ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
《ᠣᠭᠲᠠᠷᠭᠤᠢ ᠳᠦᠭᠦᠷᠡᠩ ᠣᠳᠣᠨ ᠮᠡᠴᠢᠳ》᠂ ᠤᠷᠤᠯᠳᠤᠭ᠋ᠠᠨ᠎ᠤ ᠲᠠᠯᠠᠪᠠᠢ᠎ᠳᠠᠬᠢ ᠬᠥᠯ ᠪᠥᠮᠪᠦᠭᠡᠴᠢᠳ—2021 ᠣᠨ᠎ᠤ ᠦᠪᠦᠷ ᠮᠤᠨᠭ᠌ᠭᠤᠯ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2021-05-17

     5 ᠰᠠᠷ᠎ᠠ ᠵᠢᠨ 10᠎ᠤ ᠡᠳᠦᠷ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ 2021 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠯᠠᠭᠤᠴᠤᠳ ᠪᠠᠭ᠋ᠠᠴᠤᠳ᠎ᠤᠨ ᠬᠦᠯ   ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠵᠢᠴᠢ ᠵᠠᠯᠠᠭᠤᠴᠤᠳ ᠪᠠᠭ᠋ᠠᠴᠤᠳ᠎ᠤᠨ ᠬᠦᠯ ᠪᠥᠮᠪᠦᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ   ᠡᠬᠢᠯᠡᠯᠲᠡ ᠵᠢᠨ ᠶᠤᠰᠦᠯᠡᠯ᠎ᠳᠤ ᠣᠷᠣᠯᠴᠠᠪᠠ


     5 ᠰᠠᠷ᠎ᠠ ᠵᠢᠨ 9 ᠪᠠ 5 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠ ᠪᠡᠶ᠎ᠡ ᠵᠢᠨ ᠲᠠᠮᠢᠷ᠎ᠤᠨ ᠳᠣᠪᠴᠢᠶᠠᠨ᠎ᠠᠴᠠ ᠬᠠᠮᠲᠤᠷᠠᠨ ᠡᠷᠭᠢᠯᠡᠭᠰᠡᠨ ᠪᠥᠬᠥ ᠣᠷᠣᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠪᠠᠭᠤᠴᠠᠨ᠎ᠤ U12 ᠬᠣᠯᠪᠣᠭ᠋ᠠᠲᠤ ᠤᠷᠤᠯᠳᠤᠭ᠋ᠠᠨ᠂ ᠪᠥᠬᠥ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠣᠷᠣᠭᠴᠢ (ᠵᠠᠯᠠᠭᠤᠴᠤᠳ) ᠵᠢᠨ ᠲᠠᠮᠢᠷ᠎ᠤᠨ ᠴᠤᠭᠯᠠᠭ᠋ᠠᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠬᠥᠯ ᠪᠥᠮᠪᠦᠭᠡᠨ᠎ᠤ ᠤᠷᠤᠯᠳᠤᠭ᠋ᠠᠨ᠂ ᠪᠥᠬᠥ ᠣᠷᠣᠨ᠎ᠤ ᠤᠶᠤᠲᠠᠳ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠤᠭᠤᠶ᠋ᠢᠯᠠᠩ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠪᠠ ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠵᠢᠴᠢ ᠵᠠᠯᠠᠭᠤᠴᠤᠳ ᠪᠠᠭ᠋ᠠᠴᠤᠳ᠎ᠤᠨ ᠬᠥᠯ   ᠪᠥᠮᠪᠦᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠡᠷᠭᠡ ᠵᠠᠯᠠᠭᠤᠴᠤᠳ ᠪᠠᠭ᠋ᠠᠴᠤᠳ ᠪᠠ ᠰᠤᠷᠭ᠋ᠠᠭᠤᠯᠢ ᠵᠢᠨ ᠬᠦᠷᠢᠶᠡᠨ᠎ᠤ 4 ᠵᠦᠢ᠍ᠯ᠎ᠤᠨ ᠤᠷᠤᠯᠳᠤᠭ᠋ᠠᠨ ᠵᠡᠷᠭᠡ᠎ᠪᠠᠷ ᠡᠬᠢᠯᠡᠵᠦ᠂ 110 ᠬᠥᠯ ᠪᠥᠮᠪᠦᠭᠡᠨ᠎ᠤ ᠠᠩᠭᠢ ᠵᠢᠨ 2000 ᠭᠠᠷᠤᠶ ᠲᠠᠮᠢᠷᠴᠢᠨ ᠨᠣᠮᠢᠨ ᠨᠣᠭᠣᠭ᠋ᠠᠨ ᠵᠦᠯᠭᠡᠨ ᠳᠡᠭᠡᠷ᠎ᠡ ᠣᠮᠣᠭ ᠵᠣᠷᠢᠭ ᠵᠶ᠋ᠠᠨ ᠬᠥᠪᠴᠢᠯᠡᠵᠦ᠂ ᠰᠢᠷᠦᠭᠦᠨ ᠮᠥᠷᠦᠢ᠌ᠴᠡᠭᠡᠨ ᠶᠠᠪᠤᠭᠤᠯᠪᠠ᠃


      ᠪᠥᠬᠥ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠳᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠤᠷᠤᠯᠳᠤᠭ᠋ᠠᠨ᠎ᠤ ᠠᠬᠤᠢ ᠲᠠᠯᠠᠪᠠᠢ


     4   ᠵᠦᠢ᠍ᠯ᠎ᠤᠨ ᠤᠷᠤᠯᠳᠤᠭ᠋ᠠᠨ᠎ᠨᠢ ᠲᠣᠰ ᠲᠣᠰ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠥᠯ ᠪᠥᠮᠪᠦᠭᠡᠨ᠎ᠤ ᠳᠡᠭᠡᠳᠦ ᠰᠤᠷᠭ᠋ᠠᠭᠤᠯᠢ᠂ ᠦᠪᠦᠷ ᠮᠤᠨᠭ᠌ᠭᠤᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠣᠮᠪᠦᠭᠡᠨ᠎ᠤ ᠰᠠᠭᠤᠷᠢᠨ ᠭᠠᠵᠠᠷ ᠪᠠ ᠪᠤᠭᠤᠲᠤ ᠬᠣᠲᠠ ᠵᠢᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ᠎ᠳᠤ 5 ᠰᠠᠷ᠎ᠠ ᠵᠢᠨ 9᠎ᠤ ᠡᠳᠦᠷ᠎ᠠᠴᠠ ᠡᠬᠢᠯᠡᠨ 5 ᠰᠠᠷ᠎ᠠ ᠵᠢᠨ 16᠎ᠤ ᠡᠳᠦᠷ ᠪᠣᠯᠲᠠᠯ᠎ᠠ ᠶᠠᠪᠤᠭᠳᠠᠨ᠎ᠠ᠃ ᠡᠭᠦᠨ᠎ᠳᠤ᠂ ᠪᠥᠬᠥ ᠣᠷᠣᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠪᠠᠭᠤᠴᠠᠨ᠎ᠤ U12 ᠬᠣᠯᠪᠣᠭ᠋ᠠᠲᠤ ᠤᠷᠤᠯᠳᠤᠭ᠋ᠠᠨ ᠪᠣᠯ 2021 ᠣᠨ᠎ᠤ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠤᠷᠤᠯᠳᠤᠭ᠋ᠠᠨ᠂ ᠲᠥᠪᠯᠡᠷᠡᠭᠦᠯᠦᠨ ᠪᠣᠯᠪᠠᠰᠤᠷᠠᠭᠤᠯᠬᠤ᠂ ᠡᠬᠢ ᠪᠠᠶᠠᠯᠢᠭ᠎ᠢ ᠰᠢᠯᠢᠨ ᠰᠣᠩᠭᠣᠬᠤ ᠵᠢ ᠠᠩᠬ᠎ᠠ ᠤᠳᠠᠭ᠎ᠠ ᠬᠠᠶ᠋ᠢᠨ ᠰᠦᠪᠡᠭᠴᠢᠯᠡᠭᠰᠡᠨ ᠰᠢᠨ᠎ᠡ ᠬᠡᠯᠪᠡᠷᠢ ᠵᠢᠨ ᠤᠷᠤᠯᠳᠤᠭ᠋ᠠᠨ ᠪᠠᠢ᠌ᠵᠤ᠂ ᠰᠤᠷᠭ᠋ᠠᠭᠤᠯᠢ᠎ᠠᠴᠠ ᠠᠩᠭᠢ ᠪᠠᠶ᠋ᠢᠭᠤᠯᠬᠤ ᠤᠯᠠᠮᠵᠢᠯᠠᠯ᠎ᠢ ᠡᠪᠳᠡᠵᠦ᠂ ᠠᠶ᠋ᠢᠮᠠᠭ ᠬᠣᠲᠠ᠎ᠠᠴᠠ ᠰᠢᠯᠭ᠋ᠠᠷᠠᠭᠤᠯᠤᠨ ᠠᠩᠭᠢ ᠪᠠᠶ᠋ᠢᠭᠤᠯᠵᠤ ᠤᠷᠤᠯᠳᠤᠭ᠋ᠠᠨ᠎ᠳᠤ ᠣᠷᠣᠯᠴᠠᠭᠤᠯᠬᠤ᠎ᠪᠠᠷ ᠪᠠᠷᠠᠬᠤ ᠥᠬᠡᠶ ᠪᠠᠰᠠ ᠵᠠᠯᠠᠭᠤᠴᠤᠳ᠎ᠤᠨ ᠪᠣᠯᠪᠠᠰᠤᠷᠠᠯ᠎ᠤᠨ ᠤᠷᠤᠯᠳᠤᠭ᠋ᠠᠨ᠎ᠤ 《U》 ᠰᠢᠷᠢᠰ ᠡᠯᠧᠮᠧᠨ᠋ᠲ᠎ᠢ ᠰᠢᠨᠵᠢᠯᠡᠬᠦ ᠤᠬᠠᠭ᠋ᠠᠨᠴᠢ᠎ᠪᠠᠷ ᠠᠭᠤᠰᠬᠠᠭᠰᠠᠨ᠎ᠤ ᠬᠠᠮᠲᠤ ᠪᠥᠬᠥ ᠤᠯᠤᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠠᠮᠤᠭ᠎ᠤᠨ ᠰᠢᠯᠢᠳᠡᠭ ᠡᠩᠨᠡᠭᠡᠨ᠎ᠤ ᠰᠢᠯᠭ᠋ᠠᠷᠠᠭᠤᠯᠤᠯᠲᠠ ᠵᠢᠨ ᠠᠵᠢᠯᠯᠠᠭ᠎ᠠ ᠵᠢ ᠶᠠᠪ ᠴᠠᠪ ᠵᠣᠯᠭ᠋ᠠᠭᠤᠯᠵᠤ᠂ ᠤᠷᠤᠯᠳᠤᠭ᠋ᠠᠨ᠎ᠤ ᠶᠠᠪᠤᠴᠠ᠎ᠳᠠᠬᠢ ᠰᠣᠩᠭᠣᠯᠲᠠ᠂ ᠤᠷᠤᠯᠳᠤᠭ᠋ᠠᠨ᠎ᠤ ᠶᠠᠪᠤᠴᠠ᠎ᠳᠠᠬᠢ ᠪᠣᠯᠪᠠᠰᠤᠷᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠣᠨᠣᠯᠵᠢᠬᠤᠨ᠎ᠢ ᠢᠯᠡᠷᠡᠭᠦᠯᠪᠡ; ᠪᠥᠬᠥ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠣᠷᠣᠭᠴᠢ (ᠵᠠᠯᠠᠭᠤᠴᠤᠳ) ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠨᠢ 2021 ᠣᠨ᠎ᠤ ᠪᠥᠬᠥ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠣᠷᠣᠭᠴᠢ (ᠵᠠᠯᠠᠭᠤᠴᠤᠳ) ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠩᠬᠠᠨ᠎ᠤ ᠤᠷᠤᠯᠳᠤᠭ᠋ᠠᠨ ᠪᠣᠯᠬᠤ᠎ᠪᠠᠷ ᠪᠠᠷᠠᠬᠤ ᠥᠬᠡᠶ᠂ ᠪᠠᠰᠠ ᠤᠷᠤᠯᠳᠤᠭ᠋ᠠᠨ᠎ᠤ ᠶᠠᠪᠤᠴᠠ᠎ᠳᠤ ᠰᠢᠯᠢᠳᠡᠭ ᠲᠠᠮᠢᠷᠴᠢᠨ᠎ᠢ ᠰᠣᠩᠭᠣᠵᠤ ᠦᠪᠦᠷ ᠮᠤᠨᠭ᠌ᠭᠤᠯ᠎ᠢ ᠲᠥᠯᠦᠭᠡᠯᠡᠨ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠭᠤᠯᠤᠨ᠎ᠠ; ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠵᠢᠴᠢ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠪᠠ ᠪᠥᠬᠥ ᠣᠷᠣᠨ᠎ᠤ ᠤᠶᠤᠲᠠᠳ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠤᠭᠤᠶ᠋ᠢᠯᠠᠩ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠪᠣᠯ ᠬᠥᠯ ᠪᠥᠮᠪᠦᠭᠡᠨ᠎ᠤ ᠥᠭᠡᠷᠡᠴᠢᠯᠡᠯᠲᠡ᠎ᠠᠴᠠ ᠨᠠᠭ᠋ᠠᠰᠢ 6 ᠬᠤᠭᠤᠴᠠᠭ᠎ᠠ᠎ᠠᠴᠠ ᠳᠡᠭᠡᠭᠰᠢᠬᠢ ᠤᠯᠠᠮᠵᠢᠯᠠᠯᠲᠤ ᠪᠠᠶ᠋ᠢᠩᠭᠤ ᠵᠢᠨ ᠤᠷᠤᠯᠳᠤᠭ᠋ᠠᠨ ᠡᠷᠭᠢᠯᠡᠬᠦ ᠵᠢ ᠪᠠᠷᠢᠮᠲᠠᠯᠠᠵᠤ᠂ ᠨᠢᠭᠡᠨᠲᠡ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠡᠯᠪᠡᠭ ᠪᠠᠶᠠᠯᠢᠭ ᠡᠬᠢ ᠪᠠᠶᠠᠯᠢᠭ᠎ᠢ   ᠬᠤᠷᠠᠮᠳᠤᠭᠤᠯᠬᠤ ᠪᠠ ᠤᠷᠤᠯᠳᠤᠭ᠋ᠠᠨ᠎ᠳᠤ ᠣᠷᠣᠯᠴᠠᠬᠤ ᠬᠥᠮᠦᠰ᠎ᠢ ᠴᠤᠭᠯᠠᠭᠤᠯᠵᠠᠢ᠃


      ᠪᠥᠬᠥ ᠣᠷᠣᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠪᠠᠭᠤᠴᠠᠨ᠎ᠤ U12 ᠬᠣᠯᠪᠣᠭ᠋ᠠᠲᠤ ᠤᠷᠤᠯᠳᠤᠭ᠋ᠠᠨ᠎ᠤ ᠠᠬᠤᠢ ᠲᠠᠯᠠᠪᠠᠢ


     2021 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠣᠷᠣᠭᠴᠢ (ᠵᠠᠯᠠᠭᠤᠴᠤᠳ) ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠲᠥᠰᠦᠯ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤᠨ ᠤᠷᠤᠯᠳᠤᠭ᠋ᠠᠨ᠎ᠤ ᠠᠬᠤᠢ ᠲᠠᠯᠠᠪᠠᠢ


     2020 ᠣᠨ᠎ᠤ 12 ᠰᠠᠷ᠎ᠠ ᠵᠢᠨ 31᠎ᠤ ᠡᠳᠦᠷ᠂ 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ ᠦᠪᠦᠷ ᠮᠤᠨᠭ᠌ᠭᠤᠯ᠎ᠤᠨ ᠬᠥᠯ ᠪᠥᠮᠪᠦᠭᠡᠨ᠎ᠤ ᠥᠭᠡᠷᠡᠴᠢᠯᠡᠯᠲᠡ ᠬᠥᠭᠵᠢᠭᠦᠯᠦᠯᠲᠡ ᠵᠢ ᠠᠬᠢᠭᠤᠯᠬᠤ ᠲᠤᠬᠠᠶ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠡᠨ ᠲᠢᠨᠭᠬᠢᠮ᠎ᠤᠨ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠮᠠᠨ᠎ᠤ ᠣᠷᠣᠨ᠎ᠤ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠨᠢᠭᠡᠳᠦᠯᠲᠡᠶ ᠲᠥᠯᠥᠪᠯᠡᠨ᠂ ᠰᠤᠷᠭ᠋ᠠᠭᠤᠯᠢ ᠵᠢᠨ ᠬᠦᠷᠢᠶᠡᠨ᠎ᠤ ᠬᠥᠯ   ᠪᠥᠮᠪᠦᠭᠡᠨ᠎ᠤ ᠤᠨᠴᠠᠯᠢᠭᠳᠤ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ ᠡᠷᠴᠢᠮ᠎ᠢ ᠦᠷᠭᠦᠯᠵᠢᠯᠡᠨ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠯ ᠪᠥᠮᠪᠦᠭᠡᠨ᠎ᠤ ᠬᠢᠴᠢᠶᠡᠯ᠎ᠤᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠠᠬᠢᠭᠤᠯᠵᠤ᠂ ᠤᠨᠴᠠᠯᠢᠭᠳᠤ ᠰᠤᠷᠭ᠋ᠠᠭᠤᠯᠢ ᠵᠢᠨ ᠭᠠᠷᠠᠭ ᠪᠦᠷᠢ ᠨᠢᠭᠡ ᠤᠳᠠᠭ᠋ᠠᠨ᠎ᠤ ᠬᠥᠯ ᠪᠥᠮᠪᠦᠭᠡᠨ᠎ᠤ ᠬᠢᠴᠢᠶᠡᠯ ᠣᠷᠣᠬᠤ ᠬᠠᠲᠠᠭᠤ ᠱᠠᠭ᠋ᠠᠷᠳᠠᠯᠭ᠎ᠠ ᠵᠢ ᠨᠡᠢ᠌ᠲᠡᠯᠡᠪᠡ; ᠵᠠᠯᠠᠭᠤᠴᠤᠳ᠎ᠤᠨ ᠪᠣᠯᠪᠠᠰᠤᠷᠠᠯ᠎ᠤᠨ ᠳᠣᠭᠲᠠᠠᠯᠴᠠᠭ᠋ᠠᠨ᠎ᠤ ᠪᠠᠶ᠋ᠢᠭᠤᠯᠤᠯᠲᠠ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠦᠯᠢᠭᠡᠷ ᠵᠢᠱ᠌ᠢᠶ᠎ᠡ ᠰᠤᠷᠭ᠋ᠠᠭᠤᠯᠢ ᠵᠢ ᠰᠢᠯᠭ᠋ᠠᠷᠠᠭᠤᠯᠵᠤ᠂ ᠡᠭᠦᠳᠦᠨ ᠪᠠᠶ᠋ᠢᠭᠤᠯᠬᠤ ᠠᠵᠢᠯ ᠪᠠ ᠬᠣᠰᠢᠭᠤ ᠰᠢᠶᠠᠨ᠎ᠤ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠪᠣᠯᠪᠠᠰᠤᠷᠠᠯ᠎ᠤᠨ ᠪᠠᠭᠤᠴᠠ᠂ ᠠᠶ᠋ᠢᠮᠠᠭ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠪᠣᠯᠪᠠᠰᠤᠷᠠᠯ᠎ᠤᠨ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠪᠣᠯᠪᠠᠰᠤᠷᠠᠯ᠎ᠤᠨ ᠲᠥᠪ᠎ᠢ ᠪᠥᠲᠥᠭᠡᠨ   ᠪᠠᠢ᠌ᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠳᠣᠭᠲᠠᠯᠴᠠᠭ᠎ᠠ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ ᠬᠣᠯᠪᠣᠭ᠋ᠠᠯᠠᠨ ᠨᠢᠭᠡ ᠴᠤᠭᠴᠠᠵᠢᠭᠤᠯᠤᠭᠰᠠᠨ ᠤᠷᠤᠯᠳᠤᠭ᠋ᠠᠨ᠎ᠤ ᠲᠥᠰᠦᠯ ᠪᠠ ᠵᠢᠯ᠎ᠤᠨ ᠤᠷᠤᠯᠳᠤᠭ᠋ᠠᠨ᠎ᠤ ᠲᠥᠰᠦᠪ᠎ᠢ ᠪᠦᠷᠢᠳᠦᠭᠦᠯᠵᠦ᠂ ᠡᠯ᠎ᠡ ᠭᠠᠵᠠᠷ ᠣᠷᠣᠨ ᠵᠢᠴᠢ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠯ᠎ᠡ ᠰᠤᠷᠤᠯᠭ᠎ᠠ ᠵᠢᠨ ᠱᠠᠲᠤᠨ᠎ᠳᠤ ᠭᠠᠷᠠᠭ᠎ᠤᠨ ᠰᠡᠭᠦᠯᠴᠢ ᠵᠢᠨ ᠡᠵᠡᠨ ᠪᠠ ᠵᠣᠴᠢᠨ ᠲᠠᠯᠠᠪᠠᠢ ᠵᠢᠨ ᠬᠣᠯᠪᠣᠭ᠋ᠠᠲᠤ ᠤᠷᠤᠯᠳᠤᠭ᠋ᠠᠨ᠎ᠢ ᠠᠯᠬᠤᠮ ᠠᠯᠬᠤᠮ ᠵᠶ᠋ᠠᠷ ᠳᠡᠯᠭᠡᠷᠡᠭᠦᠯᠵᠦ᠂ ᠬᠡᠤᠬᠡᠳ᠎ᠤᠨ ᠴᠡᠴᠡᠷᠯᠢᠭ᠎ᠲᠤ ᠰᠣᠨᠢᠷᠬᠠᠯᠲᠤ ᠬᠥᠯ ᠪᠥᠮᠪᠦᠭᠡᠨ᠎ᠤ ᠬᠥᠳᠡᠯᠭᠡᠭᠡᠨ᠎ᠢ ᠥᠷᠭᠡᠨ ᠵᠶ᠋ᠠᠷ ᠥᠷᠨᠢᠭᠦᠯᠪᠡ᠃
      ᠮᠠᠨ᠎ᠤ ᠣᠷᠣᠨ᠎ᠤ ᠬᠥᠯ ᠪᠥᠮᠪᠦᠭᠡᠨ᠎ᠤ ᠥᠭᠡᠷᠡᠴᠢᠯᠡᠯᠲᠡ ᠵᠢᠨ ᠠᠵᠢᠯ ᠶᠠᠭ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ ᠵᠠᠮ᠎ᠳᠤ᠎ᠪᠠᠨ ᠣᠷᠣᠵᠤ᠂ ᠤᠷᠤᠯᠳᠤᠭ᠋ᠠᠨ᠎ᠤ ᠳᠣᠭᠲᠠᠯᠴᠠᠭ᠋ᠠᠨ᠎ᠤ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ᠂ ᠬᠥᠯ ᠪᠥᠮᠪᠦᠭᠡᠨ᠎ᠤ ᠴᠢᠳᠠᠪᠤᠷᠢᠲᠠᠨ᠎ᠤ ᠦᠰᠦᠨ ᠪᠣᠶ᠋ᠢᠵᠢᠯᠲᠠ ᠵᠢᠨ 《ᠰᠢᠭᠤᠳ ᠨᠡᠪᠲᠡᠷᠡᠬᠦ ᠲᠡᠷᠭᠡ》 ᠵᠢ ᠨᠡᠪᠲᠡᠷᠡᠭᠦᠯᠬᠦ᠎ᠪᠠᠷ ᠱᠠᠲᠤᠴᠢ ᠴᠢᠨᠠᠷᠲᠠᠶ ᠬᠠᠷᠠᠯᠲᠠ ᠪᠣᠯᠭ᠋ᠠᠵᠤ᠂ ᠨᠠᠩ ᠭᠦᠨ ᠨᠠᠩ ᠥᠷᠭᠡᠨ ᠬᠦᠷᠢᠶ᠎ᠡ ᠲᠡᠢ᠌ᠰᠢ ᠲᠠᠰᠤᠷᠠᠯᠲᠠ ᠥᠬᠡᠶ ᠤᠷᠤᠭᠰᠢᠯᠠᠨ ᠬᠥᠭᠵᠢᠵᠦ ᠪᠠᠶ᠋ᠢᠨ᠎ᠠ᠃
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2021 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠠᠮᠵᠢᠯᠲᠠᠲᠠᠢ ᠥᠨᠳᠥᠷᠯᠡᠪᠡ
ᠠᠯᠲᠠᠨ ᠨᠠᠮᠤᠷ᠎ᠤᠨ ᠠᠷᠪᠠᠨ ᠰᠠᠷ᠎ᠠ᠎ᠳᠠᠬᠢ ᠰᠤᠷᠤᠭᠴᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ
             2024 - 2025                        
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ ᠥᠨᠳᠦᠷᠯᠡᠪᠡ
 
             蒙ICP备05000248号