10 ᠰᠠᠷ᠎ᠠ ᠵᠢᠨ 22᠎ᠤᠨ ᠡᠳᠦᠷ᠂ ᠵᠢᠷᠭᠤᠭ᠋ᠠᠨ ᠡᠳᠦᠷ᠎ᠤᠨ ᠬᠤᠷᠴᠠ ᠰᠢᠷᠦᠭᠦᠨ ᠮᠥᠷᠦᠢ᠌ᠴᠡᠯᠳᠦᠭᠡᠨ ᠵᠶ᠋ᠠᠷ ᠳᠠᠮᠵᠢᠨ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠣᠷᠳᠣᠰ ᠬᠣᠲᠠ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠲᠥᠪ ᠲᠤ ᠲᠡᠭᠦᠰ ᠠᠮᠵᠢᠯᠲᠠ᠎ᠲᠠᠢ ᠥᠨᠳᠥᠷᠯᠡᠪᠡ᠃
ᠲᠤᠰ ᠬᠤᠭᠤᠴᠠᠭ᠋ᠠᠨ᠎ᠤ ᠤᠷᠤᠯᠳᠤᠭ᠋ᠠᠨ᠎ᠢ ᠪᠠᠭ᠎ᠠ ᠰᠤᠷᠭ᠋ᠠᠭᠤᠯᠢ ᠵᠢᠨ ᠡᠷᠡᠭᠲᠡᠢ ᠡᠮᠡᠭᠲᠡᠢ ᠵᠢᠨ ᠬᠥᠬᠡ ᠳᠤᠭᠤᠶ᠋ᠢᠯᠠᠩ᠂ ᠬᠥᠬᠡᠭᠴᠢᠨ ᠳᠤᠭᠤᠶ᠋ᠢᠯᠠᠩ ᠪᠠ ᠤᠯᠠᠭ᠋ᠠᠨ ᠳᠤᠭᠤᠶ᠋ᠢᠯᠠᠩ ᠭᠡᠵᠦ ᠬᠤᠪᠢᠶᠠᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠢ ᠡᠮᠡᠭᠲᠡᠢ ᠵᠢᠨ 8 ᠳᠤᠭᠤᠶ᠋ᠢᠯᠠᠩ ᠬᠤᠪᠢᠶᠠᠵᠤ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ ᠵᠡᠷᠭᠡ 4 ᠭᠠᠵᠠᠷ ᠣᠷᠣᠨ᠎ᠠᠴᠠ ᠢᠷᠡᠭᠰᠡᠨ 31 ᠤᠷᠤᠯᠳᠤᠭ᠋ᠠᠨ᠎ᠳᠤ ᠣᠷᠣᠯᠴᠠᠬᠤ ᠳᠤᠭᠤᠢ᠌ᠯᠠᠩ᠎ᠤᠨ 522 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃ ᠡᠴᠦᠰ᠎ᠲᠤ᠂ ᠣᠷᠳᠣᠰ ᠬᠣᠲᠠ ᠵᠢᠨ ᠲᠥᠯᠦᠭᠡᠯᠡᠭᠴᠢ ᠵᠢᠨ ᠠᠩᠭᠢ ᠡᠯ᠎ᠡ ᠳᠤᠭᠤᠶ᠋ᠢᠯᠠᠩ᠎ᠤᠨ ᠮᠠᠩᠯᠠᠢ᠎ᠳᠤ ᠲᠣᠳᠤᠷᠠᠪᠠ᠃



ᠥᠨᠳᠦᠷᠯᠡᠬᠦ ᠶᠣᠰᠣᠯᠠᠯ ᠳᠡᠭᠡᠷ᠎ᠡ ᠲᠣᠭᠯᠠᠯᠲᠠ ᠭᠠᠷᠭ᠋ᠠᠵᠤ ᠪᠠᠢ᠌ᠭ᠎ᠠ᠎ᠨᠢ


ᠱᠠᠩᠨᠠᠯ ᠣᠯᠭᠣᠬᠤ ᠶᠣᠰᠣᠯᠠᠯ᠎ᠤᠨ ᠠᠬᠤᠢ ᠲᠠᠯᠠᠪᠠᠢ
ᠡᠨᠡ ᠤᠳᠠᠭ᠋ᠠᠨ᠎ᠤ ᠠᠵᠢᠯᠯᠠᠭ᠎ᠠ ᠤᠷᠤᠯᠳᠤᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠵᠢ ᠨᠢᠭᠡ ᠴᠣᠭᠴᠠᠵᠢᠭᠤᠯᠵᠤ᠂ ᠬᠥᠯ ᠪᠥᠮᠪᠦᠭᠡᠨ᠎ᠤ ᠬᠥᠭᠵᠢᠶᠡᠨᠲᠦ ᠪᠡᠶ᠎ᠡ ᠵᠢᠨ ᠲᠡᠮᠢᠷ᠂ ᠬᠥᠯ ᠪᠥᠮᠪᠦᠭᠡᠨ᠎ᠤ ᠪᠠᠷᠢᠮᠲᠠᠲᠤ ᠹᠢᠯᠢᠮ᠂ ᠪᠥᠵᠢᠭ᠎ᠤᠨ ᠵᠢᠭ᠋ᠠᠨ ᠰᠤᠷᠭ᠋ᠠᠯᠲᠠ᠂ ᠤᠷᠠᠯᠢᠭ᠎ᠤᠨ ᠨᠠᠶ᠋ᠢᠷᠠᠯ ᠳᠠᠭᠤᠤ᠂ ᠬᠠᠤᠯᠢ ᠲᠦᠭᠡᠮᠡᠯᠵᠢᠭᠦᠯᠬᠦ ᠬᠥᠮᠦᠵᠢᠯ ᠵᠡᠷᠭᠡ ᠡᠯᠪᠡᠭ ᠪᠠᠶᠠᠯᠢᠭ ᠣᠨᠴᠠᠯᠢᠭᠲᠤ ᠬᠢᠴᠢᠶᠡᠯ ᠵᠶ᠋ᠠᠷ ᠬᠠᠪᠰᠤᠷᠤᠮᠵᠢ ᠪᠣᠯᠭ᠋ᠠᠨ᠂ ᠤᠷᠤᠯᠳᠤᠭ᠋ᠠᠨ᠎ᠤ ᠬᠤᠭᠤᠴᠠᠭ᠋ᠠᠨ᠎ᠳᠤ᠂ ᠬᠥᠯ ᠪᠥᠮᠪᠦᠭᠡᠴᠢᠳ ᠬᠠᠷᠢᠯᠴᠠᠨ ᠪᠥᠮᠪᠥᠭᠡᠨ ᠮᠡᠷᠭᠡᠵᠢᠯ᠎ᠢ ᠶᠠᠷᠢᠯᠴᠠᠵᠤ᠂ ᠮᠡᠳᠡᠯᠭᠡ ᠰᠤᠷᠴᠤ᠂ ᠲᠤᠷᠰᠢᠯᠭ᠎ᠠ ᠰᠣᠯᠢᠯᠴᠠᠨ᠂ ᠬᠥᠯ ᠪᠥᠮᠪᠦᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠭᠰᠡᠨ᠎ᠤ ᠬᠠᠮᠲᠤ ᠪᠦᠯᠬᠦᠮ ᠨᠡᠶ᠋ᠢᠲᠡ ᠵᠢᠨ ᠬᠠᠷᠢᠯᠴᠠᠨ ᠬᠠᠪᠰᠤᠷᠬᠤ ᠤᠬᠠᠮᠰᠠᠷ᠎ᠢ ᠪᠣᠢ ᠪᠣᠯᠭ᠋ᠠᠵᠤ᠂ ᠰᠤᠷᠤᠯᠴᠠᠬᠤ ᠴᠢᠳᠠᠪᠤᠷᠢ ᠪᠠ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠪᠡ᠃




ᠤᠷᠤᠯᠳᠤᠭ᠋ᠠᠨ᠎ᠤ ᠠᠬᠤᠢ ᠲᠠᠯᠠᠪᠠᠢ
ᠲᠤᠰ ᠬᠤᠭᠤᠴᠠᠭ᠋ᠠᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠭᠰᠡᠨ᠎ᠨᠢ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠨᠢᠭᠡ ᠴᠣᠭᠴᠠᠵᠢᠭᠤᠯᠤᠭᠰᠠᠨ ᠬᠥᠭᠵᠢᠭᠦᠯᠦᠯᠲᠡ ᠵᠢᠨ ᠲᠥᠯᠥᠪᠵᠢᠭᠦᠯᠭᠡ》 ᠵᠢ ᠬᠡᠷᠡᠭᠵᠢᠭᠦᠯᠬᠦ ᠵᠢ ᠢᠳᠡᠪᠬᠢᠲᠡᠢ ᠠᠬᠢᠭᠤᠯᠵᠤ᠂ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠣᠷᠣᠨ ᠪᠦᠰᠡ ᠵᠢᠨ ᠬᠥᠯ ᠪᠥᠮᠪᠦᠭᠡᠨ᠎ᠤ ᠬᠣᠯᠪᠤᠭ᠋ᠠᠲᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠢᠷᠢ ᠲᠦᠪᠰᠢᠨ᠎ᠢ ᠬᠠᠮᠲᠤ᠎ᠳᠤ᠎ᠪᠠᠨ ᠳᠡᠭᠡᠭᠰᠢᠯᠡᠭᠦᠯᠬᠦ ᠵᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠬᠥᠭᠵᠢᠭᠦᠯᠦᠯᠲᠡ ᠵᠢᠨ ᠰᠢᠨ᠎ᠡ ᠪᠠᠢ᠌ᠷᠢᠰᠢᠯᠠᠭᠤᠯᠤᠯᠲᠠ ᠪᠣᠢ ᠪᠣᠯᠭ᠋ᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠤ ᠬᠠᠮᠲᠤ ᠤᠷᠤᠯᠳᠤᠭ᠋ᠠᠨ᠎ᠳᠤ ᠣᠷᠣᠯᠴᠠᠭᠰᠠᠨ ᠲᠥᠯᠦᠭᠡᠯᠡᠭᠴᠢ ᠵᠢᠨ ᠠᠩᠭᠢ᠎ᠳᠤ ᠥᠪᠡᠷ᠎ᠢ᠎ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ ᠲᠠᠪᠴᠠᠩ᠎ᠢ ᠬᠠᠩᠭ᠋ᠠᠪᠠ᠃ ᠲᠡᠭᠦᠰᠬᠦ ᠶᠣᠰᠣᠯᠠᠯ ᠳᠡᠭᠡᠷ᠎ᠡ᠂ ᠬᠥᠬᠡᠬᠣᠲᠠ ᠬᠣᠯᠪᠣᠭ᠋ᠠᠲᠤ ᠤᠷᠤᠯᠳᠤᠭ᠋ᠠᠨ᠎ᠤ ᠲᠤᠭ᠎ᠢ ᠲᠣᠰᠴᠤ᠂ 2024 ᠣᠨ᠎ᠳᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠬᠥᠬᠡᠬᠣᠲᠠ᠎ᠳᠤ ᠶᠠᠪᠤᠭᠳᠠᠬᠤ ᠪᠣᠯᠤᠨ᠎ᠠ᠃