ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠨᠡᠶ᠋ᠢᠲᠡᠯᠢᠭ ᠵᠢᠱ᠌ᠢᠶ᠎ᠡ
ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠄ ᠪᠦᠬᠦ ᠬᠦᠴᠦᠨ ᠵᠶ᠋ᠠᠷ 《ᠬᠠᠮᠠᠭ᠋ᠠᠯᠠᠵᠤ》᠂ ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠬᠦ ᠲᠠᠯ᠎ᠠ᠎ᠪᠠᠷ ᠪᠡᠬᠢᠵᠢᠭᠦᠯᠪᠡ
ᠨᠡᠶ᠋ᠢᠲᠡᠯᠡᠭᠰᠡᠨ ᠴᠠᠭ᠄ 2024-04-11

      ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 2023 ᠣᠨ᠎ᠤ ᠪᠦᠬᠦ ᠤᠯᠤᠰ᠎ᠤᠨ ᠰᠠᠭᠤᠷᠢ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠦᠢ᠍ᠯᠡᠳᠦᠯᠭᠡ ᠵᠢᠨ ᠰᠢᠨ᠎ᠡ ᠵᠢ ᠡᠭᠦᠳᠦᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠮᠠᠨ᠎ᠤ ᠣᠷᠣᠨ᠎ᠤ 2 ᠬᠡᠷᠡᠭ᠎ᠤᠨ ᠵᠢᠱ᠌ᠢᠶ᠎ᠡ ᠰᠣᠩᠭᠣᠭᠳᠠᠪᠠ᠃ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠨᠡᠢ᠌ᠲᠡᠯᠡᠯ ᠲᠤᠰᠬᠠᠢ ᠪᠤᠯᠤᠩ ᠭᠠᠷᠭ᠋ᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠤᠬᠠᠭᠤᠯᠤᠨ ᠳᠡᠯᠭᠡᠷᠡᠭᠦᠯᠵᠦ᠂ ᠰᠠᠭᠤᠷᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠦᠨᠳᠦᠰᠦᠨ ᠴᠡᠭ᠎ᠤᠨ ᠦᠢ᠍ᠯᠡᠳᠦᠯ᠎ᠢ ᠪᠠᠲᠤᠳᠬᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠠᠭᠤᠷᠢ ᠰᠤᠷᠭ᠋ᠠᠨ ᠬᠥᠮᠦᠵᠢᠯ᠎ᠢ ᠴᠢᠷᠮᠠᠶ᠋ᠢᠨ ᠰᠠᠶ᠋ᠢᠲᠤᠷ ᠡᠷᠬᠢᠯᠡᠪᠡ᠃
    
       ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠄ ᠪᠦᠬᠦ ᠬᠦᠴᠦᠨ ᠵᠶ᠋ᠠᠷ 《ᠬᠠᠮᠠᠭ᠋ᠠᠯᠠᠵᠤ》᠂ 
       ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠬᠦ ᠲᠠᠯ᠎ᠠ᠎ᠪᠠᠷ ᠪᠡᠬᠢᠵᠢᠭᠦᠯᠪᠡ

        
      ᠣᠶ᠋ᠢᠷ᠎ᠠ ᠵᠢᠨ ᠵᠢᠯ᠂ ᠬᠢᠶ᠎ᠠ ᠪᠠᠭᠰᠢ ᠲᠣᠭᠣᠷᠢᠭ 《ᠨᠠᠷᠢᠯᠢᠭ ᠬᠠᠮᠢᠶᠠᠷᠬᠤ᠂ ᠰᠡᠷᠭᠡᠶ᠋ᠢᠯᠡᠯᠲᠡ ᠵᠢ ᠪᠡᠬᠢᠵᠢᠭᠦᠯᠬᠦ᠂ ᠬᠣᠷᠢᠭ᠎ᠠ ᠱᠤᠭᠤᠮ᠎ᠢ ᠰᠠᠬᠢᠬᠤ᠂ ᠠᠮᠤᠷ  ᠲᠠᠢ᠌ᠪᠤᠭᠤᠨ ᠰᠤᠷᠭ᠋ᠠᠭᠤᠯᠢ ᠵᠢᠨ ᠬᠦᠷᠢᠶ᠎ᠡ ᠵᠢ ᠬᠠᠮᠲᠤ᠎ᠳᠤ᠎ᠪᠠᠨ           ᠪᠠᠶ᠋ᠢᠭᠤᠯᠬᠤ》 ᠠᠵᠢᠯ᠎ᠤᠨ ᠰᠡᠳᠬᠢᠮᠵᠢ ᠶᠣᠰᠣᠭ᠋ᠠᠷ᠂ 《ᠭᠤᠷᠪᠠᠨ ᠰᠦᠯᠵᠢᠶ᠎ᠡ》᠂ 《ᠭᠤᠷᠪᠠᠵᠢᠭᠤᠯᠤᠭᠰᠠᠨ           ᠬᠠᠮᠢᠶᠠᠷᠤᠯᠲᠠ》᠂ 《ᠲᠥᠷᠪᠡᠨ ᠵᠦᠢ᠍ᠯ᠎ᠤᠨ ᠪᠠᠢ᠌ᠭᠤᠯᠤᠯᠲᠠ》᠂ 《ᠲᠠᠪᠤᠨ ᠬᠥᠮᠦᠵᠢᠯ》᠂ 《ᠣᠯᠠᠨ ᠵᠦᠢ᠍ᠯ᠎ᠤᠨ           ᠠᠷᠭ᠎ᠠ ᠵᠢ ᠵᠡᠷᠭᠡ᠎ᠪᠠᠷ ᠬᠡᠷᠡᠭᠵᠢᠭᠦᠯᠬᠦ》 ᠵᠢᠨ 《3 + 3 + 4 + 5 + n》 ᠠᠵᠢᠯ᠎ᠤᠨ ᠵᠠᠭᠪᠤᠷ᠎ᠢ ᠢᠳᠡᠪᠬᠢᠲᠡᠢ ᠬᠡᠷᠡᠭᠵᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠴᠠ ᠵᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ᠎ᠤᠨ ᠠᠷᠭ᠎ᠠ ᠪᠣᠳᠤᠯᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠨ᠂ ᠠᠵᠢᠯ᠎ᠤᠨ ᠠᠷᠭ᠎ᠠ ᠬᠡᠯᠪᠡᠷᠢ᠎ᠪᠠᠨ ᠰᠢᠨᠡᠴᠢᠯᠡᠵᠦ᠂ ᠵᠠᠰᠠᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠦᠬᠦ ᠲᠠᠯ᠎ᠠ᠎ᠪᠠᠷ ᠪᠡᠬᠢᠵᠢᠭᠦᠯᠵᠦ᠂ ᠰᠤᠷᠤᠭᠴᠢᠳ ᠰᠤᠷᠭ᠋ᠠᠭᠤᠯᠢ᠎ᠳᠤ᠎ᠪᠠᠨ ᠰᠠᠨᠠᠭ᠎ᠠ ᠠᠮᠤᠷ᠂ ᠠᠮᠤᠷ ᠲᠦᠪᠰᠢᠨ ᠦᠰᠦᠨ ᠪᠣᠢ᠌ᠵᠢᠬᠤ ᠵᠢ ᠠᠬᠢᠭᠤᠯᠪᠠ᠃

   

1.jpg


      《ᠭᠤᠷᠪᠠᠨ ᠰᠦᠯᠵᠢᠶ᠎ᠡ》᠎ᠢ ᠰᠠᠶ᠋ᠢᠲᠤᠷ ᠡᠵᠡᠮᠳᠡᠵᠦ᠂ ᠰᠤᠷᠭ᠋ᠠᠭᠤᠯᠢ ᠵᠢᠨ

       ᠬᠦᠷᠢᠶᠡᠨ ᠎ᠤ 《ᠠᠮᠤᠷ ᠲᠦᠪᠰᠢᠨ》᠎ᠢ ᠴᠢᠩᠭ᠎ᠠ ᠠᠳᠬᠤᠪᠠ
      《ᠬᠠᠮᠢᠶᠠᠷᠬᠤ》 ᠲᠣᠭᠲᠠᠴᠠ ᠵᠢ ᠪᠣᠳᠠᠲᠠᠶ᠋ᠢᠵᠢᠭᠤᠯᠵᠤ᠂ 《ᠬᠠᠷᠢᠭᠤᠴᠠᠯᠭ᠎ᠠ ᠵᠢᠨ ᠲᠣᠣᠷ》᠎ᠢ           ᠪᠡᠬᠢᠵᠢᠭᠦᠯᠪᠡ᠃ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ  ᠬᠤᠪᠢᠶᠠᠷᠢᠯᠠᠬᠤ ᠵᠢ ᠲᠣᠳᠣᠷᠬᠠᠶ᠋ᠢᠯᠠᠵᠤ᠂ ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠭᠦᠢ᠍ᠴᠡᠳᠬᠡᠬᠦ ᠵᠠᠷᠴᠢᠮ ᠶᠣᠰᠣᠭ᠋ᠠᠷ᠂ ᠤᠳᠤᠷᠢᠳᠤᠯᠭ᠎ᠠ ᠰᠤᠷᠭ᠋ᠠᠭᠤᠯᠢ᠎ᠲᠠᠢ  ᠬᠠᠷᠢᠯᠴᠠᠬᠤ ᠪᠠ ᠺᠠᠳ᠋ᠷ ᠰᠤᠷᠭ᠋ᠠᠭᠤᠯᠢ ᠵᠢ ᠳᠠᠭ᠋ᠠᠭ᠋ᠠᠴᠢᠯᠠᠬᠤ ᠠᠮᠤᠷ ᠲᠦᠪᠰᠢᠨ᠎ᠤ ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠲᠣᠭᠲᠠᠭ᠋ᠠᠨ᠂ ᠠᠮᠤᠷ ᠲᠦᠪᠰᠢᠨ ᠎ᠤ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠬᠤᠪᠢᠶᠠᠷᠢᠯᠠᠵᠤ᠂ ᠰᠦᠯᠵᠢᠶᠡᠵᠢᠭᠦᠯᠦᠭᠰᠡᠨ ᠬᠠᠮᠢᠶᠠᠷᠤᠯᠲᠠ ᠵᠢᠨ ᠳᠣᠭᠲᠠᠯᠴᠠᠭ᠎ᠠ ᠵᠢ ᠪᠠᠶ᠋ᠢᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠎ᠢ ᠬᠠᠮᠢᠶᠠᠷᠬᠤ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ  ᠪᠣᠳᠠᠲᠠᠢ᠌ᠵᠢᠭᠤᠯᠪᠠ᠃ ᠰᠤᠷᠭ᠋ᠠᠭᠤᠯᠢ ᠵᠢᠨ ᠱᠠᠲᠤᠨ᠎ᠳᠤ           ᠰᠤᠷᠭ᠋ᠠᠭᠤᠯᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠰᠤᠷᠭ᠋ᠠᠭᠤᠯᠢ 《ᠳᠤᠮᠳᠠᠳᠤ ᠪᠠᠭ᠎ᠠ ᠰᠤᠷᠭ᠋ᠠᠭᠤᠯᠢ ᠵᠢᠨ ᠠᠵᠢᠯ᠎ᠤᠨ ᠪᠠᠶ᠋ᠢᠷᠢ ᠵᠢᠨ ᠠᠮᠤᠷ ᠲᠦᠪᠰᠢᠨ᠎ᠤ ᠠᠵᠢᠯ᠎ᠤᠨ ᠵᠦᠭᠯᠡᠭᠦᠷ》᠎ᠢ ᠴᠢᠩᠭ᠎ᠠ ᠨᠠᠶ᠋ᠢᠳᠠᠪᠤᠷᠢᠵᠢᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠢ ᠨᠢᠭᠡᠳ           ᠨᠢᠭᠡ᠎ᠪᠠᠷ ᠰᠤᠷᠭ᠋ᠠᠭᠤᠯᠢ ᠵᠢᠨ ᠠᠵᠢᠯ᠎ᠤᠨ ᠡᠯ᠎ᠡ ᠠᠵᠢᠯ᠎ᠤᠨ ᠪᠠᠶ᠋ᠢᠷᠢ᠎ᠳᠤ ᠬᠤᠪᠢᠶᠠᠷᠢᠯᠠᠨ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠠᠷᠢᠭᠤᠴᠠᠯᠭ᠎ᠠ ᠪᠦᠬᠦᠨ᠎ᠢ ᠬᠠᠮᠤᠷᠴᠤ᠂ ᠵᠠᠢ ᠵᠠᠪᠰᠠᠷ ᠦᠭᠡᠢ ᠪᠠᠢ᠌ᠬᠤ ᠵᠢ           ᠪᠡᠶᠡᠯᠡᠭᠦᠯᠪᠡ᠃ ᠬᠠᠷᠢᠭᠤᠴᠠᠯᠭ᠎ᠠ ᠨᠡᠬᠡᠮᠵᠢᠯᠡᠵᠦ ᠦᠷ᠎ᠡ ᠪᠦᠲᠦᠮᠵᠢ ᠠᠰᠠᠭᠤᠬᠤ ᠲᠣᠭᠲᠠᠴᠠ ᠵᠢ ᠨᠠᠶ᠋ᠢᠳᠠᠪᠤᠷᠢᠵᠢᠭᠤᠯᠤᠨ᠂ 《ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ 《ᠬᠠᠷᠢᠭᠤᠴᠠᠯᠭ᠎ᠠ ᠵᠢ ᠬᠥᠮᠦᠨ᠎ᠳᠤ ᠨᠠᠢ᠌ᠳᠠᠪᠤᠷᠢᠵᠢᠭᠤᠯᠵᠤ᠂ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠵᠤ᠂ ᠡᠴᠦᠰ᠎ᠲᠤ᠎ᠨᠢ ᠲᠤᠯᠲᠠᠯ᠎ᠠ ᠨᠡᠬᠡᠮᠵᠢᠯᠡᠬᠦ》 ᠵᠠᠷᠴᠢᠮ᠎ᠢ ᠪᠠᠷᠢᠮᠲᠠᠯᠠᠨ᠂ ᠡᠳᠦᠷ ᠲᠤᠲᠤᠮ᠎ᠤᠨ  ᠦᠨᠡᠯᠡᠬᠦ ᠵᠢ ᠰᠤᠷᠤᠯᠭ᠎ᠠ  ᠵᠢᠨ ᠬᠤᠭᠤᠴᠠᠭ᠋ᠠᠨ᠎ᠤ ᠬᠢᠨᠠᠨ ᠵᠢᠯᠣᠭᠣᠳᠴᠤ ᠰᠢᠯᠭ᠋ᠠᠨ ᠬᠢᠨᠠᠬᠤ᠎ᠯᠤᠭ᠎ᠠ ᠤᠶᠠᠯᠳᠤᠭᠤᠯᠵᠤ᠂ ᠠᠮᠤᠷ ᠲᠦᠪᠰᠢᠨ᠎ᠢ ᠬᠢᠨᠠᠨ ᠰᠢᠯᠭ᠋ᠠᠭᠰᠠᠨ ᠦᠷ᠎ᠡ ᠳ᠋ᠦᠩ᠎ᠢ ᠰᠤᠷᠭ᠋ᠠᠭᠤᠯᠢ  ᠵᠢ ᠬᠢᠨᠠᠨ ᠰᠢᠯᠭ᠋ᠠᠬᠤ ᠎ᠯᠤᠭ᠎ᠠ ᠬᠣᠯᠪᠣᠭᠳᠠᠭᠤᠯᠬᠤ ᠠᠷᠭ᠎ᠠ ᠵᠢ ᠬᠡᠷᠡᠭᠵᠢᠭᠦᠯᠦᠨ᠂ ᠡᠭᠦᠨ᠎ᠤ ᠤᠯᠠᠮ᠎ᠠᠴᠠ ᠴᠡᠭ ᠪᠠ ᠨᠡᠶ᠋ᠢᠳᠡᠮ᠎ᠢ ᠤᠶᠠᠯᠳᠤᠭᠤᠯᠤᠭᠰᠠᠨ᠂ ᠪᠦᠬᠦ ᠠᠵᠢᠯᠲᠠᠨ ᠣᠷᠣᠯᠴᠠᠭᠰᠠᠨ᠂ ᠪᠦᠬᠦᠯᠢ ᠴᠣᠭᠴᠠ᠎ᠪᠠᠷ ᠬᠠᠮᠲᠤᠷᠠᠨ ᠬᠥᠳᠡᠯᠦᠯᠴᠡᠭᠰᠡᠨ ᠤᠳᠠᠭ᠋ᠠᠨ ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠪᠠᠶ᠋ᠢᠭᠤᠯᠵᠤ᠂ ᠰᠤᠷᠭ᠋ᠠᠭᠤᠯᠢ ᠵᠢᠨ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ  ᠵᠢ ᠴᠢᠩᠭ᠋ᠠᠷᠠᠭᠤᠯᠤᠨ᠂ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠠᠯ ᠭᠠᠷᠬᠤ ᠵᠢ ᠡᠷᠡᠰ ᠰᠡᠷᠭᠡᠢ᠌ᠯᠡᠪᠡ᠃
      《ᠳᠠᠯᠳᠠ ᠭᠡᠮ》᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠵᠤ᠂ 《ᠵᠢᠭᠰᠠᠭ᠋ᠠᠨ ᠪᠠᠶ᠋ᠢᠴᠠᠭ᠋ᠠᠬᠤ ᠲᠣᠣᠷ》᠎ᠢ ᠨᠢᠭᠲᠠ ᠰᠦᠯᠵᠢᠪᠡ᠃ ᠠᠩᠭᠢ ᠨᠢᠭᠡᠴᠢ᠂ ᠵᠢᠵᠢᠭᠦᠷᠯᠡᠭᠴᠢ᠂ ᠬᠤᠪᠢᠳᠠᠨ ᠬᠠᠮᠢᠶᠠᠷᠤᠭᠴᠢ᠂ ᠤᠳᠤᠷᠢᠳᠬᠤ ᠳᠤᠭᠤᠶ᠋ᠢᠯᠠᠩ ᠵᠡᠷᠭᠡ ᠳᠥᠷᠪᠡᠨ ᠵᠢᠭᠰᠠᠭ᠋ᠠᠨ ᠪᠠᠢ᠌ᠴᠠᠭ᠋ᠠᠬᠤ ᠰᠦᠪᠡᠭᠴᠢ᠎ᠪᠠᠷ ᠭᠣᠣᠯᠳᠠᠯᠭ᠎ᠠ ᠪᠣᠯᠭ᠋ᠠᠵᠤ᠂ ᠡᠳᠦᠷ ᠵᠶ᠋ᠠᠷ ᠵᠢᠭᠰᠠᠭ᠋ᠠᠨ ᠪᠠᠶ᠋ᠢᠴᠠᠭ᠋ᠠᠬᠤ᠂ ᠭᠠᠷᠠᠭ ᠵᠶ᠋ᠠᠷ ᠵᠢᠭᠰᠠᠭ᠋ᠠᠨ ᠪᠠᠶ᠋ᠢᠴᠠᠭ᠋ᠠᠬᠤ᠂ ᠰᠠᠷ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠡᠬᠡ ᠳᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶ᠋ᠢᠵᠢᠷᠠᠭᠤᠯᠵᠤ ᠳ᠋ᠤᠭ᠋ᠠᠷ ᠬᠠᠰᠤᠬᠤ ᠬᠠᠮᠢᠶᠠᠷᠤᠯᠲᠠ ᠵᠢ ᠨᠠᠢ᠌ᠳᠠᠪᠤᠷᠢᠵᠢᠭᠤᠯᠪᠠ᠃ ᠲᠣᠭᠲᠠᠮᠠᠯ ᠬᠤᠭᠤᠴᠠᠭ᠎ᠠ᠎ᠲᠠᠢ ᠵᠢᠭᠰᠠᠭ᠋ᠠᠨ ᠪᠠᠶ᠋ᠢᠴᠠᠭ᠋ᠠᠬᠤ ᠪᠠ ᠲᠠᠰᠢᠷᠠᠮ ᠵᠶ᠋ᠠᠷ ᠵᠢᠭᠰᠠᠭ᠋ᠠᠨ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠤᠭᠰᠠᠨ᠂ ᠭᠣᠣᠯᠳᠠᠯᠭ᠎ᠠ᠎ᠲᠠᠢ ᠴᠠᠭ ᠬᠤᠭᠤᠴᠠᠭ᠋ᠠᠨ᠎ᠳᠤ ᠵᠢᠭᠰᠠᠭ᠋ᠠᠨ ᠪᠠᠶ᠋ᠢᠴᠠᠭ᠋ᠠᠬᠤ ᠪᠠ ᠭᠣᠣᠯᠳᠠᠯᠭ᠎ᠠ᠎ᠲᠠᠢ ᠣᠷᠣᠨ ᠪᠠᠶ᠋ᠢᠷᠢ ᠵᠢ ᠵᠢᠭᠰᠠᠭ᠋ᠠᠨ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠤᠭᠰᠠᠨ᠂ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠬᠤ ᠪᠠ ᠡᠳᠦᠷ ᠲᠤᠲᠤᠮ᠎ᠤᠨ ᠰᠢᠯᠭ᠋ᠠᠨ ᠬᠢᠨᠠᠬᠤ ᠵᠢ ᠬᠠᠷᠢᠯᠴᠠᠨ ᠤᠶᠠᠯᠳᠤᠭᠤᠯᠤᠭᠰᠠᠨ ᠬᠠᠷᠢᠭᠤᠴᠠᠯᠭ᠋ᠠᠲᠤ ᠰᠢᠯᠭ᠋ᠠᠨ ᠦᠨᠡᠯᠡᠬᠦ ᠲᠣᠭᠲᠠᠴᠠ ᠵᠢ  ᠬᠡᠷᠡᠭᠵᠢᠭᠦᠯᠵᠦ᠂ ᠪᠥᠬᠦᠨ᠎ᠢ ᠬᠠᠮᠤᠷᠤᠭᠰᠠᠨ ᠰᠤᠷᠭ᠋ᠠᠭᠤᠯᠢ ᠵᠢᠨ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠬᠤ ᠲᠣᠣᠷ᠎ᠢ ᠪᠠᠢ᠌ᠭᠤᠯᠪᠠ᠃
      《ᠰᠡᠷᠭᠡᠶ᠋ᠢᠯᠡᠬᠦ》 ᠪᠠᠶ᠋ᠢᠭᠤᠯᠤᠯᠲᠠ ᠵᠢ ᠴᠢᠩᠭ᠋ᠠᠳᠬᠠᠵᠤ᠂ 《ᠰᠠᠭᠤᠷᠢ ᠲᠣᠣᠷ》᠎ᠢ ᠪᠡᠬᠢᠵᠢᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠬᠥᠮᠦᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠶ᠋ᠢᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠤᠷ᠎ᠢ ᠬᠠᠮᠠᠭ᠋ᠠᠯᠠᠬᠤ ᠠᠵᠢᠯᠲᠠᠨ᠎ᠢ ᠲᠤᠰᠬᠠᠢ ᠳᠤᠰᠢᠶᠠᠯᠵᠢᠭᠤᠯᠬᠤ᠂ ᠬᠦᠴᠦᠷᠬᠡᠭᠯᠡᠯ᠎ᠢ ᠰᠡᠷᠭᠡᠶ᠋ᠢᠯᠡᠬᠦ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢ ᠪᠠᠷᠢᠮᠵᠢᠶᠠᠵᠢᠭᠤᠯᠬᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢ ᠮᠡᠷᠭᠡᠵᠢᠯᠵᠢᠭᠦᠯᠬᠦ ᠵᠢ ᠪᠡᠶᠡᠯᠡᠭᠦᠯᠪᠡ᠃ 《ᠳᠥᠷᠪᠡ ᠵᠢ ᠨᠢᠭᠡ  ᠴᠣᠭᠴᠠᠵᠢᠭᠤᠯᠬᠤ》 ᠰᠤᠷᠤᠭᠴᠢ ᠵᠢ ᠬᠠᠮᠠᠭ᠋ᠠᠯᠠᠬᠤ ᠠᠵᠢᠯ᠎ᠤᠨ ᠪᠠᠶ᠋ᠢᠷᠢ᠂ ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠥᠷᠲᠡᠭᠡ᠂ ᠡᠭᠦᠳᠡᠨ ᠡᠮᠦᠨᠡᠬᠢ ᠬᠤᠷᠳᠤᠴᠠ ᠪᠠᠭᠤᠷᠠᠭᠤᠯᠬᠤ ᠪᠦᠰᠡ᠂ ᠰᠡᠷᠡᠮᠵᠢᠯᠡᠭᠦᠯᠬᠦ ᠫᠠᠶ᠋ᠢᠰᠠ ᠵᠢᠴᠢ ᠮᠥᠷᠭᠦᠬᠦ ᠵᠢ ᠰᠡᠷᠭᠡᠶ᠋ᠢᠯᠡᠬᠦ  ᠲᠤᠯᠭ᠋ᠠᠭᠤᠷ᠎ᠢ ᠲᠣᠬᠢᠷᠠᠭᠤᠯᠵᠤ᠂ 《ᠨᠢᠭᠡ ᠳᠠᠷᠤᠪᠴᠢ᠎ᠪᠠᠷ ᠲᠦᠭᠰᠢᠭᠦᠷᠢ         ᠮᠡᠳᠡᠭᠦᠯᠬᠦ》 ᠰᠢᠰᠲ᠋ᠧᠮ᠎ᠢ  ᠤᠭᠰᠠᠷᠠᠨ᠂ ᠭᠣᠣᠯᠳᠠᠯᠭ᠎ᠠ᠎ᠲᠠᠢ ᠬᠡᠰᠡᠭ᠎ᠲᠤ ᠡᠯᠧᠺᠲᠷᠣᠨ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠎ᠢ ᠰᠡᠷᠭᠡᠢ᠌ᠯᠡᠬᠦ ᠳᠣᠭᠲᠠᠯᠴᠠᠭ᠎ᠠ ᠵᠢ ᠪᠠᠢ᠌ᠭᠤᠯᠪᠠ᠃
   
      《ᠳᠥᠷᠪᠡᠵᠢᠭᠦᠯᠦᠯᠲᠡ》 ᠵᠢ ᠪᠣᠳᠠᠲᠠᠢ ᠠᠳᠬᠤᠵᠤ᠂ ᠰᠤᠷᠭ᠋ᠠᠭᠤᠯᠢ ᠵᠢᠨ

       ᠬᠦᠷᠢᠶᠡᠨ ᠎ᠤ 《ᠠᠮᠤᠷ ᠲᠦᠪᠰᠢᠨ᠎ᠤ ᠨᠡᠭᠡᠯᠡᠬᠡᠢ》 ᠵᠢ ᠴᠢᠩᠭ᠋ᠠᠷᠠᠭᠤᠯᠪᠠ
      ᠠᠮᠤᠷ ᠲᠦᠪᠰᠢᠨ᠎ᠤ ᠳᠣᠭᠲᠠᠯᠴᠠᠭ᠎ᠠ ᠵᠢ ᠲᠣᠣᠷᠵᠢᠭᠤᠯᠪᠠ᠃ ᠬᠢᠶ᠎ᠠ ᠪᠠᠭᠰᠢ ᠲᠣᠭᠣᠷᠢᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ 《ᠳᠣᠪᠴᠢᠶᠠᠨ᠎ᠤ ᠤᠳᠤᠷᠢᠳᠤᠯᠭ᠎ᠠ ᠬᠡᠰᠡᠭ ᠪᠥᠯᠦᠭ᠎ᠲᠠᠢ ᠬᠠᠷᠢᠯᠴᠠᠵᠤ᠂ ᠪᠠᠶ᠋ᠢᠭᠤᠯᠭ᠎ᠠ ᠵᠢᠨ ᠺᠠᠳ᠋ᠷ ᠰᠤᠷᠭ᠋ᠠᠭᠤᠯᠢ ᠵᠢ ᠳᠠᠭ᠋ᠠᠭ᠋ᠠᠴᠢᠯᠠᠵᠤ᠂ ᠪᠠᠭᠰᠢ ᠰᠤᠷᠤᠭᠴᠢ ᠵᠢ ᠳᠠᠭ᠋ᠠᠭ᠋ᠠᠴᠢᠯᠠᠬᠤ》 ᠭᠤᠷᠪᠠᠨ ᠱᠠᠲᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠲᠣᠣᠷ᠎ᠢ ᠪᠠᠶ᠋ᠢᠭᠤᠯᠵᠤ᠂ ᠰᠤᠷᠭ᠋ᠠᠭᠤᠯᠢ ᠵᠢᠨ ᠳᠣᠲᠣᠷᠠᠬᠢ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠠᠵᠢᠯ᠎ᠤᠨ ᠪᠠᠶ᠋ᠢᠷᠢ ᠨᠢᠭᠡ ᠪᠦᠷᠢ᠂ ᠠᠵᠢᠯᠲᠠᠨ ᠨᠢᠭᠡ ᠪᠦᠷᠢ᠂ ᠤᠳᠠᠭ᠎ᠠ ᠪᠣᠯᠭ᠋ᠠᠨ᠎ᠤ ᠠᠵᠢᠯᠯᠠᠭ᠎ᠠ ᠨᠢᠭᠡ ᠪᠦᠷᠢ᠂ ᠴᠠᠭ ᠬᠤᠭᠤᠴᠠᠭ᠎ᠠ ᠨᠢᠭᠡ ᠪᠦᠷᠢ᠂ ᠬᠠᠷᠢᠭᠤᠴᠠᠯᠭ᠎ᠠ ᠵᠢᠨ ᠣᠷᠣᠨ ᠨᠢᠭᠡ ᠪᠦᠷᠢ ᠎ᠳᠤ ᠬᠦᠷᠲᠡᠯ᠎ᠡ ᠨᠠᠷᠢᠯᠢᠭᠵᠢᠭᠤᠯᠵᠤ᠂ ᠰᠤᠷᠭ᠋ᠠᠭᠤᠯᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠲᠣᠣᠷᠵᠢᠭᠤᠯᠵᠤ᠂ ᠡᠭᠦᠨ᠎ᠤ ᠤᠯᠠᠮ᠎ᠠᠴᠠ ᠳᠡᠭᠡᠷ᠎ᠡ᠎ᠠᠴᠠ ᠳᠣᠷᠣᠭᠰᠢ ᠪᠦᠬᠦ ᠲᠠᠯ᠎ᠠ ᠵᠢᠨ᠂ ᠪᠦᠬᠦᠨ᠎ᠢ ᠬᠠᠮᠤᠷᠤᠭᠰᠠᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠣᠷ᠎ᠢ  ᠪᠠᠢ᠌ᠭᠤᠯᠪᠠ᠃
      ᠠᠮᠤᠷ᠎ᠢ ᠬᠠᠮᠠᠭ᠋ᠠᠯᠠᠬᠤ ᠰᠢᠰᠲ᠋ᠧᠮ᠎ᠢ ᠣᠶᠤᠨᠴᠢᠯᠠᠪᠠ᠃ ᠤᠷᠢᠳᠴᠢᠯᠠᠨ ᠰᠡᠷᠭᠡᠢ᠌ᠯᠡᠬᠦ ᠪᠠ ᠤᠷᠢᠳᠴᠢᠯᠠᠨ ᠰᠡᠷᠭᠡᠶ᠋ᠢᠯᠡᠬᠦ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ 《ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠸᠢᠳᠢᠤ᠋ ᠵᠢ ᠰᠦᠯᠵᠢᠶᠡᠵᠢᠭᠦᠯᠬᠦ ᠰᠢᠰᠲ᠋ᠧᠮ》᠎ᠢ ᠪᠠᠶ᠋ᠢᠭᠤᠯᠵᠤ᠂ 《ᠬᠠᠶ᠋ᠢᠭᠤᠯ ᠵᠢᠵᠢᠭᠦᠷᠯᠡᠵᠦ᠂ ᠳᠣᠶᠢᠭᠤᠷ ᠴᠠᠭᠳᠠᠨ ᠲᠣᠭᠣᠷᠢᠬᠤ》 ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠪᠡ᠃ ᠣᠳᠣᠬᠠᠨ᠎ᠳᠤ ᠰᠢᠰᠲ᠋ᠧᠮ᠎ᠢ ᠰᠤᠷᠭ᠋ᠠᠭᠤᠯᠢ᠎ᠳᠤ ᠵᠠᠯᠭ᠋ᠠᠭᠰᠠᠨ ᠨᠣᠷᠮ᠎ᠠ 100% ᠎ᠳᠤ ᠬᠦᠷᠴᠦ᠂ ᠵᠠᠯᠭ᠋ᠠᠭᠰᠠᠨ ᠸᠢᠳᠢᠤ᠋ 6630᠂ ᠸᠢᠳᠢᠣ᠋ ᠵᠠᠯᠭ᠋ᠠᠭᠰᠠᠨ ᠨᠣᠷᠮ᠎ᠠ 98.3% ᠬᠦᠷᠪᠡ᠃ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠠᠪᠴᠠᠩ᠎ᠤᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠲᠣᠭ᠋ᠠᠵᠢᠭᠤᠯᠤᠭᠰᠠᠨ ᠬᠠᠮᠢᠶᠠᠷᠤᠯᠲᠠ ᠵᠢᠨ ᠲᠠᠪᠴᠠᠩ᠎ᠢ ᠠᠰᠢᠭᠯᠠᠨ᠂ 《ᠢᠯᠡᠷᠡᠭᠦᠯᠬᠦ - ᠳᠡᠭᠡᠭᠰᠢ ᠮᠡᠳᠡᠭᠦᠯᠬᠦ - ᠴᠡᠭᠴᠡᠯᠡᠨ ᠰᠠᠢ᠌ᠵᠢᠷᠠᠭᠤᠯᠬᠤ - ᠰᠢᠯᠭ᠋ᠠᠨ ᠪᠠᠲᠤᠯᠠᠬᠤ》 ᠶᠠᠪᠤᠴᠠ᠎ᠳᠤ ᠪᠢᠲᠡᠭᠦᠮᠵᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠪᠡ᠃ ᠣᠳᠣᠬᠠᠨ᠎ᠳᠤ ᠬᠢᠶ᠎ᠠ ᠪᠠᠭᠰᠢ ᠲᠣᠭᠣᠷᠢᠭ᠎ᠤᠨ 37 ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠬᠠᠮᠢᠶᠠᠷᠤᠯᠲᠠ ᠵᠢᠨ ᠲᠠᠪᠴᠠᠩ᠎ᠢ ᠪᠥᠬᠦᠨ᠎ᠢ ᠪᠥᠷᠬᠦᠭᠦᠯᠬᠦ ᠵᠢ ᠪᠡᠶᠡᠯᠡᠭᠦᠯᠦᠭᠰᠡᠨ ᠪᠥᠭᠡᠳ ᠲᠣᠭᠣᠷᠢᠨ ᠪᠠᠶ᠋ᠢᠴᠠᠭ᠋ᠠᠭᠴᠢ 2335᠂ ᠲᠣᠭᠣᠷᠢᠨ ᠪᠠᠶ᠋ᠢᠴᠠᠭ᠋ᠠᠬᠤ ᠴᠡᠭ 3956 ᠵᠢ ᠲᠣᠬᠢᠷᠠᠭᠤᠯᠵᠤ᠂ 378917 ᠭᠠᠷᠤᠢ ᠤᠳᠠᠭ᠎ᠠ ᠲᠣᠭᠣᠷᠢᠨ ᠪᠠᠶ᠋ᠢᠴᠠᠭ᠋ᠠᠵᠤ᠂ ᠡᠭᠦᠨ᠎ᠤ ᠤᠯᠠᠮ ᠎ᠠᠴᠠ ᠰᠢᠰᠲ᠋ᠧᠮ ᠪᠠ ᠬᠡᠰᠡᠭ ᠎ᠢ ᠤᠶᠠᠯᠳᠤᠭᠤᠯᠤᠭᠰᠠᠨ᠂ ᠪᠣᠰᠣᠭ᠎ᠠ ᠴᠣᠭᠴᠠᠲᠤ ᠠᠮᠤᠷ ᠲᠦᠪᠰᠢᠨ᠎ᠤ ᠬᠠᠮᠢᠶᠠᠷᠤᠯᠲᠠ ᠵᠢᠨ ᠳᠣᠭᠲᠠᠯᠴᠠᠭ᠎ᠠ ᠵᠢ ᠪᠦᠷᠢᠯᠳᠦᠭᠦᠯᠪᠡ᠃

           

2.jpg


       ᠢᠳᠡᠭᠡᠨ᠎ᠤ ᠠᠮᠤᠷ ᠲᠦᠪᠰᠢᠨ᠎ᠢ ᠲᠣᠳᠤᠷᠠᠭᠤᠯᠪᠠ᠃ ᠢᠳᠡᠭᠡᠨ᠎ᠤ ᠠᠮᠤᠷ ᠲᠦᠪᠰᠢᠨ᠎ᠢ 《ᠳᠥᠷᠪᠡᠵᠢᠭᠦᠯᠬᠦ ᠪᠠᠶ᠋ᠢᠭᠤᠯᠤᠯᠲᠠ》 ᠵᠢ ᠤᠯᠠᠮ ᠨᠢᠭᠡ ᠠᠯᠬᠤᠮ  ᠴᠢᠩᠭ᠋ᠠᠳᠬᠠᠪᠠ᠂ ᠲᠤᠬᠠᠶ᠋ᠢᠯᠠᠪᠠᠯ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠢᠳᠡᠭᠡᠨ ᠎ᠤ ᠪᠠᠶ᠋ᠢᠴᠠᠭ᠋ᠠᠯᠲᠠ ᠵᠢ ᠢᠯᠡ ᠪᠣᠯᠭ᠋ᠠᠵᠤ᠂ ᠢᠳᠡᠭᠡᠨ᠎ᠤ ᠬᠠᠮᠢᠶᠠᠷᠤᠯᠲᠠ ᠵᠢ ᠪᠠᠢ᠌ᠩᠭᠤᠵᠢᠭᠤᠯᠵᠤ᠂ ᠢᠳᠡᠭᠡᠨ ᠎ᠤ ᠠᠵᠢᠯᠯᠠᠭ᠎ᠠ ᠵᠢ ᠵᠢᠷᠤᠮᠵᠢᠭᠤᠯᠪᠠ᠃ 《ᠡᠭᠦᠯᠡᠨ ᠬᠢᠶ᠎ᠠ            ᠪᠠᠭᠰᠢ》 ᠵᠥᠭᠡᠯᠡᠨ ᠲᠣᠨᠣᠭ᠎ᠢ ᠬᠡᠷᠡᠭᠯᠡᠨ ᠰᠤᠷᠭ᠋ᠠᠭᠤᠯᠢ ᠵᠢᠨ 《ᠢᠨᠲ᠋ᠧᠷ ᠰᠦᠯᠵᠢᠶ᠎ᠡ + ᠢᠯᠡ ᠲᠣᠭᠣᠭ᠋ᠠᠨ           ᠭᠡᠷ》 ᠮᠡᠳᠡᠭᠡ ᠵᠠᠩᠭᠢ ᠵᠢᠨ ᠰᠢᠰᠲ᠋ᠧᠮ᠎ᠤᠨ ᠲᠠᠪᠴᠠᠩ᠎ᠤᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠪᠠ᠃ ᠬᠣᠭᠣᠯᠠᠨ ᠭᠡᠷ᠎ᠤᠨ ᠠᠵᠢᠯᠯᠠᠬᠤ ᠲᠠᠰᠤᠭ᠂ ᠪᠦᠳᠦᠭᠦᠯᠢᠭ ᠪᠣᠯᠪᠠᠰᠤᠷᠠᠭᠤᠯᠬᠤ ᠲᠠᠰᠤᠭ᠂ ᠭᠤᠯᠢᠷ ᠎ᠤᠨ ᠢᠳᠡᠭᠡᠨ ᠪᠣᠯᠪᠠᠰᠤᠷᠠᠭᠤᠯᠬᠤ ᠲᠠᠰᠤᠭ᠂ ᠤᠬᠢᠶᠠᠵᠤ ᠠᠷᠢᠭᠤᠳᠬᠠᠬᠤ ᠲᠠᠰᠤᠭ᠎ᠲᠤ ᠸᠢᠳᠢᠣ᠋ ᠤᠭᠰᠠᠷᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠯᠠᠨ ᠲᠥᠮᠡᠨ ᠺᠣᠮᠫᠢᠦ᠋ᠲ᠋ᠧᠷ᠂ ᠭᠠᠷ ᠤᠲᠠᠰᠤ ᠵᠡᠷᠭᠡ᠎ᠪᠠᠷ ᠳᠠᠮᠵᠢᠭᠤᠯᠤᠨ ᠢᠳᠡᠭᠡᠨ ᠪᠣᠯᠪᠠᠰᠤᠷᠠᠭᠤᠯᠬᠤ ᠶᠠᠪᠤᠴᠠ᠎ᠳᠤ ᠬᠢᠨᠠᠯᠲᠠ ᠲᠠᠯᠪᠢᠬᠤ ᠵᠢ ᠪᠠᠲᠤᠯᠠᠪᠠ᠃ ᠣᠳᠣᠬᠠᠨ᠎ᠳᠤ᠂ ᠬᠢᠶ᠎ᠠ ᠪᠠᠭᠰᠢ ᠲᠣᠭᠣᠷᠢᠭ᠎ᠤᠨ ᠰᠤᠷᠭ᠋ᠠᠭᠤᠯᠢ ᠵᠢᠨ ᠬᠣᠭᠣᠯᠠᠨ ᠭᠡᠷ ᠨᠢᠭᠡᠨᠲᠡ 《ᠢᠨᠲ᠋ᠧᠷ ᠰᠦᠯᠵᠢᠶ᠎ᠡ + ᠢᠯᠡ ᠲᠣᠭᠣᠭ᠋ᠠᠨ ᠭᠡᠷ》᠎ᠢ 100%᠎ᠪᠠᠷ ᠪᠦᠷᠬᠦᠭᠦᠯᠬᠦ ᠵᠢ ᠪᠡᠶᠡᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠵᠢᠨ 《ᠢᠳᠡᠭᠡᠨ᠎ᠤ ᠠᠮᠤᠷ ᠲᠦᠪᠰᠢᠨ》᠎ᠢ ᠦᠨᠡᠨ ᠬᠦ᠌ ᠪᠠᠲᠤᠯᠠᠪᠠ᠃
      ᠬᠢᠨᠠᠨ ᠬᠠᠮᠢᠶᠠᠷᠬᠤ ᠲᠣᠭᠲᠠᠴᠠ ᠵᠢ ᠨᠠᠷᠢᠯᠢᠭᠵᠢᠭᠤᠯᠪᠠ᠃ 《ᠭᠤᠷᠪᠠᠨ ᠳᠠᠩᠰᠠ ᠭᠤᠷᠪᠠᠨ ᠪᠢᠴᠢᠭ》᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ  ᠪᠠᠢ᠌ᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠪᠡ᠃ 《ᠭᠤᠷᠪᠠᠨ ᠳᠠᠩᠰᠠ》 ᠲᠤᠬᠠᠶ᠋ᠢᠯᠠᠪᠠᠯ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢᠨ ᠨᠠᠷᠢᠨ ᠳᠠᠩᠰᠠ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠨᠠᠷᠢᠨ ᠳᠠᠩᠰᠠ᠂ ᠠᠰᠠᠭᠤᠳᠠᠯ᠎ᠤᠨ ᠳᠠᠯᠳᠠ ᠭᠡᠮ᠎ᠤᠨ ᠨᠠᠷᠢᠨ ᠳᠠᠩᠰᠠ ᠪᠣᠯᠤᠨ᠎ᠠ᠃ 《ᠭᠤᠷᠪᠠᠨ ᠪᠢᠴᠢᠭ》 ᠲᠤᠬᠠᠶ᠋ᠢᠯᠠᠪᠠᠯ᠂ ᠠᠮᠤᠷ ᠲᠦᠪᠰᠢᠨ᠎ᠤ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠪᠢᠴᠢᠭ᠂ ᠭᠣᠣᠯᠳᠠᠯᠭ᠎ᠠ᠎ᠲᠠᠢ ᠠᠵᠢᠯ᠎ᠢ ᠰᠠᠨᠠᠭᠤᠯᠬᠤ  ᠪᠢᠴᠢᠭ᠂ ᠳᠣᠪᠣᠶ᠋ᠢᠮ᠎ᠠ ᠠᠰᠠᠭᠤᠳᠠᠯ᠎ᠢ ᠰᠢᠪᠠᠳᠠᠭᠤᠯᠤᠨ ᠰᠢᠢ᠍ᠳᠪᠦᠷᠢᠯᠡᠬᠦ ᠪᠢᠴᠢᠭ ᠪᠣᠯᠤᠨ᠎ᠠ᠃ 《ᠭᠤᠷᠪᠠᠨ ᠳᠠᠩᠰᠠ ᠭᠤᠷᠪᠠᠨ ᠪᠢᠴᠢᠭ》᠎ᠨᠢ ᠠᠮᠤᠷ ᠲᠦᠪᠰᠢᠨ᠎ᠤ ᠡᠳᠦᠷ ᠲᠤᠲᠤᠮ᠎ᠤᠨ ᠠᠵᠢᠯ᠎ᠤᠨ ᠡᠭᠦᠷᠭᠡ ᠵᠢ ᠨᠡᠩ ᠲᠣᠳᠤᠷᠬᠠᠢ᠌ᠯᠠᠵᠤ᠂ ᠬᠠᠷᠠᠯᠲᠠ ᠵᠢ ᠨᠡᠩ ᠲᠣᠳᠤᠷᠬᠠᠢ᠌ᠯᠠᠨ᠂ ᠬᠢᠨᠠᠯᠲᠠ ᠬᠠᠮᠢᠶᠠᠷᠤᠯᠲᠠ ᠵᠢ ᠨᠡᠩ ᠣᠨᠣᠪᠴᠢᠲᠠᠢ ᠪᠣᠯᠭ᠋ᠠᠪᠠ᠃ ᠰᠤᠷᠭ᠋ᠠᠭᠤᠯᠢ 《ᠠᠨ ᠺᠠᠩ᠎ᠳᠤ ᠪᠠᠢ᠌ᠴᠠᠭ᠋ᠠᠬᠤ》 APP ᠵᠢ ᠭᠦᠢ᠍ᠴᠡᠳ ᠠᠰᠢᠭᠯᠠᠨ᠂ 《ᠲᠠᠪᠤ ᠵᠢ ᠲᠣᠭᠲᠠᠭ᠋ᠠᠵᠤ ᠬᠠᠭᠤᠷᠮᠠᠭ᠎ᠢ ᠰᠡᠷᠭᠡᠶ᠋ᠢᠯᠡᠬᠦ ᠰᠡᠭᠦᠳᠡᠷᠯᠡᠬᠦ ᠮᠡᠷᠭᠡᠵᠢᠯ》᠎ᠢ ᠬᠡᠷᠡᠭᠯᠡᠨ ᠴᠠᠭ ᠲᠤᠬᠠᠢ᠎ᠳᠤ᠎ᠨᠢ ᠰᠡᠭᠦᠳᠡᠷᠯᠡᠨ ᠪᠦᠷᠢᠳᠭᠡᠭᠰᠡᠨ ᠲᠣᠭ᠎ᠠ ᠪᠠᠷᠢᠮᠲᠠ ᠵᠢ ᠳᠠᠮᠵᠢᠭᠤᠯᠵᠤ᠂ ᠡᠳᠦᠷ ᠪᠦᠷᠢ ᠥᠪᠡᠰᠦᠪᠡᠨ ᠪᠠᠢ᠌ᠴᠠᠭ᠋ᠠᠭᠰᠠᠨ ᠨᠠᠷᠢᠨ ᠳᠠᠩᠰᠠ ᠵᠢ ᠪᠠᠢ᠌ᠭᠤᠯᠵᠤ᠂ ᠰᠤᠷᠭ᠋ᠠᠭᠤᠯᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠠᠵᠢᠯ᠎ᠤᠨ ᠪᠢᠲᠡᠭᠦᠦ ᠴᠠᠭ᠋ᠠᠷᠢᠭ᠎ᠢ ᠪᠣᠢ           ᠪᠣᠯᠭ᠋ᠠᠪᠠ᠃ ᠣᠳᠣᠬᠠᠨ᠎ᠳᠤ᠂ ᠬᠠᠷᠢᠶ᠎ᠠ ᠣᠷᠣᠨ᠎ᠤ ᠪᠤᠢ ᠪᠦᠬᠦᠢ ᠬᠣᠭᠣᠯᠠ ᠬᠠᠩᠭ᠋ᠠᠬᠤ ᠰᠤᠷᠭ᠋ᠠᠭᠤᠯᠢ ᠴᠥᠮ ᠰᠠᠯᠬᠢᠨ ᠡᠵᠡᠮᠳᠡᠯ᠎ᠤᠨ ᠲᠠᠪᠴᠠᠩ᠎ᠳᠤ ᠣᠷᠣᠵᠤ᠂ ᠥᠪᠡᠰᠦᠪᠡᠨ ᠪᠠᠶ᠋ᠢᠴᠠᠭ᠋ᠠᠬᠤ ᠵᠢ 52852 ᠤᠳᠠᠭ᠎ᠠ᠂ ᠥᠪᠡᠰᠦᠪᠡᠨ ᠪᠠᠶ᠋ᠢᠴᠠᠭ᠋ᠠᠬᠤ ᠲᠦᠭᠰᠢᠭᠦᠷᠢ ᠵᠢᠨ ᠴᠡᠭ᠎ᠢ 35704 ᠤᠳᠠᠭ᠎ᠠ ᠪᠡᠶᠡᠯᠡᠭᠦᠯᠦᠭᠰᠡᠨ᠎ᠤ ᠬᠠᠮᠲᠤ᠂ 《ᠣᠶᠤᠨᠴᠢ ᠬᠢᠨᠠᠯᠲᠠ ᠬᠠᠮᠢᠶᠠᠷᠤᠯᠲᠠ ᠵᠢᠨ ᠭᠠᠷᠠᠭ᠎ᠤᠨ ᠲᠣᠭᠣᠷᠢᠨ ᠪᠠᠶ᠋ᠢᠴᠠᠭ᠋ᠠᠯᠲᠠ + ᠲᠤᠬᠠᠢ ᠵᠢᠨ ᠭᠠᠵᠠᠷ᠎ᠤᠨ ᠪᠠᠶ᠋ᠢᠴᠠᠭ᠋ᠠᠯᠲᠠ ᠵᠢᠨ           ᠰᠠᠷ᠎ᠠ》 ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠰᠤᠷᠭ᠋ᠠᠭᠤᠯᠢ ᠵᠢᠨ ᠬᠦᠷᠢᠶᠡᠨ ᠎ᠤ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠪᠠ᠃


      《ᠢᠵᠢ ᠨᠢᠳᠤᠷᠭ᠎ᠠ》 ᠵᠢ ᠰᠠᠶ᠋ᠢᠲᠤᠷ ᠴᠣᠬᠢᠵᠤ᠂ ᠰᠤᠷᠭ᠋ᠠᠭᠤᠯᠢ ᠵᠢᠨ ᠬᠦᠷᠢᠶᠡᠨ᠎ᠤ
      ᠬᠠᠯᠬᠠᠪᠴᠢ ᠵᠢᠨ 《ᠠᠮᠤᠷ ᠲᠦᠪᠰᠢᠨ᠎ᠤ ᠪᠣᠭᠣᠮᠲᠠ》 ᠵᠢ ᠰᠠᠶ᠋ᠢᠲᠤᠷ ᠠᠳᠬᠤᠪᠠ

      《ᠲᠠᠪᠤᠨ ᠬᠥᠮᠦᠵᠢᠯ》 ᠵᠶ᠋ᠠᠷ 《ᠤᠷᠢᠳᠴᠢᠯᠠᠨ ᠰᠡᠷᠭᠡᠶ᠋ᠢᠯᠡᠬᠦ》 ᠵᠢ ᠰᠠᠶ᠋ᠢᠲᠤᠷ ᠪᠡᠶᠡᠯᠡᠭᠦᠯᠪᠡ᠃ ᠰᠤᠷᠤᠭᠴᠢᠳ᠎ᠤᠨ ᠪᠣᠯᠪᠠᠰᠤᠨ ᠦᠢ᠍ᠯᠡ ᠠᠵᠢᠯᠯᠠᠭ᠎ᠠ ᠵᠢᠨ ᠳᠠᠳᠬᠠᠯ᠎ᠤᠨ ᠬᠥᠮᠥᠵᠢᠯ ᠪᠠ ᠠᠮᠤᠷ ᠲᠦᠪᠰᠢᠨ᠎ᠤ ᠬᠥᠮᠦᠵᠢᠯ᠎ᠢ ᠤᠶᠠᠯᠳᠤᠭᠤᠯᠵᠤ᠂ ᠠᠵᠢᠯᠯᠠᠭ᠋ᠠᠨ᠎ᠤ ᠶᠠᠪᠤᠴᠠ᠎ᠳᠤ ᠬᠥᠮᠦᠨ ᠬᠥᠮᠦᠵᠢᠭᠦᠯᠬᠦ ᠵᠢ ᠪᠠᠷᠢᠮᠲᠠᠯᠠᠪᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠢ ᠠᠰᠢᠭᠯᠠᠨ᠂ ᠠᠮᠤᠷ ᠲᠦᠪᠰᠢᠨ᠎ᠤ ᠭᠣᠣᠯ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠪᠡ᠃ ᠰᠤᠷᠭ᠋ᠠᠭᠤᠯᠢ  ᠵᠢᠨ ᠠᠮᠤᠷ  ᠳᠦᠪᠰᠢᠨ᠎ᠤ ᠬᠢᠴᠢᠶᠡᠯ᠎ᠢ ᠪᠦᠷᠢᠨ ᠭᠦᠢ᠍ᠴᠡᠳ ᠨᠡᠭᠡᠭᠡᠵᠦ ᠰᠤᠷᠤᠭᠴᠢᠳ᠎ᠲᠤ ᠬᠠᠤᠯᠢ᠎ᠪᠠᠷ ᠵᠠᠰᠠᠬᠤ ᠠᠮᠤᠷ ᠳᠦᠪᠰᠢᠨ᠎ᠤ ᠮᠡᠳᠡᠯᠭᠡ ᠵᠢ ᠰᠢᠰᠲ᠋ᠧᠮ᠎ᠲᠠᠢ  ᠰᠤᠷᠤᠯᠴᠠᠭᠤᠯᠪᠠ᠃ ᠰᠤᠷᠭ᠋ᠠᠭᠤᠯᠢ ᠵᠢᠨ ᠠᠮᠤᠷ ᠲᠦᠪᠰᠢᠨ᠎ᠤ ᠬᠥᠮᠦᠵᠢᠯ᠎ᠤᠨ 《1·5·30》 ᠵᠢᠨ ᠱᠠᠭ᠋ᠠᠷᠳᠠᠯᠭ᠎ᠠ (ᠬᠢᠴᠢᠶᠡᠯ ᠪᠦᠷᠢ ᠵᠢᠨ ᠳᠠᠷᠠᠭ᠋ᠠᠬᠢ 1 ᠮᠢᠨᠦ᠋ᠲ᠎ᠤᠨ ᠠᠮᠤᠷ ᠲᠦᠪᠰᠢᠨ᠎ᠤ ᠬᠥᠮᠦᠵᠢᠯ᠂ ᠡᠳᠦᠷ ᠪᠦᠷᠢ᠂ ᠭᠠᠷᠠᠭ ᠪᠦᠷᠢ 5 ᠮᠢᠨᠦ᠋ᠲ᠎ᠤᠨ ᠠᠮᠤᠷ ᠲᠦᠪᠰᠢᠨ᠎ᠤ ᠬᠥᠮᠦᠵᠢᠯ᠂ ᠪᠠᠶᠠᠷ ᠳᠤᠷᠠᠰᠬᠠᠯ ᠎ᠤᠨ ᠡᠳᠦᠷ ᠪᠦᠷᠢ 30 ᠮᠢᠨᠦ᠋ᠲ᠎ᠤᠨ ᠠᠮᠤᠷ ᠲᠦᠪᠰᠢᠨ᠎ᠤ ᠬᠥᠮᠦᠵᠢᠯ) ᠵᠢ ᠨᠠᠢ᠌ᠳᠠᠪᠤᠷᠢᠵᠢᠭᠤᠯᠪᠠ᠃ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠪᠣᠯᠤᠨ ᠨᠡᠶ᠋ᠢᠭᠡᠮ᠎ᠤᠨ ᠦᠢ᠍ᠯᠡᠳᠦᠯᠭᠡ ᠵᠢ ᠤᠶᠠᠯᠳᠤᠭᠤᠯᠬᠤ ᠵᠢ ᠪᠠᠷᠢᠮᠲᠠᠯᠠᠨ᠂ ᠰᠤᠷᠭ᠋ᠠᠭᠤᠯᠢ ᠵᠢᠨ ᠭᠠᠳᠠᠨᠠᠬᠢ ᠠᠮᠤᠷ ᠲᠦᠪᠰᠢᠨ ᠪᠠ ᠬᠠᠤᠯᠢ᠎ᠪᠠᠷ ᠵᠠᠰᠠᠬᠤ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠵᠢᠷᠤᠮᠵᠢᠭᠤᠯᠤᠨ᠂ ᠰᠤᠷᠤᠭᠴᠢᠳ᠎ᠤᠨ ᠠᠮᠤᠷ ᠲᠦᠪᠰᠢᠨ᠎ᠤ ᠤᠬᠠᠮᠰᠠᠷ᠎ᠢ  ᠳᠡᠭᠡᠭᠰᠢᠯᠡᠭᠦᠯᠪᠡ᠃ ᠰᠤᠷᠭ᠋ᠠᠭᠤᠯᠢ ᠵᠢᠨ ᠬᠦᠷᠢᠶᠡᠨ᠎ᠳᠤ ᠭᠣᠣᠯ ᠰᠡᠳᠦᠪᠲᠦ ᠲᠠᠷᠬᠠᠭ᠋ᠠᠨ ᠵᠠᠢ᠌ᠯᠠᠭᠤᠯᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠬᠦ ᠵᠢ ᠶᠡᠬᠡ᠎ᠪᠠᠷ ᠠᠬᠢᠭᠤᠯᠵᠤ᠂ ᠪᠠᠭᠰᠢ ᠰᠤᠷᠤᠭᠴᠢᠳ᠎ᠤᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦ ᠵᠢᠨ ᠮᠡᠳᠡᠯᠭᠡ ᠵᠢᠨ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠰᠡᠷᠭᠡᠶ᠋ᠢᠯᠡᠬᠦ ᠤᠬᠠᠮᠰᠠᠷ᠎ᠢ ᠴᠢᠩᠭ᠋ᠠᠷᠠᠭᠤᠯᠪᠠ᠃
      《ᠰᠤᠷᠭ᠋ᠠᠭᠤᠯᠢ ᠵᠢᠨ ᠬᠦᠷᠢᠶᠡᠨ᠎ᠤ ᠬᠠᠤᠯᠢ》 ᠪᠣᠯ 《ᠬᠡᠦᠬᠡᠳ᠎ᠤᠨ ᠬᠠᠮᠠᠭ᠋ᠠᠯᠠᠭᠴᠢ》 ᠪᠣᠯᠤᠨ᠎ᠠ᠃ ᠡᠯ᠎ᠡ ᠰᠤᠷᠭ᠋ᠠᠭᠤᠯᠢ ᠵᠢ ᠣᠯᠠᠨ ᠤᠳᠠᠭ᠎ᠠ ᠵᠣᠬᠢᠶᠠᠨ ᠪᠠᠶ᠋ᠢᠭᠤᠯᠵᠤ ᠣᠯᠠᠨ ᠶᠠᠩᠵᠤ ᠬᠡᠯᠪᠡᠷᠢ ᠵᠢᠨ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠡᠰᠡᠷᠭᠦᠴᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ᠃ 《ᠰᠢᠭᠦᠭᠴᠢ ᠡᠵᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》᠂ 《ᠵᠢᠱ᠌ᠢᠮᠡᠭ ᠰᠢᠭᠦᠬᠦ ᠲᠢᠩᠬᠢᠮ》 ᠵᠡᠷᠭᠡ ᠭᠣᠣᠯ ᠰᠡᠳᠦᠪᠲᠦ ᠬᠥᠮᠦᠵᠢᠯ ᠵᠶ᠋ᠠᠷ ᠳᠠᠮᠵᠢᠭᠤᠯᠤᠨ᠂ ᠰᠤᠷᠤᠭᠴᠢᠳ᠎ᠤᠨ ᠬᠠᠤᠯᠢ ᠴᠠᠭ᠋ᠠᠵᠠ ᠵᠢᠨ ᠬᠡᠪ ᠪᠣᠯᠪᠠᠰᠤᠷᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ 《ᠶᠡᠬᠡ ᠠᠮᠢ ᠠᠬᠤᠢ》 ᠵᠢ ᠪᠡᠬᠢᠵᠢᠭᠦᠯᠪᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠮᠵᠢᠯᠴᠠᠭ᠎ᠠ ᠪᠠ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠵᠢᠨ ᠬᠠᠮᠲᠤ ᠣᠯᠠᠨ ᠤᠳᠠᠭ᠎ᠠ ᠵᠠᠬ᠎ᠠ ᠳᠡᠯᠭᠡᠭᠦᠷ᠂ ᠡᠷᠡᠭᠦᠯ ᠬᠠᠮᠠᠭ᠋ᠠᠯᠠᠯ᠂ ᠳᠣᠲᠣᠭ᠋ᠠᠳᠤ ᠵᠢ ᠬᠠᠮᠠᠭ᠋ᠠᠯᠠᠬᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠣᠯᠪᠣᠭ᠋ᠠᠯᠠᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠮᠲᠤᠷᠠᠭᠰᠠᠨ ᠶᠡᠬᠡ ᠪᠠᠶ᠋ᠢᠴᠠᠭ᠋ᠠᠯᠲᠠ ᠵᠢᠴᠢ ᠰᠤᠷᠭ᠋ᠠᠭᠤᠯᠢ ᠵᠢᠨ ᠬᠦᠷᠢᠶᠡᠨ᠎ᠤ ᠡᠷᠭᠢᠨ ᠲᠣᠭᠣᠷᠢᠨ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠬᠢᠶ᠎ᠠ ᠪᠠᠭᠰᠢ ᠲᠣᠭᠣᠷᠢᠭ᠎ᠤᠨ ᠡᠯ᠎ᠡ ᠰᠤᠷᠭ᠋ᠠᠭᠤᠯᠢ᠎ᠳᠤ ᠣᠷᠣᠰᠢᠵᠤ ᠮᠡᠳᠡᠬᠦ ᠠᠮᠤᠷ ᠲᠦᠪᠰᠢᠨ᠎ᠤ ᠳᠠᠯᠳᠠ ᠭᠡᠮ᠎ᠢ ᠪᠤᠰᠤᠳᠴᠢ᠎ᠪᠠᠷ ᠵᠠᠳᠠᠯᠤᠨ ᠰᠤᠳᠤᠯᠵᠤ ᠮᠠᠭ᠋ᠠᠳᠯᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢᠴᠢ ᠠᠷᠭ᠎ᠠ ᠵᠢ ᠲᠣᠳᠣᠷᠬᠠᠶ᠋ᠢᠯᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠮᠤᠷ ᠲᠦᠪᠰᠢᠨ᠂ ᠡᠷᠡᠭᠦᠯ ᠮᠡᠨᠳᠦ᠎ᠪᠠᠷ ᠬᠥᠮᠦᠨ ᠬᠥᠮᠦᠵᠢᠭᠦᠯᠬᠦ ᠠᠮᠢ ᠠᠬᠤᠢ  ᠵᠢᠨ ᠣᠷᠴᠢᠨ ᠲᠣᠭᠣᠷᠢᠨ᠎ᠢ ᠪᠣᠢ ᠪᠣᠯᠭ᠋ᠠᠪᠠ᠃


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
                  
 
             蒙ICP备05000248号