ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2023 ᠣᠨ᠎ᠤ ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ (U16-U18)᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ ᠥᠨᠳᠦᠷᠯᠡᠪᠡ
ᠨᠡᠶ᠋ᠢᠲᠡᠯᠡᠭᠰᠡᠨ ᠴᠠᠭ᠄ 2023-10-18


1.jpg


               ᠲᠡᠭᠦᠰᠭᠡᠯ᠎ᠤᠨ ᠶᠣᠰᠣᠯᠠᠯ᠎ᠤᠨ ᠠᠬᠤᠢ ᠲᠠᠯᠠᠪᠠᠢ


      ᠬᠦᠴᠢᠷ᠎ᠢ ᠲᠤᠭᠤᠯᠤᠨ ᠵᠣᠷᠢᠭᠲᠠᠢ ᠬᠣᠰᠢᠭᠤᠴᠢᠯᠠᠵᠤ᠂ ᠳᠠᠷᠪᠠᠭᠤᠯ ᠳᠡᠯᠭᠡᠨ ᠡᠷᠡᠮᠡᠬᠡᠢ᠌ᠯᠡᠨ ᠤᠷᠤᠭᠰᠢᠯᠠᠨ᠎ᠠ᠃ 10 ᠰᠠᠷ᠎ᠠ ᠵᠢᠨ 14᠎ᠤ ᠡᠳᠦᠷ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ (U16 - U18) ᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ ᠬᠢᠩᠭ᠋ᠠᠨ ᠠᠶ᠋ᠢᠮᠠᠭ᠎ᠲᠤ ᠥᠨᠳᠦᠷᠯᠡᠪᠡ᠃


   

2.jpg


3.jpg


4.jpg


                ᠡᠷᠡᠭᠲᠡᠢ ᠵᠢᠨ ᠳᠤᠭᠤᠢ᠌ᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ


5.jpg


 

6.jpg


7.jpg


                ᠡᠮᠡᠭᠲᠡᠢ ᠵᠢᠨ ᠳᠤᠭᠤᠢ᠌ᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ


      ᠡᠨᠡ ᠤᠳᠠᠭ᠋ᠠᠨ᠎ᠤ ᠤᠷᠤᠯᠳᠤᠭ᠋ᠠᠨ 10 ᠰᠠᠷ᠎ᠠ ᠵᠢᠨ 9᠎ᠤ ᠡᠳᠦᠷ ᠡᠬᠢᠯᠡᠵᠦ᠂ 14 ᠎ᠤ ᠡᠳᠦᠷ ᠥᠨᠳᠦᠷᠯᠡᠨ᠂ ᠵᠢᠷᠭᠤᠭ᠋ᠠᠨ ᠡᠳᠦᠷ ᠶᠠᠪᠤᠭᠳᠠᠵᠤ᠂ 11 ᠠᠶ᠋ᠢᠮᠠᠭ ᠬᠣᠲᠠ ᠵᠢᠨ 31 ᠳᠤᠭᠤᠢ᠌ᠯᠠᠩ ᠤᠷᠤᠯᠳᠤᠭ᠋ᠠᠨ᠎ᠳᠤ ᠣᠷᠣᠯᠴᠠᠪᠠ᠂ ᠡᠭᠦᠨ᠎ᠳᠤ ᠡᠷᠡᠭᠲᠡᠢ ᠵᠢᠨ ᠳᠤᠭᠤᠢ᠌ᠯᠠᠩ 16᠂ ᠡᠮᠡᠭᠲᠡᠢ ᠵᠢᠨ ᠳᠤᠭᠤᠢ᠌ᠯᠠᠩ 15᠂ ᠤᠷᠤᠯᠳᠤᠭ᠋ᠠᠨ᠎ᠳᠤ ᠣᠷᠣᠯᠴᠠᠭᠰᠠᠨ ᠰᠤᠷᠭ᠋ᠠᠭᠤᠯᠢ 27᠂ ᠤᠷᠤᠯᠳᠤᠭ᠋ᠠᠨ᠎ᠳᠤ ᠣᠷᠣᠯᠴᠠᠭᠰᠠᠨ ᠲᠠᠮᠢᠷᠴᠢᠨ 700 ᠭᠠᠷᠤᠢ ᠪᠣᠢ᠃ ᠤᠷᠤᠯᠳᠤᠭ᠋ᠠᠨ᠎ᠤ ᠶᠠᠪᠤᠴᠠ᠎ᠳᠤ᠂ ᠬᠥᠯ  ᠪᠥᠮᠪᠦᠭᠡᠴᠢᠳ ᠳᠠᠷᠤᠤ ᠬᠢᠴᠢᠶᠡᠩᠭᠦᠢ ᠣᠪᠣᠷ ᠵᠶ᠋ᠠᠷ ᠬᠠᠷᠢᠯᠴᠠᠨ ᠰᠤᠷᠤᠯᠴᠠᠵᠤ᠂ ᠲᠤᠷᠰᠢᠯᠭ᠎ᠠ ᠬᠤᠷᠠᠮᠳᠤᠭᠤᠯᠤᠨ᠂ ᠬᠠᠮᠲᠤ᠎ᠳᠤ᠎ᠪᠠᠨ ᠳᠡᠭᠡᠭᠰᠢᠯᠡᠭᠦᠯᠵᠦ᠂ ᠡᠯ᠎ᠡ  ᠳᠤᠭᠤᠢ᠌ᠯᠠᠩ᠎ᠤᠨ᠎ᠬᠢᠨ ᠢᠳᠡᠪᠬᠢᠲᠡᠢ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠣᠯᠤᠨ ᠭᠠᠷᠮᠠᠭ᠋ᠠᠢ᠌ᠯᠠᠨ ᠮᠥᠷᠦᠢ᠌ᠴᠡᠯᠳᠦᠬᠦ ᠬᠢᠷᠢ ᠲᠦᠪᠰᠢᠨ ᠵᠶ᠋ᠠᠨ ᠢᠯᠡᠷᠡᠭᠦᠯᠪᠡ᠃ ᠬᠤᠷᠴᠠ ᠰᠢᠷᠦᠭᠦᠨ ᠮᠥᠷᠥᠢ᠌ᠴᠡᠯᠳᠦᠭᠡᠨ ᠵᠶ᠋ᠠᠷ ᠳᠠᠮᠵᠢᠨ᠂ ᠪᠤᠭᠤᠲᠤ ᠬᠣᠲᠠ ᠵᠢᠨ ᠪᠤᠭᠤᠲᠤ ᠵᠢᠨ ᠪᠣᠯᠣᠳ ᠲᠡᠮᠦᠷ᠎ᠤᠨ ᠲᠠᠪᠤᠳᠤᠭ᠋ᠠᠷ ᠳᠤᠮᠳᠠᠳᠤ ᠰᠤᠷᠭ᠋ᠠᠭᠤᠯᠢ ᠪᠣᠯᠤᠨ ᠣᠷᠳᠣᠰ ᠬᠣᠲᠠ ᠵᠢᠨ ᠳᠠᠯᠠᠳ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭ᠋ᠠᠭᠤᠯᠢ ᠲᠤᠰ ᠲᠤᠰ ᠡᠷᠡᠭᠲᠡᠢ ᠵᠢᠨ ᠳᠤᠭᠤᠶ᠋ᠢᠯᠠᠩ ᠪᠣᠯᠤᠨ ᠡᠮᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠪᠠ᠃ ᠡᠭᠦᠨ᠎ᠠᠴᠠ ᠡᠮᠦᠨ᠎ᠡ ᠶᠠᠪᠤᠭᠳᠠᠭᠰᠠᠨ ᠪᠦᠬᠦ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠰᠤᠷᠤᠭᠴᠢ (ᠵᠠᠯᠠᠭᠤᠴᠤᠳ) ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠎ᠤᠨ ᠳᠤᠮᠳᠠᠳᠤ ᠰᠤᠷᠭ᠋ᠠᠭᠤᠯᠢ ᠵᠢᠨ ᠬᠥᠯ ᠪᠥᠮᠪᠦᠭᠡᠨ᠎ᠤ ᠪᠡᠯᠡᠳᠬᠡᠯ ᠤᠷᠤᠯᠳᠤᠭ᠋ᠠᠨ᠎ᠳᠤ ᠪᠤᠭᠤᠲᠤ ᠵᠢᠨ ᠪᠣᠯᠣᠳ ᠲᠡᠮᠦᠷ᠎ᠤᠨ ᠲᠠᠪᠤᠳᠤᠭ᠋ᠠᠷ ᠳᠤᠮᠳᠠᠳᠤ ᠰᠤᠷᠭ᠋ᠠᠭᠤᠯᠢ ᠎ᠪᠠᠷ ᠭᠣᠣᠯᠯᠠᠭᠤᠯᠤᠭᠰᠠᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠨᠠᠢ᠍ᠮᠠᠳᠤᠭ᠋ᠠᠷ  ᠨᠡᠷ᠎ᠡ᠎ᠳᠤ ᠣᠷᠣᠵᠤ᠂ 11 ᠳ᠋ᠦ᠍ᠭᠡᠷ ᠰᠠᠷ᠎ᠠ᠎ᠳᠤ ᠭᠤᠸᠠᠩᠰᠢ ᠵᠢᠨ ᠵᠤᠸᠠᠩ ᠦᠨᠳᠦᠰᠦᠲᠡᠨ ᠎ᠤ ᠥᠪᠡᠷᠲᠡᠭᠡᠨ ᠵᠠᠰᠠᠬᠤ ᠣᠷᠣᠨ᠎ᠳᠤ ᠬᠦᠷᠴᠦ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠬᠤ ᠪᠣᠯᠤᠨ᠎ᠠ᠃


8.jpg


      ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ᠄ ᠪᠤᠭᠤᠲᠤ ᠬᠣᠲᠠ ᠵᠢᠨ ᠪᠤᠭᠤᠲᠤ ᠵᠢᠨ ᠪᠣᠯᠣᠳ ᠲᠡᠮᠦᠷ᠎ᠤᠨ ᠲᠠᠪᠤᠳᠤᠭ᠋ᠠᠷ ᠳᠤᠮᠳᠠᠳᠤ ᠰᠤᠷᠭ᠋ᠠᠭᠤᠯᠢ


9.jpg


      ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ᠄ ᠣᠷᠳᠣᠰ ᠬᠣᠲᠠ ᠵᠢᠨ ᠳᠠᠯᠠᠳ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭ᠋ᠠᠭᠤᠯᠢ


10.jpg


11.jpg


12.jpg


           ᠮᠠᠩᠯᠠᠢ᠌ᠯᠠᠭᠰᠠᠨ ᠳᠤᠭᠤᠢ᠌ᠯᠠᠩ ᠢᠯᠠᠯᠲᠠ᠎ᠪᠠᠨ ᠪᠡᠯᠭᠡᠯᠡᠵᠦ ᠪᠠᠢ᠌ᠭ᠎ᠠ᠎ᠨᠢ


      ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠬᠠᠮᠤᠭ᠎ᠤᠨ ᠥᠨᠳᠥᠷ ᠳᠡᠰ᠎ᠤᠨ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ (U16 - U18)᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠨᠢ ᠨᠡᠩ ᠥᠨᠳᠥᠷ ᠬᠢᠷᠢ ᠲᠦᠪᠰᠢᠨ ᠪᠦᠬᠦᠢ ᠬᠥᠯ ᠪᠥᠮᠪᠥᠭᠡᠨ᠎ᠤ ᠠᠩᠭᠢ ᠵᠢ ᠴᠤᠭᠯᠠᠷᠠᠭᠤᠯᠤᠨ ᠥᠪᠡᠳᠡᠭᠰᠢ ᠤᠷᠤᠯᠳᠤᠭ᠋ᠠᠨ᠎ᠢ ᠶᠠᠪᠤᠭᠳᠠᠭᠤᠯᠵᠤ᠂ ᠡᠯ᠎ᠡ ᠳᠤᠭᠤᠢ᠌ᠯᠠᠩ᠎ᠤᠨ ᠬᠦᠴᠦᠷᠬᠡᠭ ᠡᠲᠡᠭᠡᠳ᠎ᠤᠨ ᠡᠮᠦᠨ᠎ᠡ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠠᠬᠢᠭᠤᠯᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠪᠡᠶ᠎ᠡ ᠵᠢᠨ ᠲᠠᠮᠢᠷ᠎ᠤᠨ ᠬᠢᠴᠢᠶᠡᠯ᠎ᠤᠨ ᠠᠭᠤᠯᠭ᠎ᠠ ᠵᠢ ᠪᠠᠶᠠᠯᠢᠭᠵᠢᠭᠤᠯᠬᠤ᠂ ᠡᠯ᠎ᠡ ᠱᠠᠲᠤᠨ᠎ᠤ ᠤᠷᠤᠯᠳᠤᠭ᠋ᠠᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠬᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ ᠵᠢ ᠥᠷᠭᠡᠳᠬᠡᠬᠦ᠎ᠪᠠᠷ ᠳᠠᠮᠵᠢᠭᠤᠯᠤᠨ᠂ ᠵᠠᠯᠠᠭᠤᠴᠤᠳ ᠪᠠᠭ᠋ᠠᠴᠤᠳ᠎ᠢ ᠬᠠᠪᠰᠤᠷᠤᠨ ᠪᠡᠶ᠎ᠡ ᠮᠠᠬᠠᠪᠣᠳ᠎ᠢ᠎ᠨᠢ ᠴᠢᠭᠢᠷᠠᠭᠵᠢᠭᠤᠯᠵᠤ᠂ ᠵᠣᠷᠢᠭ ᠰᠠᠨᠠᠭ᠎ᠠ ᠵᠢ᠎ᠨᠢ ᠬᠠᠲᠠᠭᠤᠵᠢᠭᠤᠯᠤᠨ᠂ ᠴᠢᠳᠠᠪᠤᠷᠢᠲᠠᠨ᠎ᠢ ᠭᠦᠨ ᠦᠨᠳᠦᠰᠦᠯᠡᠭᠦᠯᠵᠦ ᠬᠥᠷᠥᠰᠥ ᠵᠢ ᠰᠢᠮᠡᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠥᠭᠡᠨ᠎ᠤ ᠲᠣᠮᠤ ᠠᠯᠬᠤᠮ ᠵᠶ᠋ᠠᠷ ᠤᠷᠤᠭᠰᠢᠯᠠᠬᠤ ᠵᠢ ᠠᠬᠢᠭᠤᠯᠪᠠ᠃
   

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠡᠪᠡᠭ᠂ ᠬᠥᠯ ᠪᠥᠮᠪᠦᠭᠡᠨ᠎ᠤ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠥᠪᠥᠷ ᠮᠣᠩᠭᠣᠯ᠎ᠤᠨ ᠲᠥᠯᠦᠭᠡᠯᠡᠭᠴᠢᠳ᠎ᠤᠨ ᠪᠦᠯᠬᠦᠮ ᠳᠠᠬᠢᠨᠲᠠ ᠰᠠᠶ᠋ᠢᠨ ᠬᠢᠷᠢ ᠪᠦᠲᠦᠮᠵᠢ ᠣᠯᠪᠠ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ ᠲᠡᠭᠦᠰ ᠠᠮᠵᠢᠯᠲᠠ᠎ᠲᠠᠢ ᠥᠨᠳᠥᠷᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠬᠢᠯᠡᠪᠡ
 
             蒙ICP备05000248号