ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠭᠣᠤᠯᠯᠠᠨ ᠡᠷᠭᠢᠯᠡᠵᠦ᠂ ᠰᠢᠯᠢ ᠵᠢᠨ ᠬᠣᠲᠠ ᠵᠢᠨ ᠮᠣᠩᠭᠣᠯ ᠳᠤᠮᠳᠠᠳᠤ ᠰᠤᠷᠭ᠋ᠠᠭᠤᠯᠢ᠎ᠠᠴᠠ ᠬᠠᠮᠲᠤᠷᠠᠨ ᠡᠷᠭᠢᠯᠡᠭᠰᠡᠨ ᠰᠢᠯᠢ ᠵᠢᠨ ᠭᠣᠤᠯ ᠠᠶ᠋ᠢᠮᠠᠭ᠎ᠤᠨ 2020 ᠣᠨ᠎ᠳᠤ᠎ᠬᠢ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠨᠴᠠᠯᠢᠬᠳᠤ ᠰᠤᠷᠭ᠋ᠠᠭᠤᠯᠢ ᠵᠢᠨ ᠬᠥᠯ ᠪᠥᠮᠪᠦᠭᠡᠨ᠎ᠤ ᠲᠤᠰᠬᠠᠶ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠪᠣᠯᠪᠠᠰᠤᠷᠠᠯ᠎ᠤᠨ ᠤᠷᠤᠯᠳᠤᠭ᠋ᠠᠨ ᠠᠮᠵᠢᠯᠲᠠ᠎ᠲᠠᠢ ᠥᠨᠳᠥᠷᠯᠡᠪᠡ᠃
ᠲᠣᠰ ᠤᠳᠠᠭ᠋ᠠᠨ᠎ᠤ ᠤᠷᠤᠯᠳᠤᠭ᠋ᠠᠨ᠎ᠳᠤ ᠳᠤᠮᠳᠠᠳᠤ ᠤᠯᠤᠰ᠎ᠤᠨ ᠬᠥᠯ ᠪᠥᠮᠪᠦᠭᠡᠨ᠎ᠤ ᠨᠡᠶ᠋ᠢᠭᠡᠮᠯᠢᠭ᠎ᠤᠨ CFA ᠯᠧᠺᠲ᠋ᠣᠷ᠂ ᠾᠧᠪᠧᠢ ᠵᠢᠨ ᠪᠠᠭᠰᠢ ᠵᠢᠨ ᠶᠡᠬᠡ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠯᠢᠦᠶ ᠵᠢᠶᠠᠨ ᠯᠢ ᠵᠢ ᠬᠢᠨᠠᠬᠤ ᠲᠤᠰᠬᠠᠶ ᠮᠡᠷᠭᠡᠵᠢᠯᠲᠡᠨ ᠵᠶ᠋ᠠᠷ ᠤᠷᠢᠪᠠ᠃ ᠤᠷᠤᠯᠳᠤᠭ᠋ᠠᠨ᠎ᠳᠤ ᠣᠨᠣᠯ᠎ᠤᠨ ᠰᠢᠯᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠤᠷ᠎ᠠ ᠴᠢᠳᠠᠪᠤᠷᠢ ᠵᠢᠨ ᠰᠢᠯᠭ᠋ᠠᠯᠲᠠ ᠵᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠵᠦ᠂ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠪᠠᠭᠰᠢ ᠨᠠᠷ ᠤᠷᠤᠯᠳᠤᠭ᠋ᠠᠨ᠎ᠠᠴᠠ ᠡᠮᠦᠨ᠎ᠡ ᠰᠢᠪᠠᠭ᠎ᠠ ᠳᠠᠲᠠᠵᠤ ᠳᠤᠭᠤᠢ᠌ᠯᠠᠩ ᠬᠤᠪᠢᠶᠠᠬᠤ ᠬᠡᠯᠪᠡᠷᠢ᠎ᠪᠠᠷ ᠳᠠᠮᠵᠢᠭᠤᠯᠤᠨ᠂ ᠵᠢᠭ᠋ᠠᠬᠤ ᠲᠥᠰᠦᠯ᠎ᠢ ᠨᠠᠶ᠋ᠢᠷᠠᠭᠤᠯᠤᠨ ᠪᠢᠴᠢᠬᠦ ᠰᠢᠯᠭ᠋ᠠᠯᠲᠠ᠂ ᠬᠥᠯ ᠪᠥᠮᠪᠦᠭᠡᠨ᠎ᠤ ᠤᠷᠤᠯᠳᠤᠭ᠋ᠠᠨ᠎ᠤ ᠳᠦᠷᠢᠮ᠎ᠤᠨ ᠰᠢᠯᠭ᠋ᠠᠯᠲᠠ᠂ ᠬᠥᠯ ᠪᠥᠮᠪᠦᠭᠡᠨ᠎ᠤ ᠤᠷ᠎ᠠ ᠴᠢᠳᠠᠪᠤᠷᠢ ᠵᠢᠨ ᠰᠢᠯᠭ᠋ᠠᠯᠲᠠ ᠵᠢᠴᠢ ᠬᠢᠴᠢᠶᠡᠯ᠎ᠤᠨ ᠲᠣᠭ᠋ᠠᠴᠢᠯ ᠬᠢᠵᠦ ᠠᠳᠠᠯᠢᠳᠬᠠᠨ ᠰᠢᠯᠭ᠋ᠠᠷᠠᠭᠤᠯᠬᠤ ᠵᠡᠷᠭᠡ ᠵᠢ ᠳᠡᠰ ᠳᠠᠷᠠᠭ᠋ᠠᠯᠠᠨ ᠶᠠᠪᠤᠭᠳᠠᠭᠤᠯᠵᠤ᠂ ᠤᠷᠤᠯᠳᠤᠭ᠋ᠠᠨ᠎ᠳᠤ ᠣᠷᠣᠯᠴᠠᠭᠰᠠᠨ ᠪᠠᠭᠰᠢ ᠨᠢᠭᠡ ᠪᠦᠷᠢ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠪᠣᠯᠪᠠᠰᠤᠷᠠᠯ ᠪᠠ ᠤᠷ᠎ᠠ ᠴᠢᠳᠠᠪᠤᠷᠢ ᠵᠢ ᠪᠥᠬᠥ ᠲᠠᠯ᠎ᠠ᠎ᠪᠠᠷ ᠬᠢᠨᠠᠨ ᠰᠢᠯᠭ᠋ᠠᠪᠠ᠃
ᠤᠷᠤᠯᠳᠤᠭ᠋ᠠᠨ᠎ᠨᠢ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠪᠠᠭᠰᠢ ᠨᠠᠷ᠎ᠲᠤ ᠰᠣᠯᠢᠯᠴᠠᠬᠤ ᠲᠣᠬᠢᠶᠠᠯ ᠬᠠᠩᠭ᠋ᠠᠵᠤ᠂ ᠬᠥᠯ ᠪᠥᠮᠪᠦᠭᠡᠨ᠎ᠤ ᠪᠠᠭᠰᠢ ᠵᠢᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠰᠢᠯᠭ᠋ᠠᠨ ᠪᠠᠶ᠋ᠢᠴᠠᠭ᠋ᠠᠵᠤ᠂ ᠲᠠᠷᠠᠭ᠋ᠠᠴᠢ ᠵᠢᠨ ᠠᠯᠬᠤᠮ᠎ᠳᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠢᠴᠢᠶᠡᠯ᠎ᠢ ᠨᠠᠩ ᠰᠠᠶ᠋ᠢᠲᠤᠷ ᠥᠷᠨᠢᠭᠦᠯᠵᠦ᠂ ᠬᠥᠯ ᠪᠥᠮᠪᠥᠭᠡ ᠵᠢ ᠲᠦᠭᠡᠮᠡᠯᠵᠢᠭᠦᠯᠬᠦ ᠠᠵᠢᠯ᠎ᠢ ᠰᠠᠶ᠋ᠢᠲᠤᠷ ᠬᠢᠬᠦ᠎ᠳᠤ ᠮᠠᠰᠢ ᠰᠠᠶ᠋ᠢᠨ ᠰᠠᠭᠤᠷᠢ ᠲᠠᠯᠪᠢᠵᠤ ᠥᠭᠪᠡ᠃
ᠲᠣᠰ ᠤᠳᠠᠭ᠋ᠠᠨ᠎ᠤ ᠤᠷᠤᠯᠳᠤᠭ᠋ᠠᠨ᠎ᠨᠢ ᠬᠣᠶᠠᠷ ᠡᠳᠦᠷ ᠶᠠᠪᠤᠭᠳᠠᠵᠤ᠂ ᠪᠥᠬᠥ ᠠᠶ᠋ᠢᠮᠠᠭ᠎ᠤᠨ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠣᠨᠴᠠᠯᠢᠭᠲᠤ ᠰᠤᠷᠭ᠋ᠠᠭᠤᠯᠢ ᠵᠢᠨ 70 ᠰᠢᠬᠠᠮ ᠬᠥᠯ ᠪᠥᠮᠪᠦᠭᠡᠨ᠎ᠤ ᠲᠤᠰᠬᠠᠶ ᠪᠠᠭᠰᠢ ᠤᠷᠤᠯᠳᠤᠭ᠋ᠠᠨ᠎ᠳᠤ ᠣᠷᠣᠯᠴᠠᠪᠠ᠃