ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠣᠷᠳᠣᠰ ᠬᠣᠲᠠ 2020 ᠣᠨ᠎ᠤ ᠥᠪᠥᠷ ᠮᠣᠩᠭᠣᠯ᠎ᠤᠨ ᠬᠥᠯ ᠪᠥᠮᠪᠦᠭᠡᠨ᠎ᠤ ᠦᠪᠡᠳᠡᠭᠰᠢ ᠶᠣᠰᠣᠯᠠᠯ ᠳᠡᠭᠡᠷ᠎ᠡ ᠣᠯᠠᠨ ᠱᠠᠩᠨᠠᠯ ᠲᠣᠰᠪᠠ
ᠨᠡᠶ᠋ᠢᠲᠡᠯᠡᠭᠰᠡᠨ ᠴᠠᠭ᠄ 2021-03-31

      ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠠᠬᠢᠭᠤᠯᠬᠤ ᠠᠵᠢᠯ᠎ᠢ ᠤᠳᠤᠷᠢᠳᠬᠤ ᠳᠤᠭᠤᠶ᠋ᠢᠯᠠᠩ᠎ᠤᠨ ᠬᠥᠯ ᠪᠥᠮᠪᠦᠭᠡᠨ᠎ᠤ ᠬᠥᠳᠡᠯᠭᠡᠭᠡᠨ᠎ᠤ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠵᠢᠨ ᠲᠤᠰᠬᠠᠶ ᠠᠵᠢᠯ᠎ᠢ ᠵᠣᠬᠢᠴᠠᠭᠤᠯᠵᠤ ᠠᠬᠢᠭᠤᠯᠬᠤ ᠠᠯᠪᠠᠨ ᠬᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠂ ᠥᠪᠥᠷ ᠮᠣᠩᠭᠣᠯ᠎ᠤᠨ ᠬᠥᠯ ᠪᠥᠮᠪᠦᠭᠡᠨ᠎ᠤ ᠨᠡᠶ᠋ᠢᠭᠡᠮᠯᠢᠭ᠂ ᠬᠥᠯ ᠪᠥᠮᠪᠦᠭᠡᠨ᠎ᠤ ᠰᠤᠪᠠᠭ᠎ᠠᠴᠠ ᠳᠠᠭ᠋ᠠᠭ᠋ᠠᠴᠢᠯᠠᠨ ᠡᠷᠭᠢᠯᠡᠭᠰᠡᠨ 2020 ᠣᠨ᠎ᠤ ᠥᠪᠥᠷ ᠮᠣᠩᠭᠣᠯ᠎ᠤᠨ ᠬᠥᠯ ᠪᠥᠮᠪᠦᠭᠡᠨ᠎ᠤ ᠦᠪᠡᠳᠡᠭᠰᠢ ᠶᠣᠰᠣᠯᠠᠯ᠎ᠤᠨ ᠱᠠᠩᠨᠠᠯ ᠣᠯᠭᠣᠬᠤ ᠦᠳᠡᠰᠢᠯᠡᠭᠡ ᠬᠥᠬᠡᠬᠣᠲᠠ᠎ᠳᠤ ᠶᠠᠪᠤᠭᠳᠠᠪᠠ᠃
      ᠥᠪᠥᠷ ᠮᠣᠩᠭᠣᠯ᠎ᠤᠨ ᠬᠥᠯ ᠪᠥᠮᠪᠦᠭᠡᠨ᠎ᠤ ᠦᠪᠡᠳᠡᠭᠰᠢ ᠶᠣᠰᠣᠯᠠᠯ ᠪᠣᠯ ᠥᠪᠥᠷ ᠮᠣᠩᠭᠣᠯ᠎ᠤᠨ ᠬᠥᠯ ᠪᠥᠮᠪᠦᠭᠡᠨ᠎ᠤ ᠬᠥᠳᠡᠯᠭᠡᠭᠡᠨ᠎ᠤ ᠬᠠᠮᠤᠭ᠎ᠤᠨ ᠳᠡᠭᠡᠳᠦ ᠢᠷᠠᠭᠤ ᠠᠯᠳᠠᠷ᠎ᠤᠨ ᠣᠷᠳᠣᠨ ᠪᠣᠯᠤᠨ᠎ᠠ᠂ ᠥᠪᠥᠷ ᠮᠣᠩᠭᠣᠯ᠎ᠤᠨ ᠬᠥᠯ ᠪᠥᠮᠪᠦᠭᠡᠨ᠎ᠤ ᠥᠭᠡᠷᠡᠴᠢᠯᠡᠯᠲᠡ ᠬᠥᠭᠵᠢᠭᠦᠯᠦᠯᠲᠡ ᠵᠢᠨ ᠲᠠᠪᠤᠨ ᠵᠢᠯ᠎ᠢ ᠬᠠᠮᠲᠤ ᠲᠤᠭᠤᠯᠵᠤ᠂ ᠥᠪᠥᠷ ᠮᠣᠩᠭᠣᠯ᠎ᠤᠨ ᠬᠥᠯ ᠪᠥᠮᠪᠦᠭᠡᠨ᠎ᠤ 《ᠲᠡᠭ ᠡᠬᠢᠯᠡᠯᠲᠡ》᠎ᠠᠴᠠ 《ᠪᠥᠬᠥ ᠲᠠᠯ᠎ᠠ᠎ᠪᠠᠷ ᠴᠡᠴᠡᠭᠯᠡᠭᠰᠡᠨ》 ᠬᠥᠭᠵᠢᠯᠲᠡ ᠵᠢᠨ ᠶᠠᠪᠤᠴᠠ ᠵᠢ ᠭᠡᠷᠡᠴᠢᠯᠡᠪᠡ᠃
     2020 ᠣᠨ ᠪᠣᠯ ᠲᠤᠶ᠋ᠢᠯ᠎ᠤᠨ ᠶᠡᠷᠦ ᠪᠤᠰᠤ ᠵᠢᠨ ᠨᠢᠭᠡ ᠵᠢᠯ ᠶᠤᠮ᠂ ᠣᠷᠳᠣᠰ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠠᠯᠠᠮᠵᠢᠯᠠᠯ ᠪᠠ ᠳᠡᠮᠵᠢᠯᠭᠡ ᠳᠤᠤᠷ᠎ᠠ᠂ ᠰᠤᠷᠭ᠋ᠠᠨ ᠬᠥᠮᠦᠵᠢᠯ ᠪᠠ ᠪᠡᠶ᠎ᠡ ᠵᠢᠨ ᠲᠠᠮᠢᠷ᠎ᠤᠨ ᠭᠦᠨᠵᠡᠭᠡᠶ ᠠᠭᠤᠰᠤᠯᠴᠠᠯ᠎ᠤᠨ ᠲᠡᠦᠬᠡᠨ ᠠᠵᠠ ᠲᠣᠬᠢᠶᠠᠯ᠎ᠤᠨ ᠡᠮᠦᠨ᠎ᠡ᠂ ᠬᠣᠯᠪᠤᠭᠳᠠᠬᠤ ᠰᠠᠯᠠᠭ᠎ᠠ ᠮᠥᠴᠢᠷ ᠵᠢᠴᠢ ᠬᠥᠯ   ᠪᠥᠮᠪᠦᠭᠡᠴᠢᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ ᠳᠡᠮᠵᠢᠨ᠂ ᠪᠥᠬᠥ ᠬᠣᠲᠠ ᠵᠢᠨ ᠬᠥᠯ ᠪᠥᠮᠪᠦᠭᠡᠨ᠎ᠤ ᠦᠢ᠍ᠯᠡᠰ ᠡᠯᠪᠡᠭ ᠪᠠᠶᠠᠯᠢᠭ ᠦᠷ᠎ᠡ   ᠪᠥᠲᠦᠮᠵᠢ ᠵᠢ ᠣᠯᠵᠠᠶ᠃ ᠣᠷᠳᠣᠰ ᠬᠣᠲᠠ᠎ᠨᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠤᠷᠤᠯᠳᠤᠭ᠋ᠠᠨ᠎ᠤ ᠲᠣᠭᠣᠷᠢᠭ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠯᠢᠳᠡᠭ ᠨᠢᠭᠡᠴᠢ᠂ ᠣᠷᠣᠨ ᠨᠤᠲᠤᠭ᠎ᠤᠨ ᠨᠠᠷᠠᠲᠤ ᠲᠡᠮᠳᠡᠭᠲᠦ ᠵᠢᠨ ᠰᠢᠯᠢᠳᠡᠭ ᠤᠷᠤᠯᠳᠤᠭ᠋ᠠᠨ᠂ ᠬᠥᠯ ᠪᠥᠮᠪᠦᠭᠡᠨ᠎ᠤ ᠰᠢᠯᠢᠳᠡᠭ ᠤᠨᠴᠠᠯᠢᠭᠳᠤ ᠰᠤᠷᠭ᠋ᠠᠭᠤᠯᠢ (ᠬᠦᠷᠢᠶᠡᠯᠡᠩ)᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠯᠢᠳᠡᠭ ᠺᠯᠦ᠋ᠪ ᠵᠡᠷᠭᠡ 9 ᠵᠦᠢ᠍ᠯ᠎ᠤᠨ ᠬᠠᠮᠲᠤ ᠵᠢᠨ ᠱᠠᠩᠨᠠᠯ (20 ᠨᠢᠭᠡᠴᠢ ᠪᠠ ᠬᠠᠮᠲᠤ ᠨᠡᠶ᠋ᠢᠲᠡ ᠵᠢ ᠪᠠᠭᠲᠠᠭ᠋ᠠᠨ᠎ᠠ)᠎ᠢ ᠭᠥᠷᠳᠡᠪᠡ᠃ ᠡᠭᠦᠨ᠎ᠳᠤ ᠳᠠᠯᠠᠳ ᠬᠣᠰᠢᠭᠤ ᠪᠥᠬᠥ ᠣᠷᠣᠨ᠎ᠤ ᠰᠢᠯᠢᠳᠡᠭ ᠵᠣᠬᠢᠶᠠᠨ   ᠪᠠᠢ᠌ᠭᠤᠯᠤᠭᠰᠠᠨ ᠬᠣᠰᠢᠭᠤᠨ (ᠲᠣᠭᠣᠷᠢᠭ)᠎ᠤ ᠱᠠᠩᠨᠠᠯ᠂ ᠣᠭᠲᠠᠷᠭᠤᠢ ᠳᠦᠭᠦᠷᠡᠩ ᠣᠳᠣᠨ ᠮᠡᠴᠢᠳ ᠰᠢᠯᠢᠳᠡᠭ ᠪᠣᠯᠪᠠᠰᠤᠷᠠᠭᠤᠯᠬᠤ ᠪᠠᠭᠤᠴᠠ ᠵᠢᠨ 2 ᠲᠣᠮᠣ ᠱᠠᠩᠨᠠᠯ᠎ᠢ ᠭᠥᠷᠳᠡᠵᠦ᠂ ᠰᠢᠶᠧ ᠶᠤᠸᠠᠨ ᠹᠧᠩ᠂ ᠪᠠᠶ ᠰᠢᠶᠠᠨ ᠹᠧᠩ᠂ ᠲᠢᠶᠠᠨ ᠿᠥᠩ ᠶᠣᠣ ᠵᠡᠷᠭᠡ 30 ᠰᠢᠬᠠᠮ ᠬᠥᠮᠦᠨ ᠪᠥᠬᠥ ᠣᠷᠣᠨ᠎ᠤ ᠬᠥᠯ ᠪᠥᠮᠪᠦᠭᠡᠨ᠎ᠤ ᠰᠢᠯᠢᠳᠡᠭ ᠠᠵᠢᠯᠲᠠᠨ᠂ ᠰᠢᠯᠢᠳᠡᠭ ᠰᠤᠷᠭ᠋ᠠᠭᠴᠢ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠢᠯᠢᠳᠡᠭ ᠰᠤᠷᠭ᠋ᠠᠭᠴᠢ᠂ ᠬᠠᠮᠤᠭ᠎ᠤᠨ ᠰᠢᠯᠢᠳᠡᠭ ᠬᠢᠨᠠᠭᠴᠢ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠢᠷᠡᠭᠡᠳᠦᠶ ᠵᠢᠨ ᠣᠳᠣᠨ ᠵᠡᠷᠭᠡ ᠬᠤᠪᠢ ᠬᠥᠮᠦᠨ᠎ᠤ ᠱᠠᠩᠨᠠᠯ᠎ᠢ ᠭᠥᠷᠳᠡᠪᠡ᠃  

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ 《ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ》 ᠰᠤᠳᠤᠯᠤᠨ ᠶᠠᠷᠢᠯᠴᠠᠬᠤ ᠬᠤᠷᠠᠯ᠎ᠢ ᠣᠷᠳᠣᠰ ᠬᠣᠲᠠᠨ᠎ᠳᠤ ᠬᠤᠷᠠᠯᠳᠤᠭᠤᠯᠪᠠ
ᠣᠭᠲᠠᠷᠭᠤᠢ ᠳᠦᠭᠦᠷᠡᠩ ᠤᠳᠤᠨ ᠮᠡᠴᠢᠳ ᠤᠷᠤᠭᠰᠢᠯᠠᠬᠤ ᠵᠠᠮ᠎ᠢ ᠭᠡᠷᠡᠯᠲᠦᠭᠦᠯᠦᠨ᠎ᠡ — ᠦᠪᠦᠷ ᠮᠤᠨᠭ᠌ᠭᠤᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠲᠤᠷᠰᠢᠯᠭ᠎ᠠ᠎ᠪᠠᠨ ᠪᠦᠬᠦ ᠤᠯᠤᠰ᠎ᠤᠨ ᠳ᠋ᠦᠩᠨᠡᠨ ᠰᠣᠯᠢᠯᠴᠠᠬᠤ ᠬᠤᠷᠠᠯ ᠳᠡᠭᠡᠷ᠎ᠡ ᠠᠩᠬ᠎ᠠ ᠲᠠᠨᠢᠯᠴᠠᠭᠤᠯᠪᠠ
《ᠣᠭᠲᠠᠷᠭᠤᠢ ᠳᠦᠭᠦᠷᠡᠩ ᠣᠳᠣᠨ ᠮᠡᠴᠢᠳ》᠂ ᠤᠷᠤᠯᠳᠤᠭ᠋ᠠᠨ᠎ᠤ ᠲᠠᠯᠠᠪᠠᠢ᠎ᠳᠠᠬᠢ ᠬᠥᠯ ᠪᠥᠮᠪᠦᠭᠡᠴᠢᠳ—2021 ᠣᠨ᠎ᠤ ᠦᠪᠦᠷ ᠮᠤᠨᠭ᠌ᠭᠤᠯ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠤᠷᠤᠯᠳᠤᠭ᠋ᠠᠨ ᠡᠬᠢᠯᠡᠪᠡ
2021 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠠᠮᠵᠢᠯᠲᠠᠲᠠᠢ ᠥᠨᠳᠥᠷᠯᠡᠪᠡ
ᠠᠯᠲᠠᠨ ᠨᠠᠮᠤᠷ᠎ᠤᠨ ᠠᠷᠪᠠᠨ ᠰᠠᠷ᠎ᠠ᠎ᠳᠠᠬᠢ ᠰᠤᠷᠤᠭᠴᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ
 
             蒙ICP备05000248号