ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠰᠢᠯᠢ ᠵᠢᠨ ᠭᠣᠤᠯ ᠠᠶ᠋ᠢᠮᠠᠭ᠎ᠤᠨ 2020 ᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠲᠠᠪᠤᠨ ᠬᠥᠮᠦᠨ᠎ᠤ ᠳᠦᠷᠢᠮᠲᠦ ᠤᠷᠤᠯᠳᠤᠭ᠋ᠠᠨ ᠪᠠ ᠴᠢᠶᠠᠷᠯᠢᠳᠢᠩ᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠥᠨᠳᠦᠷᠯᠡᠪᠡ
ᠨᠡᠶ᠋ᠢᠲᠡᠯᠡᠭᠰᠡᠨ ᠴᠠᠭ᠄ 2020-12-04


      ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠭᠣᠤᠯᠯᠠᠨ ᠡᠷᠭᠢᠯᠡᠵᠦ᠂ ᠰᠢᠯᠢ ᠵᠢᠨ ᠭᠣᠤᠯ   ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ᠂ ᠰᠢᠯᠢ ᠵᠢᠨ ᠬᠣᠲᠠ ᠵᠢᠨ ᠬᠥᠯ ᠪᠥᠮᠪᠦᠭᠡᠨ᠎ᠤ ᠨᠡᠶ᠋ᠢᠭᠡᠮᠯᠢᠭ᠎ᠠᠴᠠ ᠬᠠᠮᠲᠤᠷᠠᠨ ᠡᠷᠭᠢᠯᠡᠭᠰᠡᠨ ᠰᠢᠯᠢ ᠵᠢᠨ ᠭᠣᠤᠯ ᠠᠶ᠋ᠢᠮᠠᠭ᠎ᠤᠨ 2020 ᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ   ᠪᠥᠮᠪᠦᠭᠡᠨ᠎ᠤ ᠲᠠᠪᠤᠨ ᠬᠥᠮᠦᠨ᠎ᠤ ᠳᠦᠷᠢᠮᠲᠦ ᠤᠷᠤᠯᠳᠤᠭ᠋ᠠᠨ ᠪᠠ ᠴᠢᠶᠠᠷᠯᠢᠳᠢᠩ (cheerleading)᠎ᠤᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠤ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ ᠤᠷᠤᠯᠳᠤᠭ᠋ᠠᠨ ᠰᠢᠯᠢ ᠵᠢᠨ ᠭᠣᠤᠯ ᠠᠶ᠋ᠢᠮᠠᠭ᠎ᠤᠨ ᠪᠡᠶ᠎ᠡ ᠵᠢᠨ ᠲᠠᠮᠢᠷ᠎ᠤᠨ ᠲᠥᠪ᠎ᠲᠤ ᠥᠨᠳᠦᠷᠯᠡᠪᠡ᠃
      ᠲᠤᠰ ᠤᠳᠠᠭ᠋ᠠᠨ᠎ᠤ ᠤᠷᠤᠯᠳᠤᠭ᠋ᠠᠨ ᠪᠣᠯ ᠰᠢᠯᠢ ᠵᠢᠨ ᠭᠣᠣᠯ ᠠᠶ᠋ᠢᠮᠠᠭ᠎ᠠᠴᠠ ᠡᠷᠬᠢᠯᠡᠭᠰᠡᠨ ᠬᠣᠶᠠᠳᠤᠭ᠋ᠠᠷ ᠬᠤᠭᠤᠴᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠤᠷᠤᠯᠳᠤᠭ᠋ᠠᠨ ᠪᠠ ᠭᠤᠷᠪᠠᠳᠤᠭ᠋ᠠᠷ ᠬᠤᠭᠤᠴᠠᠭ᠋ᠠᠨ᠎ᠤ ᠴᠢᠶᠠᠷᠯᠢᠳᠢᠩ (cheerleading)᠎ᠤᠨ ᠤᠷᠤᠯᠳᠤᠭ᠋ᠠᠨ ᠪᠣᠯᠤᠨ᠎ᠠ᠃ ᠤᠷᠤᠯᠳᠤᠭ᠋ᠠᠨ᠎ᠳᠤ ᠪᠦᠬᠦ ᠠᠶ᠋ᠢᠮᠠᠭ᠎ᠤᠨ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠡᠷᠡᠭᠲᠡᠶ ᠡᠮᠡᠭᠲᠡᠶ ᠵᠢᠨ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ 16 ᠲᠥᠯᠥᠭᠡᠯᠡᠭᠴᠢ ᠵᠢᠨ ᠠᠩᠭᠢ ᠪᠠ ᠴᠢᠶᠠᠷᠯᠢᠳᠢᠩ (cheerleading)᠎ᠤᠨ 9 ᠲᠥᠯᠦᠭᠡᠯᠡᠭᠴᠢ ᠵᠢᠨ ᠠᠩᠭᠢ ᠵᠢᠨ 300 ᠭᠠᠷᠤᠶ ᠲᠠᠮᠢᠷᠴᠢᠨ ᠪᠣᠯᠤᠨ ᠰᠤᠷᠭ᠋ᠠᠭᠴᠢ ᠣᠷᠣᠯᠴᠠᠵᠠᠶ᠃ ᠤᠷᠤᠯᠳᠤᠭ᠋ᠠᠨ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠳᠣᠪᠴᠢᠶᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠲᠥᠪ᠎ᠤᠨ ᠪᠥᠬᠥ ᠤᠯᠤᠰ᠎ᠤᠨ ᠴᠢᠶᠠᠷᠯᠢᠳᠢᠩ (cheerleading)᠎ᠤᠨ ᠵᠦᠪᠯᠡᠯ᠎ᠤᠨ ᠳᠡᠯᠭᠡᠷᠡᠭᠦᠯᠬᠦ ᠬᠡᠯᠲᠡᠰ᠎ᠤᠨ ᠳᠠᠷᠤᠭ᠎ᠠ ᠸᠠᠩ ᠵᠢᠶᠠ ᠮᠢᠩ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠭᠤᠸᠠᠵᠢᠯ ᠬᠢᠮᠨᠠᠰᠲ᠋ᠢᠺ ᠴᠢᠶᠠᠷᠯᠢᠳᠢᠩ (cheerleading)᠎ᠤᠨ ᠬᠤᠪᠢᠶᠠᠷᠢ ᠨᠡᠶ᠋ᠢᠭᠡᠮᠯᠢᠭ᠎ᠤᠨ ᠳᠡᠳ᠋ ᠲᠡᠷᠢᠭᠦᠯᠡᠭᠴᠢ ᠭᠣᠤ ᠢᠦᠶ ᠲᠥᠩ ᠵᠡᠷᠭᠡ ᠤᠯᠤᠰ᠎ᠤᠨ ᠲᠠᠰ᠎ᠤᠨ ᠬᠢᠨᠠᠭᠴᠢ ᠵᠢ ᠳᠤᠰᠬᠠᠢ᠌ᠯᠠᠨ ᠤᠷᠢᠵᠤ ᠬᠢᠨᠠᠭᠴᠢ   ᠪᠣᠯᠭ᠋ᠠᠪᠠ᠃
      ᠤᠷᠤᠯᠳᠤᠭ᠋ᠠᠨ᠎ᠨᠢ 3 ᠡᠳᠦᠷ᠎ᠤᠨ ᠪᠠᠴᠢᠮ ᠰᠢᠷᠦᠭᠦᠨ ᠮᠥᠷᠥᠢ᠌ᠴᠡᠯᠳᠦᠭᠡᠨ ᠵᠶ᠋ᠠᠷ ᠳᠠᠮᠵᠢᠭ᠋ᠠᠳ᠂ ᠡᠴᠦᠰ᠎ᠲᠤ᠎ᠪᠠᠨ ᠰᠢᠯᠢ ᠵᠢᠨ ᠬᠣᠲᠠ ᠵᠢᠨ ᠮᠣᠩᠭᠣᠯ ᠦᠨᠳᠦᠰᠦᠲᠡᠨ᠎ᠤ ᠬᠣᠶᠠᠳᠤᠭ᠋ᠠᠷ ᠪᠠᠭ᠎ᠠ ᠰᠤᠷᠭ᠋ᠠᠭᠤᠯᠢ ᠵᠡᠷᠭᠡ 6 ᠪᠠᠭ᠎ᠠ ᠰᠤᠷᠭ᠋ᠠᠭᠤᠯᠢ᠎ᠨᠢ ᠴᠢᠶᠠᠷᠯᠢᠳᠢᠩ (cheerleading)᠎ᠤᠨ ᠤᠷᠤᠯᠳᠤᠭ᠋ᠠᠨ᠎ᠤ ᠡᠮᠦᠨ᠎ᠡ 6᠎ᠳᠤ ᠣᠷᠣᠪᠠ; ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠡᠷᠡᠭᠲᠡᠶ ᠵᠢᠨ ᠳᠤᠭᠤᠢ᠌ᠯᠠᠩ᠎ᠤᠨ ᠤᠷᠤᠯᠳᠤᠭ᠋ᠠᠨ᠎ᠳᠤ ᠵᠡᠭᠦᠨ ᠦᠵᠦᠮᠦᠴᠢᠨ ᠬᠣᠰᠢᠭᠤᠨ᠎ᠤ ᠮᠣᠩᠭᠣᠯ ᠦᠨᠳᠦᠰᠦᠲᠡᠨ᠎ᠤ ᠬᠣᠶᠠᠳᠤᠭ᠋ᠠᠷ ᠪᠠᠭ᠎ᠠ ᠰᠤᠷᠭ᠋ᠠᠭᠤᠯᠢ ᠵᠡᠷᠭᠡ 4 ᠪᠠᠭ᠎ᠠ ᠰᠤᠷᠭ᠋ᠠᠭᠤᠯᠢ ᠡᠮᠦᠨ᠎ᠡ 4᠎ᠳᠤ ᠣᠷᠣᠵᠠᠶ᠃ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠡᠮᠡᠭᠲᠡᠶ ᠵᠢᠨ ᠳᠤᠭᠤᠢ᠌ᠯᠠᠩ᠎ᠤᠨ ᠤᠷᠤᠯᠳᠤᠭ᠋ᠠᠨ᠎ᠳᠤ ᠰᠢᠯᠢ ᠵᠢᠨ ᠬᠣᠲᠠ ᠵᠢᠨ ᠮᠣᠩᠭᠣᠯ ᠦᠨᠳᠦᠰᠦᠲᠡᠨ᠎ᠤ ᠪᠠᠭ᠎ᠠ ᠰᠤᠷᠭ᠋ᠠᠭᠤᠯᠢ ᠵᠡᠷᠭᠡ 4 ᠪᠠᠭ᠎ᠠ ᠰᠤᠷᠭ᠋ᠠᠭᠤᠯᠢ ᠡᠮᠦᠨ᠎ᠡ 4᠎ᠳᠤ ᠣᠷᠤᠪᠠ᠃
      ᠲᠤᠰ ᠤᠳᠠᠭ᠋ᠠᠨ᠎ᠤ ᠤᠷᠤᠯᠳᠤᠭ᠋ᠠᠨ᠎ᠢ ᠡᠷᠬᠢᠯᠡᠭᠰᠡᠨ᠎ᠨᠢ ᠰᠤᠷᠭ᠋ᠠᠨ ᠬᠥᠮᠦᠵᠢᠯ᠎ᠤᠨ ᠶᠠᠮᠤᠨ᠎ᠠᠴᠠ ᠳᠡᠯᠭᠡᠷᠡᠭᠦᠯᠦᠭᠰᠡᠨ 《ᠨᠢᠭᠡ ᠰᠤᠷᠭ᠋ᠠᠭᠤᠯᠢ ᠨᠢᠭᠡ ᠪᠥᠮᠪᠥᠭᠡ ᠨᠢᠭᠡ ᠲᠠᠮᠢᠷ》᠎ᠤᠨ ᠲᠥᠷᠥ ᠵᠢᠨ ᠪᠣᠳᠣᠯᠭ᠎ᠠ ᠵᠢ ᠨᠠᠩ ᠰᠠᠢ᠌ᠲᠤᠷ ᠲᠤᠭᠤᠰᠢᠯᠠᠭᠤᠯᠵᠤ᠂ ᠬᠣᠶᠠᠷ ᠬᠥᠳᠡᠯᠭᠡᠭᠡᠨ᠎ᠤ ᠲᠥᠷᠥᠯ ᠵᠦᠢ᠍ᠯ᠎ᠢ ᠠᠭᠤᠰᠤᠯᠴᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠪᠣᠯᠤᠨ ᠨᠡᠷᠡᠨ ᠭᠡᠷᠡᠯᠲᠦ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠥᠷᠨᠢᠯᠲᠡ ᠵᠢ ᠪᠦᠲᠦᠮᠵᠢᠲᠡᠶ ᠠᠬᠢᠭᠤᠯᠤᠨ᠂ ᠰᠢᠯᠢ ᠵᠢᠨ ᠭᠣᠤᠯ ᠠᠶ᠋ᠢᠮᠠᠭ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠳᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠠᠶ᠋ᠢᠮᠠᠭ᠎ᠤᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠭᠦᠯᠪᠡ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ 2020 ᠣᠨ᠎ᠳᠤ᠎ᠬᠢ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠣᠨᠴᠠᠯᠢᠭᠲᠤ ᠰᠤᠷᠭ᠋ᠠᠭᠤᠯᠢ ᠵᠢᠨ ᠬᠥᠯ ᠪᠥᠮᠪᠦᠭᠡᠨ᠎ᠤ ᠲᠤᠰᠬᠠᠶ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠪᠣᠯᠪᠠᠰᠤᠷᠠᠯ᠎ᠤᠨ ᠤᠷᠤᠯᠳᠤᠭ᠋ᠠᠨ ᠥᠨᠳᠦᠷᠯᠡᠪᠡ
ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ 《ᠣᠭᠲᠠᠷᠭᠤᠢ ᠲᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠬᠥᠭᠵᠢᠯ ᠵᠶ᠋ᠠᠷ ᠪᠢᠯᠬᠠᠨᠠᠮ
ᠣᠷᠳᠣᠰ ᠬᠣᠲᠠ 2020 ᠣᠨ᠎ᠤ ᠥᠪᠥᠷ ᠮᠣᠩᠭᠣᠯ᠎ᠤᠨ ᠬᠥᠯ ᠪᠥᠮᠪᠦᠭᠡᠨ᠎ᠤ ᠦᠪᠡᠳᠡᠭᠰᠢ ᠶᠣᠰᠣᠯᠠᠯ ᠳᠡᠭᠡᠷ᠎ᠡ ᠣᠯᠠᠨ ᠱᠠᠩᠨᠠᠯ ᠲᠣᠰᠪᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ 《ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ》 ᠰᠤᠳᠤᠯᠤᠨ ᠶᠠᠷᠢᠯᠴᠠᠬᠤ ᠬᠤᠷᠠᠯ᠎ᠢ ᠣᠷᠳᠣᠰ ᠬᠣᠲᠠᠨ᠎ᠳᠤ ᠬᠤᠷᠠᠯᠳᠤᠭᠤᠯᠪᠠ
ᠣᠭᠲᠠᠷᠭᠤᠢ ᠳᠦᠭᠦᠷᠡᠩ ᠤᠳᠤᠨ ᠮᠡᠴᠢᠳ ᠤᠷᠤᠭᠰᠢᠯᠠᠬᠤ ᠵᠠᠮ᠎ᠢ ᠭᠡᠷᠡᠯᠲᠦᠭᠦᠯᠦᠨ᠎ᠡ — ᠦᠪᠦᠷ ᠮᠤᠨᠭ᠌ᠭᠤᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠲᠤᠷᠰᠢᠯᠭ᠎ᠠ᠎ᠪᠠᠨ ᠪᠦᠬᠦ ᠤᠯᠤᠰ᠎ᠤᠨ ᠳ᠋ᠦᠩᠨᠡᠨ ᠰᠣᠯᠢᠯᠴᠠᠬᠤ ᠬᠤᠷᠠᠯ ᠳᠡᠭᠡᠷ᠎ᠡ ᠠᠩᠬ᠎ᠠ ᠲᠠᠨᠢᠯᠴᠠᠭᠤᠯᠪᠠ
 
             蒙ICP备05000248号