ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ 《ᠣᠭᠲᠠᠷᠭᠤᠢ ᠲᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠬᠥᠭᠵᠢᠯ ᠵᠶ᠋ᠠᠷ ᠪᠢᠯᠬᠠᠨᠠᠮ
ᠨᠡᠶ᠋ᠢᠲᠡᠯᠡᠭᠰᠡᠨ ᠴᠠᠭ᠄ 2021-03-05


     3 ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠭᠠᠷᠠᠭ᠎ᠤᠨ ᠰᠡᠭᠦᠯᠴᠢ ᠵᠢᠨ ᠬᠣᠯᠪᠣᠭ᠋ᠠᠲᠤ ᠤᠷᠤᠯᠳᠤᠭ᠋ᠠᠨ᠎ᠤ ᠭᠤᠷᠪᠠᠨ ᠲᠣᠭᠣᠷᠢᠭ᠎ᠤᠨ ᠮᠠᠩᠯᠠᠶ ᠪᠤᠯᠢᠶᠠᠯᠳᠤᠬᠤ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠣᠷᠳᠣᠰ ᠬᠣᠲᠠ ᠵᠢᠨ ᠳᠠᠯᠠᠳ ᠬᠣᠰᠢᠭᠤᠨ᠎ᠤ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ᠎ᠳᠤ ᠶᠠᠪᠤᠭᠳᠠᠪᠠ᠃ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠵᠢᠨ ᠨᠢᠭᠡᠨ ᠪᠦᠷᠢᠯᠳᠦᠭᠦᠨ ᠪᠣᠯᠬᠤ ᠳᠠᠯᠠᠳ ᠬᠣᠰᠢᠭᠤᠨ᠎ᠤ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ ᠵᠢᠨ ᠬᠥᠯ ᠪᠥᠮᠪᠦᠭᠡᠨ᠎ᠤ ᠠᠩᠭᠢ ᠵᠢᠨ ᠭᠡᠰᠢᠭᠦᠳ ᠲᠡᠷᠢᠭᠦᠨ ᠱᠠᠩᠨᠠᠯ᠎ᠤᠨ ᠬᠤᠨᠳᠠᠭ᠎ᠠ ᠵᠢ ᠲᠤᠰᠴᠤ ᠠᠪᠤᠭ᠋ᠠᠳ᠂ ᠰᠤᠷᠭ᠋ᠠᠭᠤᠯᠢ ᠡᠬᠢᠯᠡᠬᠦ ᠵᠢᠨ ᠠᠭᠤᠯᠵᠠᠯᠲᠠ ᠵᠢᠨ ᠣᠨᠴᠠᠭ᠋ᠠᠢ ᠪᠡᠯᠡᠭ ᠪᠣᠯᠭ᠋ᠠᠪᠠ᠃
     2018 ᠣᠨ᠎ᠳᠤ ᠰᠤᠷᠭ᠋ᠠᠨ ᠬᠥᠮᠦᠵᠢᠯ᠎ᠤᠨ ᠶᠠᠮᠤᠨ᠎ᠠᠴᠠ ᠨᠡᠢ᠌ᠲᠡᠯᠡᠭᠰᠡᠨ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠠᠩᠬᠠᠳᠠᠭᠴᠢ ᠪᠦᠯᠦᠭ᠎ᠤᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ᠎ᠳᠤ᠂ ᠣᠷᠳᠣᠰ ᠬᠣᠲᠠ ᠵᠢᠨ ᠳᠠᠯᠠᠳ ᠬᠣᠰᠢᠭᠤ ᠨᠡᠷ᠎ᠡ ᠲᠣᠳᠣᠷᠠᠪᠠ᠃ ᠣᠳᠣ ᠪᠣᠯᠲᠠᠯ᠎ᠠ᠂ ᠪᠦᠬᠦ ᠬᠣᠰᠢᠭᠤᠨ᠎ᠤ 41 ᠳᠤᠮᠳᠠᠳᠤ ᠪᠠᠭ᠎ᠠ ᠰᠤᠷᠭ᠋ᠠᠭᠤᠯᠢ᠎ᠳᠤ᠂ 40 ᠪᠣᠯᠪᠠᠰᠤᠷᠠᠯ᠎ᠤᠨ ᠴᠡᠭ᠂ ᠵᠡᠭᠦᠨ᠂ ᠪᠠᠷᠠᠭᠤᠨ ᠬᠣᠶᠠᠷ ᠰᠣᠳᠣᠴᠤᠤᠯ᠎ᠤᠨ ᠪᠣᠯᠪᠠᠰᠤᠷᠠᠯ᠎ᠤᠨ ᠪᠠᠭᠤᠴᠠ ᠪᠠ ᠨᠢᠭᠡ ᠶᠡᠷᠦᠩᠬᠡᠢ ᠪᠠᠭᠤᠴᠠ᠎ᠲᠠᠢ ᠪᠠᠢ᠌ᠵᠤ᠂ U 6 - U 17 ᠬᠦᠷᠲᠡᠯᠡᠬᠢ ᠡᠯ᠎ᠡ ᠨᠠᠰᠤᠨ᠎ᠤ 12 ᠰᠣᠳᠣᠴᠤᠤᠯ᠎ᠤᠨ ᠪᠣᠯᠪᠠᠰᠤᠷᠠᠯ᠎ᠤᠨ ᠪᠠᠭᠤᠴᠠᠨ᠎ᠤ ᠳᠣᠭᠲᠠᠯᠴᠠᠭ᠎ᠠ ᠵᠢ ᠪᠠᠶ᠋ᠢᠭᠤᠯᠪᠠ᠃
      ᠬᠤᠷᠠᠪᠠᠯ ᠪᠥᠭᠡᠮ ᠭᠠᠯ᠂ ᠰᠠᠴᠤᠪᠠᠯ ᠲᠥᠭᠡᠮᠡᠯ ᠣᠳᠣ᠃ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ᠎ᠨᠢ ᠲᠤᠬᠠᠶ ᠵᠢᠨ ᠭᠠᠵᠠᠷ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠪᠠᠭᠰᠢ᠂ ᠰᠤᠷᠭ᠋ᠠᠭᠴᠢ ᠪᠠ ᠬᠠᠮᠤᠭ᠎ᠤᠨ ᠰᠠᠶ᠋ᠢᠨ ᠵᠢᠭᠰᠠᠭ᠋ᠠᠯ᠎ᠤᠨ ᠭᠡᠰᠢᠭᠦᠳ᠎ᠲᠠᠢ ᠬᠠᠮᠲᠤ᠎ᠪᠠᠷ ᠰᠤᠷᠤᠯᠴᠠᠨ ᠤᠷ᠎ᠠ ᠮᠡᠷᠭᠡᠰᠢᠯ ᠵᠶ᠋ᠡᠨ ᠰᠣᠯᠢᠯᠴᠠᠵᠤ᠂ ᠳᠠᠬᠢᠨ ᠲᠣᠰ ᠲᠣᠰ᠎ᠤᠨ ᠰᠤᠷᠭ᠋ᠠᠭᠤᠯᠢ᠂ ᠬᠡᠷ ᠪᠦᠯᠢ ᠪᠠ ᠨᠡᠶ᠋ᠢᠭᠡᠮ ᠲᠣᠭᠣᠷᠢᠭ᠎ᠲᠤ᠎ᠪᠠᠨ ᠪᠤᠴᠠᠵᠤ᠂ ᠡᠳᠦᠷ ᠲᠤᠲᠤᠮ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠳᠣᠭᠲᠠᠯᠴᠠᠭ᠋ᠠᠨ᠎ᠳᠤ ᠪᠤᠴᠠᠵᠤ᠂ ᠳᠠᠭᠤᠷᠢᠶᠠᠯ ᠦᠵᠡᠭᠦᠯᠬᠦ ᠪᠠ ᠳᠠᠶ᠋ᠢᠴᠢᠯᠠᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠪᠠ᠃ ᠭᠤᠷᠪᠠᠨ ᠣᠷᠣᠨ᠎ᠤ ᠮᠠᠩᠯᠠᠢ   ᠪᠤᠯᠢᠶᠠᠯᠳᠤᠬᠤ ᠤᠷᠤᠯᠳᠤᠭ᠋ᠠᠨ᠎ᠨᠢ 《ᠴᠤᠭᠯᠠᠷᠠᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠯ᠎ᠡ ᠣᠷᠣᠨ ᠪᠦᠰᠡ ᠵᠢᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠᠨ᠎ᠳᠤ ᠤᠷᠤᠯᠳᠤᠭ᠋ᠠᠨ᠎ᠤ ᠲᠠᠪᠴᠠᠩ᠎ᠢ ᠬᠠᠩᠭ᠋ᠠᠵᠤ᠂ ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠤᠨ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠵᠤ᠂ ᠤᠷᠤᠯᠳᠤᠭ᠋ᠠᠨ᠎ᠤ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ   ᠪᠥᠮᠪᠦᠭᠡᠨ᠎ᠤ ᠬᠥᠭᠵᠢᠯᠲᠡ ᠵᠢ ᠠᠬᠢᠭᠤᠯᠤᠭᠰᠠᠨ ᠪᠠᠶ᠋ᠢᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠣᠷᠳᠣᠰ ᠬᠣᠲᠠ 2020 ᠣᠨ᠎ᠤ ᠥᠪᠥᠷ ᠮᠣᠩᠭᠣᠯ᠎ᠤᠨ ᠬᠥᠯ ᠪᠥᠮᠪᠦᠭᠡᠨ᠎ᠤ ᠦᠪᠡᠳᠡᠭᠰᠢ ᠶᠣᠰᠣᠯᠠᠯ ᠳᠡᠭᠡᠷ᠎ᠡ ᠣᠯᠠᠨ ᠱᠠᠩᠨᠠᠯ ᠲᠣᠰᠪᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ 《ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ》 ᠰᠤᠳᠤᠯᠤᠨ ᠶᠠᠷᠢᠯᠴᠠᠬᠤ ᠬᠤᠷᠠᠯ᠎ᠢ ᠣᠷᠳᠣᠰ ᠬᠣᠲᠠᠨ᠎ᠳᠤ ᠬᠤᠷᠠᠯᠳᠤᠭᠤᠯᠪᠠ
ᠣᠭᠲᠠᠷᠭᠤᠢ ᠳᠦᠭᠦᠷᠡᠩ ᠤᠳᠤᠨ ᠮᠡᠴᠢᠳ ᠤᠷᠤᠭᠰᠢᠯᠠᠬᠤ ᠵᠠᠮ᠎ᠢ ᠭᠡᠷᠡᠯᠲᠦᠭᠦᠯᠦᠨ᠎ᠡ — ᠦᠪᠦᠷ ᠮᠤᠨᠭ᠌ᠭᠤᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠲᠤᠷᠰᠢᠯᠭ᠎ᠠ᠎ᠪᠠᠨ ᠪᠦᠬᠦ ᠤᠯᠤᠰ᠎ᠤᠨ ᠳ᠋ᠦᠩᠨᠡᠨ ᠰᠣᠯᠢᠯᠴᠠᠬᠤ ᠬᠤᠷᠠᠯ ᠳᠡᠭᠡᠷ᠎ᠡ ᠠᠩᠬ᠎ᠠ ᠲᠠᠨᠢᠯᠴᠠᠭᠤᠯᠪᠠ
《ᠣᠭᠲᠠᠷᠭᠤᠢ ᠳᠦᠭᠦᠷᠡᠩ ᠣᠳᠣᠨ ᠮᠡᠴᠢᠳ》᠂ ᠤᠷᠤᠯᠳᠤᠭ᠋ᠠᠨ᠎ᠤ ᠲᠠᠯᠠᠪᠠᠢ᠎ᠳᠠᠬᠢ ᠬᠥᠯ ᠪᠥᠮᠪᠦᠭᠡᠴᠢᠳ—2021 ᠣᠨ᠎ᠤ ᠦᠪᠦᠷ ᠮᠤᠨᠭ᠌ᠭᠤᠯ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠤᠷᠤᠯᠳᠤᠭ᠋ᠠᠨ ᠡᠬᠢᠯᠡᠪᠡ
2021 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠠᠮᠵᠢᠯᠲᠠᠲᠠᠢ ᠥᠨᠳᠥᠷᠯᠡᠪᠡ
 
             蒙ICP备05000248号