᠎ᠢ ᠨᠡᠩ ᠰᠠᠶ᠋ᠢᠨ ᠰᠠᠶ᠋ᠢᠬᠠᠨ ᠪᠣᠯᠭ᠋ᠠᠨ᠎ᠠ - 2023 ᠣᠨ᠎ᠤ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2023-12-22


1.jpg


      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ᠎ᠤᠨ 《2023 ᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ ᠭᠠᠷᠠᠭ᠎ᠤᠨ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠢ           ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 5 ᠰᠠᠷ᠎ᠠ ᠵᠢᠨ 17᠎ᠤ ᠡᠳᠦᠷ᠎ᠤᠨ ᠦᠳᠡ ᠵᠢᠨ ᠬᠣᠶ᠋ᠢᠨ᠎ᠠ᠂ 2023 ᠣᠨ᠎ᠤ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠨᠣᠮ᠎ᠤᠨ ᠰᠠᠩ᠎ᠤᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ ᠎ᠳᠤ ᠵᠢᠩᠬᠢᠨᠢ᠎ᠪᠠᠷ ᠡᠬᠢᠯᠡᠪᠡ᠃
      ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠰᠡᠴᠡᠨᠳᠦᠭᠦᠷᠡᠩ᠂ ᠨᠠᠮ ᠎ᠤᠨ ᠬᠣᠷᠢᠶᠠᠨ᠎ᠤ ᠳᠡᠳ᠋ ᠱᠦᠵᠢ᠂ ᠵᠠᠬᠢᠷᠤᠯ ᠹᠠᠨ ᠶᠥᠩ ᠢ᠂ ᠨᠠᠮ᠎ᠤᠨ ᠬᠣᠷᠢᠶᠠᠨ᠎ᠤ ᠳᠡᠳ᠋ ᠱᠦᠵᠢ ᠶᠦᠨ ᠶᠢᠩ᠂ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠳᠠᠷᠤᠭ᠎ᠠ ᠭᠤᠤ ᠠᠢ ᠵᠢᠶᠦ᠋ᠨ᠂ ᠨᠠᠮ᠎ᠤᠨ ᠬᠣᠷᠢᠶᠠᠨ᠎ᠤ ᠭᠡᠰᠢᠭᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠱᠦᠵᠢ ᠯᠢᠶᠠᠩ ᠵᠢᠶᠦ᠋ᠨ ᠾᠥᠩ᠂ ᠨᠠᠮ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠶᠠᠪᠤᠳᠠᠯ᠎ᠤᠨ ᠬᠢᠨᠠᠨ ᠵᠢᠯᠣᠭᠣᠳᠬᠤ ᠭᠠᠵᠠᠷ᠎ᠤᠨ ᠳᠠᠷᠤᠭ᠎ᠠ ᠴᠧᠨ ᠶᠠᠨ ᠵᠢᠴᠢ ᠣᠷᠣᠨ᠎ᠤ ᠳᠡᠰ᠂ ᠤᠯᠤᠰ᠎ᠤᠨ ᠳᠡᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠣᠯᠤᠭᠰᠠᠨ ᠪᠠᠭᠰᠢ ᠵᠢᠨ ᠲᠥᠯᠥᠭᠡᠯᠡᠭᠴᠢ᠂ ᠰᠤᠷᠤᠭᠴᠢᠳ᠎ᠤᠨ ᠲᠥᠯᠥᠭᠡᠯᠡᠭᠴᠢ᠂ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢ᠂ ᠬᠢᠩᠭ᠋ᠠᠨ ᠡᠳᠦᠷ᠎ᠤᠨ ᠰᠣᠨᠢᠨ᠂ ᠬᠢᠩᠭ᠋ᠠᠨ ᠷᠠᠳᠢᠣ᠋ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠤᠨ ᠲᠥᠯᠥᠭᠡᠯᠡᠭᠴᠢ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠡᠬᠢᠯᠡᠯᠲᠡ ᠵᠢᠨ ᠶᠣᠰᠣᠯᠠᠯ᠎ᠢ ᠭᠥᠸᠧ ᠰᠢᠤᠸᠠᠢ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠲᠥᠪ᠎ᠤᠨ ᠨᠠᠮ᠎ᠤᠨ ᠡᠭᠦᠷ᠎ᠤᠨ ᠱᠦᠵᠢ ᠵᠦ᠍ ᠶᠠᠨ ᠪᠦᠸᠧ ᠡᠷᠬᠢᠯᠡᠪᠡ᠃

   

2.jpg


     ᠳᠡᠳ᠋ ᠱᠦᠵᠢ ᠶᠦᠨ ᠶᠢᠩ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢ ᠲᠥᠯᠥᠭᠡᠯᠡᠨ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠱᠠᠲᠤᠨ᠎ᠤ ᠤᠳᠤᠷᠢᠳᠤᠯᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ ᠎ᠤ ᠠᠵᠤ ᠠᠬᠤᠶ᠋ᠢᠯᠠᠯ᠂ ᠠᠬ᠎ᠠ ᠳᠡᠭᠦᠦ ᠳᠡᠭᠡᠳᠦ ᠰᠤᠷᠭ᠋ᠠᠭᠤᠯᠢ᠂ ᠤᠬᠠᠭᠤᠯᠭ᠎ᠠ ᠵᠠᠭᠤᠴᠢᠯᠠᠭᠤᠷ ᠵᠢᠴᠢ ᠨᠡᠶ᠋ᠢᠭᠡᠮ᠎ᠤᠨ ᠡᠯ᠎ᠡ ᠡᠲᠡᠭᠡᠳ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠪᠡ᠃ ᠲᠡᠷᠡ᠂ ᠡᠨᠡ ᠤᠳᠠᠭ᠋ᠠᠨ᠎ᠤ ᠠᠵᠢᠯᠯᠠᠭ᠋ᠠᠨ᠎ᠤ ᠭᠠᠷᠠᠭ᠎ᠨᠢ 《ᠤᠷ᠎ᠠ ᠴᠢᠳᠠᠪᠤᠷᠢ᠂ ᠠᠮᠢᠳᠤᠷᠠᠯ᠎ᠢ ᠨᠡᠩ ᠰᠠᠶ᠋ᠢᠨ ᠰᠠᠶ᠋ᠢᠬᠠᠨ ᠪᠣᠯᠭ᠋ᠠᠨ᠎ᠠ》᠎ᠪᠠᠷ ᠭᠣᠣᠯ ᠰᠡᠳᠦᠪ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠲᠥᠷᠥ ᠵᠢᠨ ᠪᠣᠳᠣᠯᠭ᠎ᠠ ᠵᠢ ᠤᠬᠠᠭᠤᠯᠵᠤ᠂ ᠳᠡᠭᠡᠳᠦ ᠰᠤᠷᠭ᠋ᠠᠭᠤᠯᠢ ᠵᠢᠨ ᠣᠶ᠋ᠢᠷ᠎ᠠ ᠵᠢᠨ ᠵᠢᠯ᠎ᠤᠨ ᠠᠵᠢᠯ ᠮᠡᠷᠭᠡᠵᠢᠯ ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠨᠡᠶ᠋ᠢᠭᠡᠮ᠎ᠤᠨ ᠡᠯ᠎ᠡ ᠡᠲᠡᠭᠡᠳ ᠣᠨᠴᠠᠭ᠋ᠠᠢ᠌ᠯᠠᠨ ᠠᠵᠢᠯ ᠲᠥᠷᠥᠯ᠎ᠤᠨ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠎ᠢ ᠢᠳᠡᠪᠬᠢᠲᠡᠢ ᠳᠡᠮᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠥᠷᠭᠡᠳᠬᠡᠬᠦ᠎ᠪᠠᠷ ᠴᠢᠷᠮᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃ ᠲᠡᠷᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠣᠨᠴᠠᠯᠢᠭ᠎ᠢ ᠪᠠᠲᠤ ᠡᠵᠡᠮᠳᠡᠵᠦ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠢᠨ᠎ᠡ ᠴᠠᠭ ᠦᠶ᠎ᠡ ᠵᠢᠨ ᠤᠷᠠᠨ ᠳᠠᠷᠬᠠᠨ᠎ᠤ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠡᠭᠦᠷᠭᠡ᠎ᠪᠠᠨ ᠪᠣᠯᠭ᠋ᠠᠵᠤ᠂ 《ᠲᠠᠪᠤᠨ ᠶᠡᠬᠡ ᠡᠭᠦᠷᠭᠡ》᠎ᠲᠠᠢ ᠨᠢᠭᠲᠠ ᠤᠶᠠᠯᠳᠤᠭᠤᠯᠤᠨ᠂ ᠨᠡᠭᠡᠭᠡᠯᠲᠡᠲᠦ ᠰᠤᠷᠭ᠋ᠠᠭᠤᠯᠢ ᠡᠷᠬᠢᠯᠡᠬᠦ ᠣᠶ᠋ᠢᠯᠠᠭ᠋ᠠᠭᠳᠠᠬᠤᠨ ᠪᠠ ᠣᠯᠠᠨ  ᠡᠰᠢᠵᠢᠭᠦᠯᠦᠭᠰᠡᠨ ᠰᠤᠷᠭ᠋ᠠᠭᠤᠯᠢ ᠡᠷᠬᠢᠯᠡᠬᠦ ᠵᠠᠭᠪᠤᠷ᠎ᠢ ᠪᠠᠷᠢᠮᠲᠠᠯᠠᠵᠤ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠣᠷᠣᠨ ᠨᠤᠲᠤᠭ᠎ᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠪᠠ ᠴᠢᠳᠠᠪᠤᠷᠢᠲᠠᠨ᠎ᠤ ᠬᠡᠷᠡᠭᠴᠡᠭᠡ᠎ᠲᠠᠢ ᠨᠠᠷᠢᠯᠢᠭ ᠣᠨᠣᠴᠠᠲᠠᠢ ᠵᠣᠯᠭ᠋ᠠᠭᠤᠯᠵᠤ᠂ ᠴᠣᠭ ᠪᠠᠳᠠᠷᠠᠩᠭᠤᠢ ᠡᠷᠡᠮᠡᠬᠡᠢ᠌ᠯᠡᠨ ᠤᠷᠤᠭᠰᠢᠯᠠᠬᠤ ᠣᠪᠣᠷ ᠵᠶ᠋ᠠᠷ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠴᠢᠨᠠᠷᠯᠢᠭ ᠬᠥᠭᠵᠢᠯᠲᠡ ᠵᠢᠨ ᠰᠢᠨ᠎ᠡ ᠬᠠᠷᠢᠭᠤᠯᠲᠠ ᠵᠢᠨ ᠬᠠᠭᠤᠳᠠᠰᠤ ᠵᠢ ᠰᠠᠶ᠋ᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
     ᠭᠡᠰᠢᠭᠦᠨ ᠴᠧᠨ ᠶᠠᠨ 《ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 2023 ᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ  ᠠᠵᠢᠯᠯᠠᠭ᠋ᠠᠨ᠎ᠤ ᠭᠠᠷᠠᠭ ᠵᠢᠴᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠬᠡᠷᠡᠭᠵᠢᠭᠦᠯᠬᠦ ᠲᠥᠰᠦᠯ》᠎ᠢ ᠤᠩᠰᠢᠨ ᠨᠡᠶ᠋ᠢᠲᠡᠯᠡᠵᠦ᠂ ᠠᠵᠢᠯᠯᠠᠭ᠋ᠠᠨ᠎ᠤ ᠴᠠᠭ ᠪᠠ ᠭᠣᠣᠯ ᠰᠡᠳᠦᠪ᠂ ᠠᠵᠢᠯᠯᠠᠭ᠋ᠠᠨ᠎ᠤ ᠬᠡᠯᠪᠡᠷᠢ᠂ ᠠᠵᠢᠯ᠎ᠤᠨ ᠱᠠᠭ᠋ᠠᠷᠳᠠᠯᠭ᠎ᠠ ᠵᠢᠨ ᠲᠤᠬᠠᠢ ᠲᠣᠳᠤᠷᠬᠠᠢ᠌ᠯᠠᠪᠠ᠃ ᠰᠡᠴᠡᠨᠳᠦᠭᠦᠷᠡᠩ ᠱᠦᠵᠢ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠭᠰᠡᠨ᠎ᠢ ᠵᠠᠷᠯᠠᠪᠠ᠃
   

3.png


      ᠡᠬᠢᠯᠡᠯᠲᠡ ᠵᠢᠨ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠪᠠᠭᠰᠢ ᠵᠢᠨ ᠰᠤᠷᠭ᠋ᠠᠨ ᠬᠥᠮᠦᠵᠢᠯ᠎ᠤᠨ ᠰᠠᠯᠪᠤᠷᠢ 417 ᠭᠠᠷᠤᠢ ᠴᠢᠳᠠᠮᠵᠢᠲᠤ ᠬᠢᠴᠢᠶᠡᠯ᠎ᠤᠨ ᠭᠡᠷ᠎ᠲᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠰᠤᠷᠤᠭᠴᠢᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠮᠥᠷᠦᠢ᠌ᠴᠡᠭᠡᠨ᠎ᠢ ᠡᠩ ᠲᠡᠷᠢᠭᠦᠨ᠎ᠳᠤ ᠥᠷᠨᠢᠭᠦᠯᠵᠦ᠂ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠨᠠᠢ᠌ᠷ᠎ᠤᠨ ᠬᠥᠰᠢᠭᠡ ᠵᠢ ᠰᠡᠬᠦᠪᠡ᠃ ᠢᠷᠡᠭᠡᠳᠦᠢ ᠵᠢᠨ ᠨᠢᠭᠡ ᠰᠠᠷ᠎ᠠ᠎ᠳᠤ᠂ ᠰᠤᠷᠭ᠋ᠠᠭᠤᠯᠢ ᠤᠬᠠᠭᠤᠯᠭ᠎ᠠ ᠵᠢᠨ ᠰᠠᠷ᠎ᠠ ᠵᠢᠨ ᠭᠣᠣᠯ ᠰᠡᠳᠦᠪ᠎ᠲᠤ ᠠᠩᠬᠠᠷᠤᠯ ᠵᠶ᠋ᠠᠨ ᠬᠠᠨᠳᠤᠭᠤᠯᠤᠨ᠂ ᠤᠷ᠎ᠠ ᠴᠢᠳᠠᠪᠤᠷᠢ ᠵᠢᠨ ᠤᠷᠤᠯᠳᠤᠭ᠋ᠠᠨ᠂ ᠦᠵᠡᠭᠦᠯᠭᠡ ᠵᠢᠨ ᠲᠣᠭᠯᠠᠯᠲᠠ᠂ ᠲᠤᠰᠬᠠᠢ ᠰᠡᠳᠦᠪᠲᠦ ᠲᠠᠶ᠋ᠢᠯᠤᠮᠵᠢ᠂ ᠨᠡᠶ᠋ᠢᠲᠡᠯᠢᠭ ᠤᠬᠠᠭᠤᠯᠭ᠎ᠠ᠂ ᠰᠤᠷᠭ᠋ᠠᠭᠤᠯᠢ᠎ᠳᠤ ᠪᠤᠴᠠᠵᠤ ᠤᠬᠠᠭᠤᠯᠤᠨ ᠲᠠᠶ᠋ᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠤᠷᠤᠭᠴᠢᠳ᠎ᠤᠨ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠭᠰᠡᠨ ᠦᠷ᠎ᠡ ᠪᠦᠲᠦᠭᠡᠯ᠎ᠢ ᠢᠳᠡᠪᠬᠢᠲᠡᠢ ᠤᠬᠠᠭᠤᠯᠵᠤ᠂ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠢᠯᠡᠷᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠪᠡᠶᠡᠴᠢᠯᠡᠨ ᠣᠶ᠋ᠢᠯᠠᠭ᠋ᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠣᠢ᠌ᠯᠠᠭ᠋ᠠᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠠᠩᠬᠠᠷᠤᠯ ᠬᠠᠨᠳᠤᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠵᠦᠪᠰᠢᠶᠡᠷᠡᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠮᠡᠳᠡᠷᠡᠵᠦ᠂ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠪᠠ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃


4.jpg


           (ᠨᠠᠶ᠋ᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ)


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ᠄ 《ᠲᠠᠪᠤᠨ ᠶᠡᠬᠡ ᠢᠨᠵᠧᠨᠧᠷᠢᠩ》 ᠬᠡᠦᠬᠡᠳ᠎ᠲᠤ ᠡᠷᠬᠡ ᠲᠡᠭᠰᠢ ᠴᠢᠨᠠᠷᠯᠢᠭ ᠰᠤᠷᠭ᠋ᠠᠨ ᠬᠥᠮᠦᠵᠢᠯ ᠬᠦᠷᠲᠡᠭᠡᠪᠡ
ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠄ ᠪᠦᠬᠦ ᠬᠦᠴᠦᠨ ᠵᠶ᠋ᠠᠷ 《ᠬᠠᠮᠠᠭ᠋ᠠᠯᠠᠵᠤ》᠂ ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠬᠦ ᠲᠠᠯ᠎ᠠ᠎ᠪᠠᠷ ᠪᠡᠬᠢᠵᠢᠭᠦᠯᠪᠡ
                  
 
             蒙ICP备05000248号