
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ᠎ᠤ ᠱᠠᠩᠨᠠᠯ ᠣᠯᠭᠣᠬᠤ ᠠᠬᠤᠶ ᠲᠠᠯᠠᠪᠠᠶ
ᠡᠷᠡᠮᠡᠬᠡᠢ᠌ᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠬᠤ ᠰᠤᠷᠭ᠋ᠠᠭᠤᠯᠢ ᠵᠢᠨ ᠬᠦᠷᠢᠶ᠎ᠡ᠂ ᠣᠷᠭᠢᠯᠤᠮ᠎ᠠ ᠬᠦᠰᠡᠯ ᠵᠣᠷᠢᠭ᠎ᠢ ᠬᠥᠭᠵᠢᠭᠡᠬᠦ ᠤᠷᠤᠯᠳᠤᠭ᠋ᠠᠨ᠎ᠤ ᠲᠠᠯᠠᠪᠠᠢ᠃ 9 ᠰᠠᠷ᠎ᠠ ᠵᠢᠨ 25᠎ᠤ ᠡᠳᠦᠷ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ ᠣᠷᠳᠣᠰ ᠬᠣᠲᠠ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠡᠨᠡ ᠤᠳᠠᠭ᠋ᠠᠨ᠎ᠤ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ᠎ᠳᠤ ᠡᠷᠡᠭᠲᠡᠶ ᠵᠢᠨ ᠳᠤᠭᠤᠢ᠌ᠯᠠᠩ ᠪᠠ ᠡᠮᠡᠭᠲᠡᠶ ᠵᠢᠨ ᠳᠤᠭᠤᠢ᠌ᠯᠠᠩ ᠲᠤᠰ ᠲᠤᠰ 16 ᠠᠩᠭᠢ ᠤᠷᠤᠯᠳᠤᠭ᠋ᠠᠨ᠎ᠳᠤ ᠣᠷᠣᠯᠴᠠᠵᠤ᠂ ᠤᠷᠤᠯᠳᠤᠭ᠋ᠠᠨ᠎ᠳᠤ ᠣᠷᠣᠯᠴᠠᠭᠰᠠᠨ ᠲᠠᠮᠢᠷᠴᠢᠨ 600 ᠭᠠᠷᠤᠶ ᠬᠥᠮᠦᠨ᠂ 6 ᠡᠳᠦᠷ᠎ᠤᠨ ᠤᠷᠤᠯᠳᠤᠭ᠋ᠠᠨ᠎ᠳᠤ ᠬᠥᠯ ᠪᠥᠮᠪᠥᠭᠡ᠎ᠪᠠᠷ ᠬᠥᠭᠥᠷᠭᠡ ᠪᠣᠯᠭ᠋ᠠᠨ ᠮᠡᠷᠭᠡᠵᠢᠯ ᠪᠠ ᠨᠥᠬᠥᠷᠯᠡᠯ᠎ᠤᠨ ᠰᠣᠯᠢᠯᠴᠠᠭ᠎ᠠ ᠥᠷᠨᠢᠭᠦᠯᠪᠡ᠃



ᠡᠷᠡᠭᠲᠡᠶ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ᠎ᠤ ᠠᠬᠤᠢ ᠲᠠᠯᠠᠪᠠᠢ



ᠡᠮᠡᠭᠲᠡᠶ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ᠎ᠤ ᠠᠬᠤᠢ ᠲᠠᠯᠠᠪᠠᠢ
ᠬᠦᠴᠦ ᠲᠡᠩᠴᠡᠯᠳᠦᠵᠦ ᠪᠠᠢ᠌ᠭᠰᠠᠨ᠎ᠠᠴᠠ ᠰᠢᠪᠲᠤᠯᠵᠤ ᠳᠠᠭ᠋ᠠᠷᠢᠬᠤ ᠬᠦᠷᠲᠡᠯ᠎ᠡ᠂ ᠳᠠᠪᠠᠭᠤᠯᠢᠭ ᠪᠣᠰᠤ ᠪᠠᠢ᠌ᠷᠢᠨ᠎ᠳᠤ ᠪᠠᠢ᠌ᠭᠰᠠᠨ᠎ᠠᠴᠠ ᠭᠡᠳᠡᠷᠭᠦ ᠳᠠᠭ᠋ᠠᠷᠢᠨ ᠢᠯᠠᠬᠤ ᠬᠦᠷᠲᠡᠯ᠎ᠡ᠂ ᠪᠥᠮᠪᠦᠭᠡᠴᠢᠳ ᠤᠷᠤᠯᠳᠤᠭ᠋ᠠᠨ᠎ᠤ ᠲᠠᠯᠠᠪᠠᠢ᠎ᠳᠤ ᠡᠷᠡᠰ ᠰᠢᠭᠤᠷᠬᠠᠶ᠂ ᠴᠥᠬᠥᠷᠡᠰᠢ ᠦᠭᠡᠢ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠵᠢ ᠢᠯᠡᠷᠡᠭᠦᠯᠪᠡ᠃ ᠡᠴᠦᠰ᠎ᠲᠤ᠂ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠪᠠ ᠣᠷᠳᠣᠰ ᠬᠣᠲᠠ ᠵᠢᠨ ᠳᠠᠯᠠᠳ ᠬᠣᠰᠢᠭᠤᠨ᠎ᠤ ᠲᠠᠪᠤᠳᠤᠭ᠋ᠠᠷ ᠳᠤᠮᠳᠠᠳᠤ ᠰᠤᠷᠭ᠋ᠠᠭᠤᠯᠢ ᠯᠠᠪᠳᠠᠭᠤᠨ ᠪᠠᠲᠤᠲᠠᠶ ᠰᠠᠭᠤᠷᠢ᠂ ᠠᠮᠢᠳᠤᠯᠢᠭ ᠵᠶ᠋ᠠᠷ ᠠᠷᠭ᠋ᠠᠴᠠᠬᠤ ᠪᠠ ᠲᠠᠰᠤᠷᠠᠯᠲᠠ ᠥᠬᠡᠶ ᠳᠡᠭᠡᠭᠰᠢᠯᠡᠭᠦᠯᠬᠦ ᠴᠢᠳᠠᠪᠤᠷᠢ᠎ᠪᠠᠷ ᠥᠷᠢᠰᠥᠯᠳᠦᠭᠴᠢ᠎ᠪᠠᠨ ᠳᠠᠪᠠᠵᠤ᠂ ᠳᠠᠪᠬᠤᠷ ᠳᠠᠪᠬᠤᠷ ᠪᠣᠭᠣᠮᠲᠠ ᠵᠢ ᠰᠢᠪᠲᠤᠯᠤᠨ᠂ ᠡᠷᠡᠭᠲᠡᠶ ᠵᠢᠨ ᠳᠤᠭᠤᠶ᠋ᠢᠯᠠᠩ ᠪᠠ ᠡᠮᠡᠭᠲᠡᠶ ᠵᠢᠨ ᠳᠤᠭᠤᠶ᠋ᠢᠯᠠᠩ᠎ᠳᠤ ᠮᠠᠩᠯᠠᠢ᠌ᠯᠠᠪᠠ᠃

ᠡᠷᠡᠭᠲᠡᠶ ᠵᠢᠨ ᠳᠤᠭᠤᠶ᠋ᠢᠯᠠᠩ᠎ᠤᠨ ᠮᠠᠩᠯᠠᠶ᠄ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ

ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠶ᠄ ᠣᠷᠳᠣᠰ ᠬᠣᠲᠠ ᠵᠢᠨ ᠳᠠᠯᠠᠳ ᠬᠣᠰᠢᠭᠤᠨ᠎ᠤ ᠲᠠᠪᠤᠳᠤᠭ᠋ᠠᠷ ᠳᠤᠮᠳᠠᠳᠤ ᠰᠤᠷᠭ᠋ᠠᠭᠤᠯᠢ


2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠠᠩᠬ᠎ᠠ ᠵᠡᠷᠭᠡ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ᠎ᠤ ᠮᠠᠩᠯᠠᠢ᠌ᠯᠠᠭᠴᠢ ᠢᠯᠠᠯᠲᠠ᠎ᠪᠠᠨ ᠪᠡᠯᠭᠡᠯᠡᠵᠦ ᠪᠠᠢ᠌ᠭ᠎ᠠ᠎ᠨᠢ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠦᠭᠡᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠪᠦᠬᠦ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠬᠦᠯ ᠪᠥᠮᠪᠦᠭᠡᠨ᠎ᠤ ᠤᠷᠤᠯᠳᠤᠭ᠋ᠠᠨ᠎ᠤ ᠬᠢᠷᠢ ᠲᠦᠪᠰᠢᠨ᠎ᠢ ᠳᠡᠯᠭᠡᠨ ᠦᠵᠡᠭᠦᠯᠵᠦ᠂ ᠰᠢᠯᠢᠳᠡᠭ ᠬᠦᠯ ᠪᠥᠮᠪᠦᠭᠡᠴᠢᠳᠢ ᠢᠯᠡᠷᠡᠭᠦᠯᠦᠨ ᠬᠥᠮᠦᠵᠢᠭᠦᠯᠪᠡ᠃ ᠡᠨᠡ᠎ᠨᠢ ᠮᠥᠨ ᠴᠦ᠍ ᠣᠶ᠋ᠢᠷ᠎ᠠ ᠵᠢᠨ ᠵᠢᠯ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠠᠴᠠ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠢᠳᠡᠪᠬᠢᠲᠡᠶ ᠠᠬᠢᠭᠤᠯᠵᠤ᠂ ᠪᠡᠶ᠎ᠡ ᠵᠢᠨ ᠲᠠᠮᠢᠷ ᠵᠶ᠋ᠠᠷ ᠬᠥᠮᠦᠨ ᠬᠥᠮᠦᠵᠢᠭᠦᠯᠬᠦ ᠵᠢ ᠴᠢᠩᠭ᠋ᠠᠳᠬᠠᠭᠰᠠᠨᠤ ᠴᠢᠬᠤᠯᠠ ᠢᠯᠡᠷᠡᠯ ᠪᠣᠯᠤᠨ᠎ᠠ᠃ ᠡᠯ᠎ᠡ ᠠᠶ᠋ᠢᠮᠠᠭ ᠬᠣᠲᠠ ᠵᠢᠨ ᠬᠥᠯ ᠪᠥᠮᠪᠦᠭᠡᠨ᠎ᠤ ᠠᠩᠭᠢ ᠴᠤ᠌ ᠡᠯ᠎ᠡ ᠱᠠᠲᠤᠨ᠎ᠤ ᠡᠯ᠎ᠡ ᠲᠥᠷᠥᠯ᠎ᠤᠨ ᠤᠷᠤᠯᠳᠤᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠰᠠᠭᠤᠷᠢ᠎ᠪᠠᠨ ᠲᠠᠰᠤᠷᠠᠯᠲᠠ ᠥᠬᠡᠶ ᠪᠡᠬᠢᠵᠢᠭᠦᠯᠦᠨ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠢᠮᠡᠳᠦ ᠬᠥᠷᠥᠰᠥ ᠵᠢ ᠵᠤᠵᠠᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠨᠠᠩ ᠰᠠᠶ᠋ᠢᠨ ᠨᠠᠩ ᠲᠦᠷᠭᠡᠨ ᠬᠥᠭᠵᠢᠯᠲᠡ᠎ᠳᠤ ᠬᠦᠴᠦᠨ ᠨᠡᠮᠡᠷᠢᠯᠡᠵᠦ ᠪᠣᠢ᠃