
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠷᠦᠩᠬᠡᠶ ᠰᠤᠷᠭ᠋ᠠᠭᠤᠯᠢ ᠪᠠᠶ᠋ᠢᠴᠠᠭ᠋ᠠᠭᠴᠢ ᠵᠠᠩ ᠰᠢ ᠷᠦᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠳᠤ ᠱᠠᠩᠨᠠᠯ ᠭᠠᠷᠳᠠᠭᠤᠯᠪᠠ
《ᠴᠢᠷᠮᠠᠢ! ᠴᠢᠷᠮᠠᠢ!〉 ᠭᠡᠬᠦ ᠳᠠᠭᠤᠨ᠂ ᠬᠡᠩᠭᠡᠷᠭᠡ ᠵᠢᠨ ᠳᠠᠭᠤᠨ᠂ ᠤᠷᠠᠢ ᠳᠠᠭᠤᠨ ᠬᠡᠰᠡᠭ ᠦᠷᠭᠦᠯᠵᠢᠯᠡᠵᠦ ᠬᠡᠰᠡᠭ ᠥᠨᠳᠦᠷᠵᠢᠵᠦ ᠪᠠᠢ᠌ᠯ᠎ᠠ᠃
6 ᠰᠠᠷ᠎ᠠ ᠵᠢᠨ 21᠎ᠤ ᠣᠷᠣᠶ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠳᠤ ᠳ᠋ᠧᠩ᠎ᠤᠨ ᠬᠡᠷᠡᠯ ᠳᠤᠸᠠᠯᠠᠵᠤ᠂ ᠪᠡᠶ᠎ᠡ ᠵᠢᠨ ᠲᠠᠮᠢᠷ᠎ᠤᠨ ᠲᠠᠯᠠᠪᠠᠶ ᠬᠥᠭᠵᠢᠶᠡᠨ ᠨᠠᠷᠬᠢᠶᠠᠨ ᠵᠶ᠋ᠠᠷ ᠳᠦᠭᠦᠷᠪᠡ᠃ 5 ᠡᠳᠦᠷ᠎ᠤᠨ ᠬᠤᠷᠴᠠ ᠰᠢᠷᠦᠭᠦᠨ ᠮᠥᠷᠦᠢ᠌ᠴᠡᠯᠳᠦᠭᠡᠨ ᠵᠶ᠋ᠠᠷ ᠳᠡᠮᠵᠢᠨ᠂ 2021 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠪᠤᠭᠤᠲᠤ ᠬᠣᠲᠠ᠎ᠳᠤ ᠥᠨᠳᠥᠷᠯᠡᠵᠦ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠡᠷᠡᠭᠲᠡᠶ ᠵᠢᠨ ᠳᠤᠭᠤᠶ᠋ᠢᠯᠠᠩ ᠮᠠᠩᠯᠠᠢ᠌ᠯᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠷᠦᠩᠬᠡᠶ ᠰᠤᠷᠭ᠋ᠠᠭᠤᠯᠢ ᠪᠠᠶ᠋ᠢᠴᠠᠭ᠋ᠠᠭᠴᠢ ᠵᠠᠩ ᠰᠢ ᠷᠦᠩ ᠤᠷᠤᠯᠳᠤᠭ᠋ᠠᠨ ᠥᠨᠳᠦᠷᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠱᠠᠩᠨᠠᠯ ᠭᠠᠷᠳᠠᠭᠤᠯᠪᠠ᠃

ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ (ᠤᠯᠠᠭ᠋ᠠᠨ ᠬᠤᠪᠴᠠᠰᠤ᠎ᠲᠠᠢ) ᠪᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠤᠷᠤᠯᠳᠤᠭ᠋ᠠᠨ᠎ᠤ ᠠᠬᠤᠢ ᠲᠠᠯᠠᠪᠠᠶ
ᠲᠡᠭᠦᠰᠬᠦ ᠶᠣᠰᠣᠯᠠᠯ᠎ᠠᠴᠠ ᠡᠮᠦᠨᠡᠬᠢ ᠬᠠᠮᠤᠭ᠎ᠤᠨ ᠰᠡᠬᠦᠯ᠎ᠤᠨ ᠮᠥᠷᠥᠢ᠌ᠴᠡᠯᠳᠦᠭᠡᠨᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠪᠣᠯᠤᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠣᠶᠠᠷ ᠬᠦᠴᠦᠷᠬᠡᠭ ᠠᠩᠭᠢ ᠲᠠᠭ᠋ᠠᠷᠠᠪᠠ᠃ ᠡᠬᠢᠯᠡᠬᠦ᠎ᠲᠠᠢ ᠵᠡᠷᠭᠡ ᠬᠣᠶᠠᠷ ᠲᠠᠯ᠎ᠠ᠎ᠪᠠᠷ ᠵᠶ᠋ᠠᠨ 《ᠪᠦᠬᠦ ᠬᠦᠴᠦ᠎ᠪᠠᠷ ᠵᠶ᠋ᠠᠨ ᠳᠠᠭ᠋ᠠᠷᠢᠵᠤ》᠂ ᠰᠢᠷᠦᠭᠦᠨ ᠮᠥᠷᠥᠢ᠌ᠴᠡᠯᠳᠦᠵᠦ᠂ ᠬᠣᠶᠠᠷ ᠲᠠᠯ᠎ᠠ ᠵᠢᠨ ᠲᠠᠮᠢᠷᠴᠢᠳ ᠲᠠᠰᠤᠷᠠᠯᠲᠠ ᠦᠭᠡᠢ ᠪᠥᠮᠪᠥᠭᠡ ᠳᠠᠮᠵᠢᠭᠤᠯᠵᠤ᠂ ᠰᠢᠪᠲᠤᠯᠵᠤ᠂ ᠨᠥᠭᠥᠭᠡ ᠲᠠᠯ᠎ᠠ ᠵᠢᠨ ᠵᠶ᠋ᠠᠨ ᠪᠥᠮᠪᠦᠭᠡ ᠣᠷᠣᠭᠤᠯᠬᠤ ᠡᠭᠦᠳᠡ ᠵᠢ ᠵᠠᠯᠭ᠋ᠠᠭ᠎ᠠ᠎ᠪᠠᠷ ᠳᠠᠭ᠋ᠠᠷᠢᠵᠤ᠂ ᠳᠠᠭ᠋ᠠᠷᠢᠬᠤ ᠰᠠᠬᠢᠬᠤ ᠰᠢᠷᠦᠭᠦᠨ ᠮᠥᠷᠥᠢ᠌ᠴᠡᠯᠳᠦᠭᠡᠨᠨᠢ ᠦᠵᠡᠭᠴᠢᠳ᠎ᠲᠤ ᠤᠷᠤᠯᠳᠤᠭ᠋ᠠᠨ᠎ᠤ ᠭᠠᠢ᠌ᠬᠠᠮᠰᠢᠭ᠎ᠢ ᠦᠵᠡᠭᠦᠯᠦᠭᠰᠡᠨ ᠪᠠᠢ᠌ᠨ᠎ᠠ᠃ ᠡᠴᠦᠰ᠎ᠲᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ 2᠄ 0 ᠵᠶ᠋ᠠᠷ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢ ᠢᠯᠠᠵᠤ᠂ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠳᠤ ᠮᠠᠩᠯᠠᠢ᠌ᠯᠠᠪᠠ᠃

ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠲᠠᠮᠢᠷᠴᠢᠳ ᠬᠤᠨᠳᠠᠭ᠎ᠠ ᠲᠣᠰᠤᠭᠰᠠᠨ ᠭ᠋ᠱ᠌ᠠᠨᠠ
ᠲᠠᠯᠠᠪᠠᠢ᠎ᠳᠤ ᠪᠠᠢ᠌ᠭ᠎ᠠ ᠪᠥᠮᠪᠥᠭᠡᠨ ᠬᠤᠷᠤᠬᠠᠢ᠍ᠢ᠍ᠲᠠᠨᠤ ᠪᠠᠶᠠᠷᠯᠠᠨ ᠳᠣᠭᠳᠣᠯᠤᠭᠰᠠᠨ ᠤᠷᠠᠢ ᠲᠠᠭᠤᠨ᠎ᠤ ᠳᠤᠮᠳᠠ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠲᠠᠮᠢᠷᠴᠢᠳ ᠬᠠᠮᠤᠭ᠎ᠤᠨ ᠳᠡᠭᠡᠳᠦ ᠢᠷᠠᠭᠤ ᠠᠯᠳᠠᠷ᠎ᠢ ᠪᠡᠯᠭᠡᠳᠡᠭᠰᠡᠨ ᠱᠠᠩᠨᠠᠯ᠎ᠤᠨ ᠬᠤᠨᠳᠠᠭ᠎ᠠ ᠵᠢ ᠡᠷᠭᠦᠵᠡᠭᠡᠪᠡ᠃ ᠣᠭᠲᠠᠷᠭᠤᠶ ᠳᠦᠬᠦᠷᠡᠩ ᠠᠯᠲᠠᠨ ᠴᠠᠭ᠋ᠠᠰᠤᠨ᠎ᠤ ᠯᠠᠪᠰᠠ ᠬᠢᠯᠠᠯᠵᠠᠵᠤ᠂ ᠲᠠᠮᠢᠷᠴᠢᠳ ᠬᠣᠶᠠᠷ ᠭᠠᠷ ᠵᠶ᠋ᠠᠨ ᠥᠨᠳᠥᠷ ᠡᠷᠭᠦᠵᠦ᠂ ᠪᠡᠶ᠎ᠡ ᠵᠢᠨ ᠲᠠᠮᠢᠷ᠎ᠤᠨ ᠲᠠᠯᠠᠪᠠᠶ ᠬᠥᠷ ᠬᠥᠭᠵᠢᠶᠡᠨ ᠵᠶ᠋ᠠᠷ ᠪᠢᠯᠬᠠᠵᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠲᠠᠮᠢᠷᠴᠢᠳ᠎ᠤᠨ ᠬᠦᠰᠡᠯ ᠵᠡᠭᠦᠳᠦ ᠡᠴᠦᠰ᠎ᠲᠤ᠎ᠪᠠᠨ ᠪᠡᠶᠡᠯᠡᠭᠳᠡᠯ᠎ᠡ!

ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠶ᠋ᠢᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠶ
5 ᠡᠳᠦᠷ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ᠂ ᠵᠢᠨᠢᠩ᠎ᠤᠨ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠲᠠᠰ᠎ᠠᠴᠠ ᠳᠠᠪᠠᠭᠰᠠᠨ ᠳᠤᠭᠤᠶ᠋ᠢᠯᠠᠩ᠎ᠤᠨ 8 ᠠᠩᠭᠢ᠎ᠨᠢ 20 ᠲᠠᠯᠠᠪᠤᠷ ᠤᠷᠤᠯᠳᠤᠭ᠋ᠠᠨ᠎ᠳᠤ ᠣᠷᠣᠯᠴᠠᠪᠠ᠃ 188 ᠳᠠᠮᠢᠷᠴᠢᠨ ᠬᠥᠯᠥᠰᠦ ᠤᠷᠤᠰᠬᠠᠨ ᠬᠦᠴᠦᠯᠡᠨ ᠴᠢᠷᠮᠠᠢ᠌ᠵᠤ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠤᠷᠤᠯᠳᠤᠭ᠋ᠠᠨ ᠵᠶ᠋ᠠᠷ 《ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ》᠎ᠳᠤ ᠪᠡᠯᠡᠭ ᠬᠦᠷᠭᠡᠵᠦ᠂ ᠵᠠᠯᠠᠭᠤ ᠨᠠᠰᠤᠨ᠎ᠤ ᠴᠣᠭ ᠵᠢᠪᠬᠤᠭ᠎ᠠ ᠵᠢ ᠢᠯᠡᠷᠡᠭᠦᠯᠪᠡ᠃ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠨᠢ ᠪᠥᠬᠥ ᠣᠷᠣᠨ᠎ᠤ ᠬᠡᠪᠴᠢᠶ᠎ᠡ᠎ᠪᠠᠷ ᠬᠠᠮᠤᠭ᠎ᠤᠨ ᠶᠡᠬᠡ᠂ ᠤᠷᠤᠯᠳᠤᠭ᠋ᠠᠨ᠎ᠳᠤ ᠣᠷᠣᠯᠴᠠᠭᠰᠠᠨ ᠬᠥᠮᠦᠨ᠎ᠤ ᠲᠣᠭ᠎ᠠ ᠬᠠᠮᠤᠭ᠎ᠤᠨ ᠣᠯᠠᠨ᠂ ᠬᠠᠮᠤᠷᠬᠤ ᠬᠡᠪᠴᠢᠶ᠎ᠡ ᠬᠠᠮᠤᠭ᠎ᠤᠨ ᠥᠷᠭᠡᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠦᠪᠡᠳᠡᠭᠰᠢ ᠴᠤᠭᠯᠠᠭ᠋ᠠᠨ ᠪᠣᠯᠤᠭᠰᠠᠨ᠎ᠤ ᠬᠤᠪᠢ᠎ᠳᠤ᠂ ᠲᠤᠰᠬᠠᠶ ᠮᠡᠷᠭᠡᠵᠢᠯ᠎ᠤᠨ ᠳᠤᠭᠤᠶ᠋ᠢᠯᠠᠩ᠂ ᠰᠤᠷᠭ᠋ᠠᠭᠤᠯᠢ ᠵᠢᠨ ᠳᠤᠭᠤᠶ᠋ᠢᠯᠠᠩ᠂ ᠲᠠᠰ᠎ᠠᠴᠠ ᠳᠠᠪᠠᠭᠰᠠᠨ ᠳᠤᠭᠤᠶ᠋ᠢᠯᠠᠩ ᠭᠡᠬᠦ ᠭᠤᠷᠪᠠᠨ ᠳᠤᠭᠤᠶ᠋ᠢᠯᠠᠩ᠎ᠳᠤ ᠬᠤᠪᠢᠶᠠᠭᠳᠠᠵᠤ᠂ ᠳᠤᠭᠤᠶ᠋ᠢᠯᠠᠩ ᠪᠦᠷᠢ ᠵᠢ ᠪᠠᠰᠠ ᠡᠷᠡᠭᠲᠡᠶ ᠵᠢᠨ ᠳᠤᠭᠤᠶ᠋ᠢᠯᠠᠩ᠂ ᠡᠮᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠭᠡᠵᠦ ᠬᠤᠪᠢᠶᠠᠪᠠ᠃ ᠡᠭᠦᠨ᠎ᠠᠴᠠ ᠡᠮᠦᠨ᠎ᠡ᠂ 5 ᠰᠠᠷ᠎ᠠ ᠵᠢᠨ 10— 16᠎ᠤ ᠡᠳᠦᠷ ᠪᠠ 5 ᠰᠠᠷ᠎ᠠ ᠵᠢᠨ 21— 28᠎ᠤ ᠡᠳᠦᠷ᠂ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠲᠤᠰᠬᠠᠶ ᠮᠡᠷᠭᠡᠵᠢᠯ᠎ᠤᠨ ᠠᠩᠭᠢ ᠵᠢᠨ ᠳᠤᠭᠤᠶ᠋ᠢᠯᠠᠩ᠂ ᠵᠢᠩᠬᠢᠨᠢ ᠠᠩᠭᠢ ᠵᠢᠨ ᠳᠤᠭᠤᠶ᠋ᠢᠯᠠᠩ᠎ᠤᠨ ᠤᠷᠤᠯᠳᠤᠭ᠋ᠠᠨ ᠵᠠᠯᠭ᠋ᠠᠭ᠎ᠠ᠎ᠪᠠᠷ ᠶᠠᠪᠤᠭᠳᠠᠵᠤ᠂ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠡᠮᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠲᠤᠰ ᠰᠠᠷ᠎ᠠ ᠵᠢᠨ 26᠎ᠤ ᠡᠳᠦᠷ᠎ᠠᠴᠠ ᠡᠬᠢᠯᠡᠨ᠎ᠡ᠃ ᠲᠤᠰᠬᠠᠶ ᠮᠡᠷᠭᠡᠵᠢᠯ᠎ᠤᠨ ᠳᠤᠭᠤᠶ᠋ᠢᠯᠠᠩ᠎ᠠᠴᠠ ᠲᠡᠰ᠎ᠠᠴᠠ ᠳᠠᠪᠠᠭᠰᠠᠨ ᠳᠤᠭᠤᠶ᠋ᠢᠯᠠᠩ ᠬᠦᠷᠲᠡᠯᠡᠬᠢ ᠭᠤᠷᠪᠠᠨ ᠵᠦᠢ᠍ᠯ᠎ᠤᠨ ᠤᠷᠤᠯᠳᠤᠭ᠋ᠠᠨ᠎ᠳᠤ 76 ᠠᠩᠭᠢ ᠵᠢᠨ 1600 ᠭᠠᠷᠤᠶ ᠬᠥᠮᠦᠨ ᠣᠷᠣᠯᠴᠠᠪᠠ᠃

ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠶ᠋ᠢᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠶ
ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠢ ᠡᠷᠭᠢᠯᠡᠭᠰᠡᠨ ᠵᠢᠷᠭᠤᠭ᠋ᠠᠨ ᠵᠢᠯ᠎ᠤᠨ ᠬᠤᠭᠤᠴᠠᠭ᠋ᠠᠨ᠎ᠳᠤ᠂ ᠤᠷᠤᠯᠳᠤᠭ᠋ᠠᠨ᠎ᠤ ᠲᠦᠷᠢᠮ᠎ᠤᠨ ᠳᠣᠭᠲᠠᠯᠴᠠᠭ᠎ᠠ ᠶᠠᠪᠤᠬᠤ ᠲᠤᠲᠤᠮ ᠲᠡᠭᠦᠯᠳᠡᠷᠵᠢᠵᠦ᠂ ᠤᠷᠤᠯᠳᠤᠭ᠋ᠠᠨ᠎ᠤ ᠲᠣᠭᠲᠠᠴᠠ ᠶᠠᠪᠤᠬᠤ ᠲᠤᠲᠤᠮ ᠪᠣᠯᠪᠠᠰᠤᠷᠠᠵᠤ᠂ ᠵᠢᠯ ᠪᠣᠯᠭ᠋ᠠᠨ᠎ᠤ ᠤᠷᠤᠯᠳᠤᠭ᠋ᠠᠨ᠎ᠤ ᠳᠠᠪᠲᠠᠯᠲᠠ᠎ᠪᠠᠷ ᠳᠡᠮᠵᠢᠨ ᠡᠯ᠎ᠡ ᠳᠤᠭᠤᠶ᠋ᠢᠯᠠᠩ᠎ᠤᠨ ᠤᠷᠤᠯᠳᠤᠭ᠋ᠠᠨ᠎ᠤ ᠪᠣᠳᠠᠲᠤ ᠬᠦᠴᠦᠨ᠎ᠨᠢ ᠴᠢᠨᠠᠷ᠎ᠤᠨ ᠦᠰᠦᠷᠦᠯᠲᠡ᠎ᠲᠠᠢ ᠪᠣᠯᠵᠠᠶ᠃ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠶ᠋ᠢᠯᠠᠩ᠎ᠨᠢ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠬᠠᠮᠤᠭ᠎ᠤᠨ ᠥᠨᠳᠥᠷ ᠱᠠᠲᠤᠨ᠎ᠤ ᠬᠠᠮᠤᠭ᠎ᠤᠨ ᠥᠨᠳᠥᠷ ᠲᠠᠰ᠎ᠤᠨ ᠤᠷᠤᠯᠳᠤᠭ᠋ᠠᠨ ᠪᠣᠯᠤᠭᠰᠠᠨ᠎ᠤ ᠬᠤᠪᠢ᠎ᠳᠤ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠡᠷᠭᠡ ᠡᠯ᠎ᠡ ᠱᠠᠲᠤᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠬᠥᠭᠵᠢᠯᠲᠡ᠎ᠳᠤ ᠳᠠᠭᠤᠷᠢᠶᠠᠯ ᠦᠵᠡᠭᠦᠯᠦᠨ ᠳᠠᠶ᠋ᠢᠴᠢᠯᠠᠬᠤ ᠦᠢ᠍ᠯᠡᠳᠦᠯ ᠦᠵᠡᠭᠦᠯᠪᠡ᠃

ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠶ᠋ᠢᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠶ

ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠶ᠂ ᠦᠵᠡᠭᠴᠢᠳ᠎ᠤᠨ ᠰᠠᠭᠤᠳᠠᠯ ᠤᠷᠤᠯᠳᠤᠭ᠋ᠠᠨ ᠦᠵᠡᠬᠦ᠎ᠪᠠᠷ ᠢᠷᠡᠭᠰᠡᠨ ᠰᠤᠷᠤᠭᠴᠢᠳ ᠵᠶ᠋ᠠᠷ ᠳᠦᠭᠦᠷᠪᠡ

ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠶ᠂ ᠦᠵᠡᠭᠴᠢᠳ᠎ᠤᠨ ᠰᠠᠭᠤᠳᠠᠯ ᠤᠷᠤᠯᠳᠤᠭ᠋ᠠᠨ ᠦᠵᠡᠬᠦ᠎ᠪᠠᠷ ᠢᠷᠡᠭᠰᠡᠨ ᠰᠤᠷᠤᠭᠴᠢᠳ ᠵᠶ᠋ᠠᠷ ᠳᠦᠭᠦᠷᠪᠡ
ᠣᠷᠴᠢᠮ᠎ᠤᠨ ᠵᠢᠯ᠂ ᠥᠪᠥᠷ ᠮᠣᠩᠭᠣᠯ᠎ᠨᠢ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠰᠢᠰᠲ᠋ᠧᠮ᠎ᠠᠴᠠ ᠲᠦᠷᠦᠭᠦᠯᠡᠬᠦ ᠵᠢ ᠡᠬᠢᠯᠡᠭᠦᠯᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠪᠠ ᠬᠥᠯ ᠪᠥᠮᠪᠦᠭᠡᠨ᠎ᠤ ᠨᠥᠬᠥᠴᠡᠯ᠎ᠳᠤ ᠰᠠᠭᠤᠷᠢᠯᠠᠭᠰᠠᠨ ᠰᠢᠨ᠎ᠡ ᠬᠡᠯᠪᠡᠷᠢ ᠵᠢᠨ 《ᠭᠤᠷᠪᠠᠨ ᠱᠠᠲᠤᠨ᠎ᠤ ᠵᠠᠯᠠᠭᠤᠴᠤᠳ᠎ᠤᠨ ᠪᠣᠯᠪᠠᠰᠤᠷᠠᠯ》᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ᠂ ᠪᠦᠬᠦ ᠤᠯᠤᠰ᠎ᠤᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ᠎ᠲᠠᠢ ᠬᠣᠯᠪᠣᠭ᠋ᠠᠯᠠᠨ᠂ ᠥᠨᠳᠥᠷ ᠬᠢᠷᠢ ᠲᠦᠪᠰᠢᠨ ᠪᠦᠬᠦᠢ ᠰᠤᠷᠭ᠋ᠠᠭᠴᠢ ᠵᠢ ᠲᠣᠬᠢᠷᠠᠭᠤᠯᠬᠤ᠂ ᠥᠨᠳᠥᠷ ᠬᠢᠷᠢ ᠲᠦᠪᠰᠢᠨ ᠪᠦᠬᠦᠢ ᠵᠢᠭ᠋ᠠᠨ ᠰᠤᠷᠭ᠋ᠠᠯᠲᠠ ᠵᠢ ᠬᠡᠷᠡᠭᠵᠢᠭᠦᠯᠬᠦ᠂ ᠥᠨᠳᠥᠷ ᠬᠢᠷᠢ ᠲᠦᠪᠰᠢᠨ ᠪᠦᠬᠦᠢ ᠪᠣᠯᠪᠠᠰᠤᠷᠠᠯ᠎ᠢ ᠥᠷᠨᠢᠭᠦᠯᠬᠦ᠂ ᠥᠨᠳᠥᠷ ᠬᠢᠷᠢ ᠲᠦᠪᠰᠢᠨ ᠪᠦᠬᠦᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ᠂ ᠥᠨᠳᠥᠷ ᠬᠢᠷᠢ ᠲᠦᠪᠰᠢᠨ ᠪᠥᠬᠥᠶ ᠪᠠᠲᠤᠯᠠᠭ᠎ᠠ ᠵᠢ ᠨᠠᠢ᠌ᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠮᠢᠶᠠᠷᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠬᠣᠯᠪᠣᠭ᠋ᠠᠯᠠᠨ ᠬᠥᠳᠡᠯᠦᠯᠴᠡᠵᠦ᠂ ᠬᠠᠷᠢᠯᠴᠠᠨ ᠵᠣᠯᠭ᠋ᠠᠭᠰᠠᠨ ᠭᠤᠷᠪᠠᠨ ᠱᠠᠲᠤᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠳᠣᠭᠲᠠᠯᠴᠠᠭ᠎ᠠ ᠵᠢ ᠪᠠᠢ᠌ᠭᠤᠯᠵᠤ᠂ ᠪᠥᠬᠥ ᠤᠯᠤᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠴᠢᠳᠠᠪᠤᠷᠢᠲᠠᠨ ᠰᠣᠩᠭᠤᠬᠤ᠂ ᠴᠢᠳᠠᠪᠤᠷᠢᠲᠠᠨ ᠬᠥᠮᠦᠵᠢᠭᠦᠯᠬᠦ᠂ ᠴᠢᠳᠠᠪᠤᠷᠢᠲᠠᠨ ᠪᠣᠯᠭ᠋ᠠᠬᠤ ᠠᠷᠭ᠎ᠠ ᠵᠠᠮ᠎ᠳᠤ ᠰᠦᠪᠡᠭᠴᠢᠯᠡᠯ ᠪᠠ ᠦᠢ᠍ᠯᠡᠳᠦᠯᠭᠡ ᠬᠠᠩᠭ᠋ᠠᠪᠠ᠃ 《ᠭᠤᠷᠪᠠᠨ ᠱᠠᠲᠤᠨ᠎ᠤ ᠵᠠᠯᠠᠭᠤᠴᠤᠳ᠎ᠤᠨ ᠪᠣᠯᠪᠠᠰᠤᠷᠠᠯ》᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠳᠠᠭ᠋ᠠᠯᠳᠤᠨ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ ᠪᠠ ᠰᠣᠩᠭᠣᠬᠤ᠎ᠨᠢ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠳᠤ 《ᠬᠦᠴᠦᠨ》 ᠬᠤᠷᠠᠮᠳᠤᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠴᠢᠳᠠᠪᠤᠷᠢᠲᠠᠨ᠎ᠤ ᠬᠥᠮᠥᠷᠭᠡ ᠲᠠᠰᠤᠷᠠᠯᠲᠠ ᠥᠬᠡᠶ ᠥᠷᠭᠡᠵᠢᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ 《ᠫᠢᠷᠠᠮᠢᠳ᠋ ᠰᠤᠪᠤᠷᠭ᠎ᠠ ᠵᠢᠨ ᠣᠷᠣᠢ》᠎ᠳᠤ ᠪᠠᠶ᠋ᠢᠭ᠎ᠠ ᠥᠪᠥᠷ ᠮᠣᠩᠭᠣᠯ᠎ᠤᠨ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠳᠤ ᠢᠳᠡᠪᠬᠢᠲᠡᠶ ᠬᠤᠪᠢᠷᠠᠯᠲᠠ ᠭᠠᠷᠴᠤ ᠪᠠᠢ᠌ᠨ᠎ᠠ᠃
《ᠵᠢᠭ᠋ᠠᠵᠤ ᠰᠤᠷᠭ᠋ᠠᠬᠤ᠂ ᠰᠢᠷᠭ᠋ᠠᠭᠤ ᠪᠣᠯᠪᠠᠰᠤᠷᠠᠬᠤ᠂ ᠪᠠᠶ᠋ᠢᠩᠭᠤ ᠤᠷᠤᠯᠳᠤᠬᠤ》᠎ᠳᠤ ᠠᠩᠬᠠᠷᠤᠯ ᠵᠶ᠋ᠠᠨ ᠬᠠᠨᠳᠤᠭᠤᠯᠵᠤ᠂ ᠭᠤᠯᠳᠤ᠎ᠪᠠᠷ ᠨᠡᠪᠲᠡᠷᠡᠭᠰᠡᠨ᠂ ᠬᠥᠨᠳᠡᠯᠡᠨ ᠵᠶ᠋ᠠᠷ ᠵᠣᠯᠭ᠋ᠠᠭᠰᠠᠨ᠂ ᠳᠦᠷᠢᠮᠵᠢᠯ᠎ᠲᠠᠢ ᠡᠮᠬᠢ ᠵᠢᠷᠤᠮ᠎ᠲᠠᠢ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ ᠵᠡᠷᠭᠡ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠲᠣᠭᠲᠠᠴᠠ ᠲᠠᠰᠤᠷᠠᠯᠲᠠ ᠥᠬᠡᠶ ᠪᠣᠯᠪᠠᠰᠤᠷᠠᠵᠤ ᠬᠥᠭᠵᠢᠪᠡ᠃ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠷᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠥᠨᠳᠦᠷᠯᠡᠬᠦ ᠵᠢ ᠳᠠᠭ᠋ᠠᠯᠳᠤᠨ᠂ ᠲᠠᠰ᠎ᠠᠴᠠ ᠳᠠᠪᠠᠭᠰᠠᠨ ᠳᠤᠭᠤᠢ᠌ᠯᠠᠩ᠎ᠤᠨ ᠡᠮᠡᠭᠲᠡᠶ ᠵᠢᠨ ᠳᠤᠭᠤᠶ᠋ᠢᠯᠠᠩ᠎ᠤᠨ ᠤᠷᠤᠯᠳᠤᠭ᠋ᠠᠨ ᠶᠠᠪᠤᠭᠳᠠᠬᠤ᠎ᠪᠠᠷ ᠪᠡᠯᠡᠬᠡᠨ ᠪᠣᠯᠵᠣ᠂ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ ᠳᠡᠰ ᠳᠡᠰ ᠵᠶ᠋ᠡᠷ ᠶᠠᠪᠤᠭᠳᠠᠵᠤ᠂ ᠠᠯᠬᠤᠮ ᠠᠯᠬᠤᠮ ᠵᠶ᠋ᠠᠷ ᠵᠣᠯᠭ᠋ᠠᠵᠤ ᠲᠣᠰ ᠲᠣᠰ᠎ᠤᠨ ᠥᠩᠭᠡ ᠬᠡᠷᠡᠯ ᠵᠶ᠋ᠠᠨ ᠰᠠᠴᠤᠷᠠᠭᠤᠯᠤᠨᠠᠮ᠃