ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠡᠪᠡᠭ᠂ ᠬᠥᠯ ᠪᠥᠮᠪᠦᠭᠡᠨ᠎ᠤ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠥᠪᠥᠷ ᠮᠣᠩᠭᠣᠯ᠎ᠤᠨ ᠲᠥᠯᠦᠭᠡᠯᠡᠭᠴᠢᠳ᠎ᠤᠨ ᠪᠦᠯᠬᠦᠮ ᠳᠠᠬᠢᠨᠲᠠ ᠰᠠᠶ᠋ᠢᠨ ᠬᠢᠷᠢ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2023-11-15

      11 ᠰᠠᠷ᠎ᠠ ᠵᠢᠨ 13᠎ᠤ ᠡᠳᠦᠷ᠂ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠰᠤᠷᠤᠭᠴᠢ (ᠵᠠᠯᠠᠭᠤᠴᠤᠳ)᠎ᠤᠨ ᠪᠡᠶ᠎ᠡ ᠵᠢᠨ ᠲᠠᠮᠢᠷ ᠎ᠤᠨ ᠴᠤᠭᠯᠠᠭ᠋ᠠᠨ (ᠳᠣᠷᠣᠭᠰᠢ ᠰᠤᠷᠤᠭᠴᠢ ᠵᠠᠯᠠᠭᠤᠴᠤᠳ᠎ᠤᠨ ᠴᠤᠭᠯᠠᠭ᠋ᠠᠨ ᠭᠡᠵᠦ ᠳᠦᠭᠦᠮᠴᠢᠯᠡᠨ᠎ᠡ)᠎ᠤ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠎ᠤᠨ ᠲᠡᠪᠡᠭ᠎ᠤᠨ ᠤᠷᠤᠯᠳᠤᠭ᠋ᠠᠨ ᠪᠠ ᠳᠤᠮᠳᠠᠳᠤ ᠰᠤᠷᠭ᠋ᠠᠭᠤᠯᠢ ᠵᠢᠨ ᠡᠷᠡᠭᠲᠡᠢ ᠵᠢᠨ ᠬᠥᠯ ᠪᠥᠮᠪᠦᠭᠡᠨ᠎ᠤ ᠤᠷᠤᠯᠳᠤᠭ᠋ᠠᠨ ᠤᠷᠢᠳ ᠬᠣᠵᠢᠳ ᠭᠤᠸᠠᠩᠰᠢ᠎ᠳᠤ ᠥᠨᠳᠥᠷᠯᠡᠪᠡ᠃ ᠲᠡᠪᠡᠭ᠎ᠤᠨ ᠲᠥᠷᠥᠯ ᠵᠦᠢ᠍ᠯ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠶᠡᠬᠡ ᠰᠤᠷᠭ᠋ᠠᠭᠤᠯᠢ ᠵᠢᠨ ᠳᠤᠭᠤᠶ᠋ᠢᠯᠠᠩ᠂ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠭᠡᠬᠦ ᠬᠣᠶᠠᠷ ᠳᠤᠭᠤᠶ᠋ᠢᠯᠠᠩ᠎ᠤᠨ ᠤᠷᠤᠯᠳᠤᠭ᠋ᠠᠨ᠎ᠳᠤ ᠣᠷᠣᠯᠴᠠᠵᠤ᠂ ᠬᠤᠷᠴᠠ ᠰᠢᠷᠦᠭᠦᠨ ᠮᠥᠷᠥᠢ᠌ᠴᠡᠭᠡᠨ ᠵᠶ᠋ᠠᠷ ᠳᠠᠮᠵᠢᠭ᠋ᠠᠳ᠂ ᠥᠪᠥᠷ ᠮᠣᠩᠭᠣᠯ ᠎ᠤᠨ ᠲᠥᠯᠥᠭᠡᠯᠡᠭᠴᠢᠳ᠎ᠤᠨ ᠪᠦᠯᠬᠦᠮ ᠬᠣᠶᠠᠷ ᠳᠥᠷᠪᠡᠳᠦᠭᠡᠷ ᠨᠡᠷ᠎ᠡ᠂ ᠨᠢᠭᠡ ᠵᠢᠷᠭᠤᠳᠤᠭ᠋ᠠᠷ ᠨᠡᠷ᠎ᠡ᠂ ᠬᠣᠶᠠᠷ ᠨᠠᠢ᠍ᠮᠠᠳᠤᠭ᠋ᠠᠷ ᠨᠡᠷ᠎ᠡ᠎ᠳᠤ ᠤᠷᠤᠭᠰᠠᠨ ᠬᠢᠷᠢ ᠪᠦᠲᠦᠮᠵᠢ ᠵᠢ ᠣᠯᠵᠠᠢ᠃ ᠳᠤᠮᠳᠠᠳᠤ ᠰᠤᠷᠭ᠋ᠠᠭᠤᠯᠢ ᠵᠢᠨ ᠡᠷᠡᠭᠲᠡᠢ ᠵᠢᠨ ᠬᠥᠯ ᠪᠥᠮᠪᠦᠭᠡᠨ᠎ᠤ ᠲᠥᠷᠥᠯ ᠵᠦᠢ᠍ᠯ ᠪᠦᠬᠦ ᠤᠯᠤᠰ ᠎ᠤᠨ 12 ᠬᠥᠯ ᠪᠥᠮᠪᠥᠭᠡᠨ᠎ᠤ ᠠᠩᠭᠢ᠎ᠲᠠᠢ  ᠰᠢᠷᠭ᠋ᠠᠭᠤ ᠬᠠᠲᠠᠭᠤᠵᠢᠯᠲᠠᠢ ᠮᠥᠷᠥᠢ᠌ᠴᠡᠬᠦ᠎ᠪᠠᠷ ᠳᠠᠮᠵᠢᠨ ᠳᠣᠯᠣᠳᠤᠭ᠋ᠠᠷ᠎ᠲᠤ ᠣᠷᠣᠨ᠂ ᠡᠨᠡ᠎ᠨᠢ ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠬᠥᠯ ᠪᠥᠮᠪᠦᠭᠡᠨ᠎ᠤ ᠠᠩᠭᠢ ᠪᠦᠬᠦ ᠤᠯᠤᠰ᠎ᠤᠨ ᠰᠤᠷᠤᠭᠴᠢᠳ᠎ᠤᠨ ᠬᠠᠮᠤᠭ᠎ᠤᠨ ᠥᠨᠳᠥᠷ ᠳᠡᠰ᠎ᠤᠨ ᠤᠷᠤᠯᠳᠤᠭ᠋ᠠᠨ᠎ᠳᠤ ᠣᠯᠤᠭᠰᠠᠨ ᠬᠠᠮᠤᠭ᠎ᠤᠨ ᠰᠠᠶ᠋ᠢᠨ ᠬᠢᠷᠢ ᠪᠦᠲᠦᠮᠵᠢ ᠪᠣᠯᠤᠨ᠎ᠠ᠃


1.jpg


2.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠲᠡᠪᠡᠭ᠎ᠤᠨ ᠤᠷᠤᠯᠳᠤᠭ᠋ᠠᠨ᠎ᠤ ᠶᠡᠬᠡ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠭᠤᠷᠪᠠᠨ ᠬᠥᠮᠦᠨ᠎ᠤ ᠤᠷᠤᠯᠳᠤᠭ᠋ᠠᠨ᠎ᠤ ᠳᠥᠷᠪᠡᠳᠦᠭᠡᠷ᠎ᠲᠤ ᠲᠣᠳᠣᠷᠠᠪᠠ


3.jpg


4.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠲᠡᠪᠡᠭ᠎ᠤᠨ ᠤᠷᠤᠯᠳᠤᠭ᠋ᠠᠨ᠎ᠤ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠮᠡᠭᠲᠡᠢ ᠵᠢᠨ ᠬᠣᠣᠰ ᠬᠥᠮᠦᠨ᠎ᠤ ᠤᠷᠤᠯᠳᠤᠭ᠋ᠠᠨ᠎ᠤ ᠳᠥᠷᠪᠡᠳᠦᠭᠡᠷ᠎ᠲᠤ ᠲᠣᠳᠣᠷᠠᠪᠠ


5.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠲᠡᠪᠡᠭ᠎ᠤᠨ ᠤᠷᠤᠯᠳᠤᠭ᠋ᠠᠨ᠎ᠤ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠭᠤᠷᠪᠠᠨ ᠬᠥᠮᠦᠨ᠎ᠤ ᠤᠷᠤᠯᠳᠤᠭ᠋ᠠᠨ᠎ᠤ ᠵᠢᠷᠭᠤᠳᠤᠭ᠋ᠠᠷ᠎ᠲᠤ ᠲᠣᠳᠤᠷᠠᠪᠠ
   
      13᠎ᠤ ᠡᠳᠦᠷ᠂ ᠬᠥᠯᠥᠨ ᠪᠣᠶ᠋ᠢᠷ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠣᠮᠢᠯᠠᠭᠰᠠᠨ ᠲᠠᠮᠢᠷᠴᠢᠨ ᠠᠢ ᠯᠢᠶᠠᠩ᠂ ᠴᠢᠨ ᠬᠤᠤ᠂ ᠵᠠᠩ ᠬᠠᠨ᠂ ᠵᠢᠨ ᠰᠢᠦᠢ (ᠣᠷᠣᠯᠠᠭᠴᠢ) ᠶᠡᠬᠡ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠭᠤᠷᠪᠠᠨ ᠬᠥᠮᠦᠨ᠎ᠤ ᠲᠡᠪᠡᠭ᠎ᠤᠨ ᠤᠷᠤᠯᠳᠤᠭ᠋ᠠᠨ᠎ᠳᠤ ᠭᠤᠸᠠᠩᠰᠢ ᠵᠢᠨ  ᠲᠥᠯᠥᠭᠡᠯᠡᠭᠴᠢᠳ᠎ᠤᠨ ᠪᠦᠯᠬᠦᠮ᠂ ᠭᠤᠸᠠᠩᠳᠦ᠋ᠩ ᠮᠤᠵᠢ ᠵᠢᠨ ᠲᠥᠯᠥᠭᠡᠯᠡᠭᠴᠢᠳ᠎ᠤᠨ ᠪᠦᠯᠬᠦᠮ᠎ᠲᠠᠢ ᠲᠤᠰ ᠲᠤᠰ ᠮᠥᠷᠥᠢ᠌ᠴᠡᠵᠦ᠂ ᠮᠠᠨ᠎ᠤ ᠣᠷᠣᠨ᠎ᠤ ᠲᠠᠮᠢᠷᠴᠢᠳ ᠣᠯᠠᠨ ᠲᠠᠯ᠎ᠠ᠎ᠪᠠᠷ ᠨᠥᠭᠥᠭᠡ ᠡᠲᠡᠭᠡᠳ᠎ᠤᠨ ᠵᠶ᠋ᠡᠨ ᠪᠠᠭᠤᠷᠠᠢ ᠲᠠᠯ᠎ᠠ ᠵᠢ ᠡᠷᠢᠨ ᠳᠠᠭ᠋ᠠᠷᠢᠵᠤ ᠬᠤᠪᠢ ᠣᠯᠤᠭᠰᠠᠨ᠎ᠤ ᠬᠠᠮᠲᠤ ᠳᠥᠷᠪᠡᠳᠦᠭᠡᠷ ᠨᠡᠷ᠎ᠡ᠎ᠳᠤ ᠣᠷᠣᠪᠠ᠃ ᠬᠥᠯᠥᠨ ᠪᠤᠶ᠋ᠢᠷ ᠬᠣᠲᠠ ᠵᠢᠨ ᠶᠠᠭᠱ᠌ᠢ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠲᠠᠮᠢᠷᠴᠢᠳ ᠳᠥᠷᠪᠡᠨ ᠲᠥᠷᠥᠯ ᠵᠦᠢ᠍ᠯ᠎ᠤᠨ ᠮᠥᠷᠥᠢ᠌ᠴᠡᠭᠡᠨ᠎ᠳᠤ ᠣᠷᠣᠯᠴᠠᠵᠤ᠂ ᠸᠠᠩ ᠵᠢᠶᠠ ᠴᠢ᠂ ᠵᠠᠩ ᠢᠦᠢ ᠬᠠᠨ ᠭᠤᠸᠠᠩᠳᠦ᠋ᠩ ᠮᠤᠵᠢ ᠵᠢᠨ ᠲᠥᠯᠥᠭᠡᠯᠡᠭᠴᠢᠳ᠎ᠤᠨ ᠪᠦᠯᠬᠦᠮ᠂ ᠬᠤᠪᠧᠢ ᠮᠤᠵᠢ ᠵᠢᠨ ᠲᠥᠯᠥᠭᠡᠯᠡᠭᠴᠢᠳ᠎ᠤᠨ ᠪᠦᠯᠬᠦᠮ᠎ᠲᠠᠢ ᠶᠠᠪᠤᠭᠳᠠᠭᠤᠯᠤᠭᠰᠠᠨ ᠬᠣᠶᠠᠷ ᠲᠠᠯᠠᠪᠤᠷ ᠤᠷᠤᠯᠳᠤᠭ᠋ᠠᠨ᠎ᠤ ᠲᠡᠷᠢᠭᠦᠨ ᠪᠤᠯᠢᠶᠠᠯᠳᠤᠬᠤ ᠤᠷᠤᠯᠳᠤᠭ᠋ᠠᠨ᠎ᠳᠤ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠮᠡᠭᠲᠡᠢ ᠵᠢᠨ ᠲᠡᠪᠡᠭ᠎ᠤᠨ ᠬᠣᠣᠰ ᠬᠥᠮᠦᠨ᠎ᠤ ᠤᠷᠤᠯᠳᠤᠭ᠋ᠠᠨ᠎ᠤ ᠳᠥᠷᠪᠡᠳᠦᠭᠡᠷ ᠨᠡᠷ᠎ᠡ᠎ᠳᠤ ᠣᠷᠣᠵᠠᠢ᠃ ᠺᠠᠩ ᠰᠢᠦᠢ᠂ ᠸᠠᠩ ᠫᠧᠩ ᠹᠧᠢ᠂ ᠵᠣᠣ ᠽᠢ ᠪᠦᠸᠧ (ᠣᠷᠣᠯᠠᠭᠴᠢ᠄ ᠯᠢ ᠮᠧᠩ ᠵᠧ᠂ ᠡᠤ ᠰᠢᠨ ᠢᠦᠢ᠂ ᠫᠠᠨ ᠿᠦᠢ) ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠭᠤᠷᠪᠠᠨ ᠬᠥᠮᠦᠨ᠎ᠤ ᠲᠡᠪᠡᠭ᠎ᠤᠨ ᠤᠷᠤᠯᠳᠤᠭ᠋ᠠᠨ᠎ᠳᠤ ᠵᠢᠷᠭᠤᠳᠤᠭ᠋ᠠᠷ᠎ᠲᠤ ᠣᠷᠣᠵᠤ᠂ ᠸᠠᠩ ᠽᠧ ᠫᠧᠩ᠂ ᠵᠢᠶᠠᠩ ᠰᠢᠨ ᠢᠦᠢ ᠲᠤᠰ ᠲᠤᠰ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠥᠩᠭᠡᠲᠦ ᠲᠡᠪᠡᠭ᠎ᠤᠨ ᠮᠡᠬᠡ ᠳᠣᠭᠲᠠᠭ᠋ᠠᠭᠰᠠᠨ ᠪᠠ ᠡᠮᠡᠭᠲᠡᠢ ᠵᠢᠨ ᠭᠠᠭᠴᠠ ᠬᠥᠮᠦᠨ᠎ᠤ ᠥᠩᠭᠡᠲᠦ ᠲᠡᠪᠡᠭ᠎ᠢ ᠵᠠᠪᠢᠯᠠᠭ᠎ᠠ ᠢᠰᠭᠦᠯᠬᠦ ᠰᠢᠢ᠍ᠳᠪᠦᠷᠢᠲᠦ ᠤᠷᠤᠯᠳᠤᠭ᠋ᠠᠨ᠎ᠤ ᠨᠠᠢ᠍ᠮᠠᠳᠤᠭ᠋ᠠᠷ ᠨᠡᠷ᠎ᠡ᠎ᠳᠤ ᠣᠷᠣᠵᠠᠢ᠃


6.jpg


7.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠠᠩᠭᠢ (ᠬᠥᠬᠡ) ᠾᠧᠪᠧᠢ ᠮᠤᠵᠢ ᠵᠢᠨ ᠲᠥᠯᠥᠭᠡᠯᠡᠭᠴᠢᠳ᠎ᠤᠨ ᠠᠩᠭᠢ (ᠴᠠᠭ᠋ᠠᠨ)᠎ᠲᠠᠢ ᠮᠥᠷᠥᠢ᠌ᠴᠡᠵᠦ ᠪᠠᠢ᠌ᠭ᠎ᠠ᠎ᠨᠢ


8.jpg


9.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠠᠩᠭᠢ (ᠴᠠᠭ᠋ᠠᠨ) ᠯᠢᠶᠣᠤᠨᠢᠩ ᠮᠤᠵᠢ ᠵᠢᠨ ᠲᠥᠯᠥᠭᠡᠯᠡᠭᠴᠢᠳ᠎ᠤᠨ ᠠᠩᠭᠢ (ᠬᠥᠬᠡ)᠎ᠲᠠᠢ ᠮᠥᠷᠥᠢ᠌ᠴᠡᠵᠦ ᠪᠠᠢ᠌ᠭ᠎ᠠ᠎ᠨᠢ
   
      ᠲᠤᠰ ᠬᠤᠭᠤᠴᠠᠭ᠋ᠠᠨ᠎ᠤ ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠡᠷᠡᠭᠲᠡᠢ ᠵᠢᠨ ᠬᠥᠯ ᠪᠥᠮᠪᠦᠭᠡᠨ᠎ᠤ ᠲᠥᠯᠥᠭᠡᠯᠡᠭᠴᠢᠳ᠎ᠤᠨ ᠠᠩᠭᠢ ᠪᠤᠭᠤᠲᠤ ᠵᠢᠨ ᠪᠣᠯᠣᠳ ᠲᠡᠮᠦᠷ᠎ᠤᠨ ᠲᠠᠪᠤᠳᠤᠭ᠋ᠠᠷ ᠳᠤᠮᠳᠠᠳᠤ ᠰᠤᠷᠭ᠋ᠠᠭᠤᠯᠢ᠎ᠪᠠᠷ ᠭᠣᠣᠯ ᠪᠣᠯᠭ᠋ᠠᠵᠤ᠂ ᠪᠤᠭᠤᠲᠤ ᠬᠣᠲᠠ ᠵᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭ᠋ᠠᠭᠤᠯᠢ᠂ ᠪᠤᠭᠤᠲᠤ ᠬᠣᠲᠠ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ᠂ ᠣᠷᠳᠣᠰ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠵᠡᠭᠦᠨ ᠰᠤᠷᠭ᠋ᠠᠭᠤᠯᠢ ᠵᠢᠨ ᠲᠣᠭᠣᠷᠢᠭ᠂ ᠣᠷᠳᠣᠰ ᠬᠣᠲᠠ  ᠵᠢᠨ ᠳᠠᠯᠠᠳ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭ᠋ᠠᠭᠤᠯᠢ᠂ ᠪᠠᠶᠠᠨᠨᠠᠭᠤᠷ ᠬᠣᠲᠠ  ᠵᠢᠨ ᠯᠢᠨ ᠾᠧ ᠲᠣᠭᠣᠷᠢᠭ᠎ᠤᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠡᠷᠭᠡ 5 ᠰᠤᠷᠭ᠋ᠠᠭᠤᠯᠢ᠎ᠠᠴᠠ ᠰᠣᠩᠭᠤᠭᠰᠠᠨ ᠬᠡᠰᠡᠭ ᠲᠠᠮᠢᠷᠴᠢᠳ᠎ᠠᠴᠠ ᠪᠦᠷᠢᠯᠳᠦᠪᠡ᠃ 8᠎ᠤ ᠡᠳᠦᠷ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠪᠠᠭ᠎ᠠ ᠳᠤᠭᠤᠶ᠋ᠢᠯᠠᠩ᠎ᠤᠨ ᠤᠷᠤᠯᠳᠤᠭ᠋ᠠᠨ᠎ᠳᠤ  ᠮᠥᠷᠥᠢ᠌ᠴᠡᠵᠦ᠂ ᠪᠠᠭ᠎ᠠ ᠳᠤᠭᠤᠶ᠋ᠢᠯᠠᠩ᠎ᠤᠨ ᠤᠷᠤᠯᠳᠤᠭ᠋ᠠᠨ᠎ᠳᠤ ᠬᠣᠶᠠᠳᠤᠭ᠋ᠠᠷ ᠨᠡᠷ᠎ᠡ᠎ᠳᠤ ᠣᠷᠣᠭᠰᠠᠨ ᠬᠢᠷᠢ ᠪᠦᠲᠦᠮᠵᠢ᠎ᠪᠠᠷ ᠨᠠᠢ᠍ᠮᠠᠨ ᠬᠦᠴᠦᠷᠬᠡᠭ᠎ᠲᠤ ᠳᠠᠪᠰᠢᠨ ᠣᠷᠣᠪᠠ᠃ 10᠎ᠤ ᠡᠳᠦᠷ᠎ᠤᠨ ᠬᠣᠶᠠᠳᠤᠭ᠋ᠠᠷ ᠱᠠᠲᠤᠨ᠎ᠤ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠠᠩᠭᠢ ᠤᠤᠯ᠎ᠤᠨ B ᠳᠤᠭᠤᠶ᠋ᠢᠯᠠᠩ᠎ᠤᠨ ᠲᠡᠷᠢᠭᠦᠨ ᠨᠡᠷ᠎ᠡ ᠭᠤᠸᠠᠩᠳᠦ᠋ᠩ ᠮᠤᠵᠢ ᠵᠢᠨ ᠲᠥᠯᠥᠭᠡᠯᠡᠭᠴᠢᠳ᠎ᠤᠨ ᠠᠩᠭᠢ᠎ᠲᠠᠢ ᠮᠥᠷᠥᠢ᠌ᠴᠡᠵᠦ᠂ 1᠄ 1᠎ᠪᠠᠷ ᠲᠡᠩᠴᠡᠯᠳᠦᠭᠰᠡᠨ ᠪᠠᠢ᠌ᠳᠠᠯ᠎ᠳᠤ᠂  ᠴᠡᠭ᠎ᠤᠨ ᠪᠥᠮᠪᠥᠭᠡ ᠢᠰᠭᠦᠯᠬᠦ᠎ᠳᠤ ᠠᠯᠳᠠᠭ᠋ᠠᠳ ᠳᠥᠷᠪᠡᠨ ᠬᠦᠴᠦᠷᠬᠡᠭ᠎ᠲᠤ ᠣᠷᠣᠵᠤ ᠴᠢᠳᠠᠭᠰᠠᠨ ᠦᠭᠡᠢ᠃ 11᠎ᠤ ᠡᠳᠦᠷ᠎ᠤᠨ ᠵᠢᠭᠰᠠᠭ᠋ᠠᠯᠲᠠ ᠵᠢᠨ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠠᠩᠭᠢ ᠾᠧᠪᠧᠢ ᠮᠤᠵᠢ ᠵᠢᠨ ᠲᠥᠯᠥᠭᠡᠯᠡᠭᠴᠢᠳ᠎ᠤᠨ ᠠᠩᠭᠢ᠎ᠲᠠᠢ ᠮᠥᠷᠥᠢ᠌ᠴᠡᠵᠦ᠂ 2᠄ 0᠎ᠪᠠᠷ ᠤᠷᠢᠳᠠᠵᠤ ᠪᠠᠢ᠌ᠭᠰᠠᠨ ᠪᠠᠶ᠋ᠢᠳᠠᠯ᠎ᠳᠤ᠂ ᠾᠧᠪᠧᠢ ᠮᠤᠵᠢ ᠵᠢᠨ ᠲᠥᠯᠥᠭᠡᠯᠡᠭᠴᠢᠳ᠎ᠤᠨ ᠠᠩᠭᠢ ᠵᠠᠯᠭ᠋ᠠᠭ᠎ᠠ᠎ᠪᠠᠷ ᠪᠥᠮᠪᠥᠭᠡ ᠣᠷᠣᠭᠤᠯᠵᠤ᠂ ᠴᠡᠭ᠎ᠤᠨ ᠪᠥᠮᠪᠥᠭᠡ ᠢᠰᠭᠦᠯᠬᠦ ᠭᠣᠭᠴᠣᠭ᠎ᠠ᠎ᠳᠤ 4᠄ 5 ᠵᠢᠨ ᠬᠠᠷᠢᠴᠠᠯ ᠵᠶ᠋ᠠᠷ ᠾᠧᠪᠧᠢ ᠮᠤᠵᠢ ᠵᠢᠨ ᠲᠥᠯᠥᠭᠡᠯᠡᠭᠴᠢᠳ᠎ᠤᠨ ᠠᠩᠭᠢ ᠢᠯᠠᠪᠠ᠃ 13᠎ᠤ ᠡᠳᠦᠷ᠎ᠤᠨ ᠵᠢᠭᠰᠠᠭ᠋ᠠᠯᠲᠠ ᠵᠢᠨ ᠤᠷᠤᠯᠳᠤᠭ᠋ᠠᠨ᠎ᠤ ᠬᠣᠶᠠᠳᠤᠭ᠋ᠠᠷ ᠲᠠᠯᠠᠪᠤᠷ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠲᠥᠯᠥᠭᠡᠯᠡᠭᠴᠢᠳ᠎ᠤᠨ ᠠᠩᠭᠢ ᠯᠢᠶᠣᠤᠨᠢᠩ ᠮᠤᠵᠢ ᠵᠢᠨ ᠲᠥᠯᠥᠭᠡᠯᠡᠭᠴᠢᠳ᠎ᠤᠨ ᠠᠩᠭᠢ ᠎ᠲᠠᠢ ᠮᠥᠷᠥᠢ᠌ᠴᠡᠵᠦ᠂ ᠲᠠᠮᠢᠷᠴᠢᠳ ᠰᠢᠨᠲᠠᠷᠠᠰᠢ ᠦᠭᠡᠢ ᠴᠢᠷᠮᠠᠢ᠌ᠵᠤ ᠤᠷᠤᠯᠳᠤᠭ᠋ᠠᠨ᠎ᠢ ᠴᠡᠭ ᠎ᠤᠨ ᠪᠥᠮᠪᠥᠭᠡ ᠢᠰᠭᠦᠯᠬᠦ ᠬᠦᠷᠲᠡᠯ᠎ᠡ ᠤᠷᠲᠤᠳᠬᠠᠵᠤ ᠴᠡᠭ᠎ᠤᠨ ᠪᠥᠮᠪᠦᠭᠡ ᠢᠰᠭᠦᠯᠬᠦ᠎ᠪᠠᠷ ᠳᠠᠮᠵᠢᠨ ᠡᠴᠦᠰ᠎ᠤᠨ ᠨᠢᠭᠡ ᠲᠠᠯᠠᠪᠤᠷ ᠤᠷᠤᠯᠳᠤᠭ᠋ᠠᠨ᠎ᠤ ᠢᠯᠠᠯᠲᠠ ᠵᠢ ᠣᠯᠵᠤ᠂ ᠡᠴᠦᠰ᠎ᠲᠤ ᠎ᠪᠠᠨ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠎ᠤᠨ ᠳᠤᠮᠳᠠᠳᠤ ᠰᠤᠷᠭ᠋ᠠᠭᠤᠯᠢ ᠵᠢᠨ ᠡᠷᠡᠭᠲᠡᠢ ᠵᠢᠨ ᠬᠥᠯ ᠪᠥᠮᠪᠦᠭᠡᠨ᠎ᠤ ᠲᠥᠷᠥᠯ ᠵᠦᠢ᠍ᠯ᠎ᠤᠨ ᠪᠦᠬᠦ ᠤᠯᠤᠰ᠎ᠤᠨ ᠳᠣᠯᠣᠳᠤᠭ᠋ᠠᠷ᠎ᠲᠤ ᠣᠷᠣᠵᠠᠢ᠃ ᠰᠤᠷᠤᠭᠴᠢ ᠵᠠᠯᠠᠭᠤᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠭᠤᠴᠠᠭ᠋ᠠᠨ᠎ᠳᠤ᠂ ᠮᠠᠨ᠎ᠤ ᠣᠷᠣᠨ᠎ᠤ ᠲᠠᠮᠢᠷᠴᠢᠳ ᠲᠥᠪᠯᠡᠷᠡᠭᠦᠯᠦᠨ ᠪᠣᠯᠪᠠᠰᠤᠷᠠᠭᠤᠯᠬᠤ ᠴᠠᠭ ᠣᠬᠣᠷ᠂ ᠡᠮᠦᠨᠡᠲᠦ ᠤᠮᠠᠷᠠᠲᠤ ᠵᠢᠨ ᠠᠭᠤᠷ ᠠᠮᠢᠰᠬᠤᠯ᠎ᠤᠨ ᠵᠥᠷᠢᠶ᠎ᠡ ᠶᠡᠬᠡ ᠵᠡᠷᠭᠡ ᠠᠰᠠᠭᠤᠳᠠᠯ᠎ᠳᠤ ᠲᠤᠯᠭ᠋ᠠᠷᠠᠬᠤ ᠦᠶᠡᠰ᠂ ᠵᠦᠢ᠍ᠯ ᠵᠦᠢ᠍ᠯ᠎ᠤᠨ ᠬᠦᠴᠢᠷ ᠪᠡᠷᠬᠡᠰᠢᠶᠡᠯ᠎ᠢ ᠴᠢᠷᠮᠠᠶ᠋ᠢᠨ ᠢᠯᠠᠨ ᠳᠠᠪᠠᠵᠤ᠂ ᠤᠷᠤᠯᠳᠤᠭ᠋ᠠᠨ᠎ᠤ ᠪᠠᠶ᠋ᠢᠳᠠᠯ᠎ᠢ ᠢᠳᠡᠪᠬᠢᠲᠡᠢ ᠲᠣᠬᠢᠷᠠᠭᠤᠯᠪᠠ᠃ ᠵᠢᠶᠠᠩᠰᠦ᠂ ᠭᠤᠸᠠᠩᠳᠦ᠋ᠩ ᠵᠡᠷᠭᠡ ᠬᠦᠴᠦᠷᠬᠡᠭ  ᠠᠩᠭᠢ᠎ᠲᠠᠢ ᠳᠠᠭ᠋ᠠᠷᠠᠬᠤ  ᠦᠶ᠎ᠡ ᠬᠦᠴᠦᠷᠬᠡᠭ᠎ᠠᠴᠠ ᠠᠶᠤᠬᠤ ᠦᠭᠡᠢ ᠪᠠᠶ᠋ᠢᠵᠤ᠂ ᠮᠠᠨ᠎ᠤ ᠣᠷᠣᠨ᠎ᠤ ᠲᠠᠮᠢᠷᠴᠢᠳ᠎ᠤᠨ ᠵᠣᠷᠢᠭᠲᠠᠢ ᠲᠡᠮᠡᠴᠡᠬᠦ ᠴᠣᠭ ᠵᠢᠪᠬᠤᠭ᠎ᠠ ᠵᠢ ᠢᠯᠡᠷᠡᠭᠦᠯᠪᠡ᠃ ᠪᠦᠬᠦ ᠤᠯᠤᠰ᠎ᠤᠨ ᠳᠣᠯᠣᠳᠤᠭ᠋ᠠᠷ ᠨᠡᠷ᠎ᠡ᠎ᠳᠤ ᠣᠷᠣᠭᠰᠠᠨ ᠠᠮᠵᠢᠯᠲᠠ ᠪᠦᠲᠦᠮᠵᠢ ᠬᠢᠯᠪᠠᠷ ᠪᠣᠰᠤ᠎ᠪᠠᠷ ᠢᠷᠡᠭᠰᠡᠨ ᠶᠤᠮ᠂ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠳᠠᠷᠠᠭ᠋ᠠᠴᠢ ᠵᠢᠨ ᠬᠥᠭᠵᠢᠯᠲᠡ ᠵᠢᠨ ᠶᠠᠪᠤᠴᠠ᠎ᠳᠤ ᠨᠡᠩ ᠶᠡᠬᠡ ᠳᠠᠪᠰᠢᠯᠲᠠ᠎ᠲᠠᠢ ᠪᠣᠯᠬᠤ ᠵᠢ ᠢᠲᠡᠭᠡᠵᠦ ᠪᠠᠶ᠋ᠢᠨ᠎ᠠ᠃


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号