12 ᠰᠠᠷ᠎ᠠ ᠵᠢᠨ 8᠎ᠤ ᠡᠳᠦᠷ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠡᠨᠡ ᠤᠳᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠦᠭᠡᠨ᠎ᠤ ᠨᠡᠶ᠋ᠢᠭᠡᠮᠯᠢᠭ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠪᠡ᠃ ᠡᠨᠡ ᠤᠳᠠᠭ᠋ᠠᠨ᠎ᠤ ᠤᠷᠤᠯᠳᠤᠭ᠋ᠠᠨ 11 ᠰᠠᠷ᠎ᠠ ᠵᠢᠨ 26᠎ᠤ ᠡᠳᠦᠷ ᠡᠬᠢᠯᠡᠭᠰᠡᠨ᠎ᠠᠴᠠ ᠨᠠᠭ᠋ᠠᠰᠢ᠂ ᠲᠠᠮᠢᠷᠴᠢᠳ ᠡᠷᠡᠮᠡᠬᠡᠢ᠌ᠯᠡᠨ ᠮᠥᠷᠥᠢ᠌ᠴᠡᠵᠦ᠂ ᠲᠡᠷᠢᠭᠦᠨ᠎ᠳᠤ ᠣᠷᠣᠬᠤ᠎ᠪᠠᠷ ᠮᠡᠷᠡᠢ᠌ᠨ ᠴᠢᠷᠮᠠᠢ᠌ᠵᠤ᠂ ᠮᠠᠨ᠎ᠤ ᠣᠷᠣᠨ᠎ᠤ ᠤᠶᠤᠲᠠᠳ᠎ᠤᠨ ᠴᠣᠭ ᠪᠠᠳᠠᠷᠠᠩᠭᠤᠢ᠂ ᠡᠷᠡᠭᠦᠯ ᠮᠡᠨᠳᠦ ᠢᠲᠡᠭᠡᠯ ᠲᠡᠭᠦᠯᠳᠡᠷ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠣᠯᠤᠨ ᠴᠢᠷᠮᠠᠶ᠋ᠢᠨ ᠲᠡᠮᠡᠴᠡᠬᠦ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠢᠯᠡᠷᠡᠭᠦᠯᠪᠡ᠃




2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠤ ᠲᠡᠷᠡ ᠭ᠋ᠱ᠌ᠠᠨᠠ




2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠤ ᠭ᠋ᠱ᠌ᠠᠨ ᠵᠠᠭᠤᠷ᠎ᠠ
ᠡᠨᠡ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠣᠷᠣᠨ᠎ᠤ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ 284 ᠬᠥᠯ ᠪᠥᠮᠪᠦᠭᠡᠴᠢᠨ ᠪᠠ 94 ᠬᠥᠭᠵᠢᠶᠡᠨᠲᠦ ᠪᠡᠶ᠎ᠡ ᠵᠢᠨ ᠲᠠᠮᠢᠷᠴᠢᠳ ᠴᠤᠭᠯᠠᠷᠠᠵᠤ᠂ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠤᠷᠤᠯᠳᠤᠭ᠋ᠠᠨ᠎ᠢ 56 ᠲᠠᠯᠠᠪᠤᠷ ᠶᠠᠪᠤᠭᠳᠠᠭᠤᠯᠪᠠ᠃ ᠤᠷᠤᠯᠳᠤᠭ᠋ᠠᠨ᠎ᠤ ᠲᠣᠬᠢᠷᠠᠭᠤᠯᠤᠯᠲᠠ ᠵᠢᠨ ᠲᠠᠯ᠎ᠠ ᠪᠠᠷ᠂ ᠵᠣᠬᠢᠶᠠᠨ ᠪᠠᠶ᠋ᠢᠭᠤᠯᠬᠤ ᠺᠣᠮᠢᠰ᠎ᠠᠴᠠ ᠬᠥᠭᠵᠢᠶᠡᠨᠲᠦ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠦᠵᠡᠭᠦᠯᠭᠡ ᠵᠢᠨ ᠭᠣᠭᠴᠣᠭ᠎ᠠ ᠵᠢ ᠵᠢᠩᠬᠢᠨᠢ ᠠᠩᠭᠢ ᠵᠢᠨ ᠳᠤᠭᠤᠶ᠋ᠢᠯᠠᠩ᠎ᠤᠨ ᠭᠡᠷ ᠳᠣᠲᠤᠷᠠᠬᠢ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠤᠷᠤᠯᠳᠤᠭ᠋ᠠᠨ ᠵᠠᠪᠰᠠᠷᠯᠠᠬᠤ ᠦᠶ᠎ᠡ᠎ᠳᠤ ᠬᠠᠪᠴᠢᠭᠤᠯᠤᠨ ᠣᠷᠣᠭᠤᠯᠵᠤ ᠦᠵᠡᠭᠦᠯᠬᠦ᠎ᠪᠠᠷ ᠲᠥᠯᠦᠪᠯᠡᠵᠦ᠂ ᠬᠣᠶᠠᠷ ᠵᠦᠢ᠍ᠯ ᠤᠨ ᠤᠷᠤᠯᠳᠤᠭ᠋ᠠᠨ᠎ᠢ ᠢᠩᠭᠢᠵᠦ ᠤᠶᠠᠯᠳᠤᠭᠤᠯᠵᠤ ᠪᠠᠢ᠌ᠭ᠎ᠠ᠎ᠨᠢ ᠤᠷᠤᠯᠳᠤᠭ᠋ᠠᠨ᠎ᠢ ᠪᠠᠶᠠᠯᠢᠭᠵᠢᠭᠤᠯᠵᠤ᠂ ᠰᠣᠨᠢᠷᠬᠠᠬᠤ ᠵᠢ ᠳᠡᠭᠡᠭᠰᠢᠯᠡᠭᠦᠯᠦᠭᠰᠡᠨ᠎ᠪᠠᠷ ᠪᠠᠷᠠᠬᠤ ᠦᠭᠡᠢ᠂ ᠬᠥᠯ ᠪᠥᠮᠪᠥᠭᠡ ᠪᠣᠯᠤᠨ ᠬᠥᠭᠵᠢᠶᠡᠨᠲᠦ ᠪᠡᠶ᠎ᠡ ᠵᠢᠨ ᠲᠠᠮᠢᠷ᠎ᠤᠨ ᠡᠷᠡᠭᠦᠯ ᠴᠢᠬᠢᠷᠠᠭ ᠪᠠ ᠭᠤᠸ᠎ᠠ ᠰᠠᠶ᠋ᠢᠬᠠᠨ᠎ᠤ ᠣᠨᠴᠠᠯᠢᠭ᠎ᠢ ᠨᠡᠩ ᠲᠣᠪᠤᠢ᠌ᠯᠭ᠋ᠠᠪᠠ᠃ ᠦᠵᠡᠭᠴᠢᠳ᠎ᠲᠤ ᠪᠠᠴᠢᠮ ᠪᠥᠭᠡᠳ ᠰᠡᠳᠡᠯᠲᠡ᠎ᠲᠠᠢ ᠬᠥᠯ ᠪᠥᠮᠪᠦᠭᠡᠨ᠎ᠤ ᠤᠷᠤᠯᠳᠤᠭ᠋ᠠᠨ᠎ᠢ ᠰᠣᠨᠢᠷᠬᠠᠭᠤᠯᠬᠤ ᠵᠢᠨ ᠬᠠᠮᠲᠤ ᠬᠥᠭᠵᠢᠶᠡᠨᠲᠦ ᠪᠡᠶ᠎ᠡ ᠵᠢᠨ ᠲᠠᠮᠢᠷ ᠤᠨ ᠤᠷᠤᠯᠳᠤᠭ᠋ᠠᠨ᠎ᠤ ᠠᠪᠴᠢᠷᠠᠭᠰᠠᠨ ᠵᠢᠪᠬᠤᠭ᠋ᠠᠲᠤ ᠵᠠᠯᠠᠭᠤ ᠨᠠᠰᠤ ᠪᠣᠯᠤᠨ ᠠᠮᠢᠵᠢᠷᠠᠯ᠎ᠤᠨ ᠬᠦᠴᠦᠨ᠎ᠢ ᠮᠡᠳᠡᠷᠡᠭᠦᠯᠪᠡ᠃

2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢ ᠵᠢᠨ ᠮᠠᠩᠯᠠᠢ᠄ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ

2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠶᠤᠲᠠᠳ᠎ᠤᠨ ᠭᠡᠷ ᠳᠣᠲᠣᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠳᠤᠰᠬᠠᠢ ᠮᠡᠷᠭᠡᠵᠢᠯ᠎ᠤᠨ ᠤᠷᠤᠯᠳᠤᠭ᠋ᠠᠨ᠎ᠤ ᠮᠠᠩᠯᠠᠢ᠄ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠣᠶ᠋ᠢᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠠᠯᠢ ᠣᠯᠠᠨ ᠲᠤᠰᠬᠠᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ ᠡᠷᠬᠢᠯᠡᠵᠦ᠂ ᠡᠯ᠎ᠡ ᠵᠦᠢ᠍ᠯ᠎ᠤᠨ ᠤᠷᠤᠯᠳᠤᠭ᠋ᠠᠨ᠎ᠢ ᠥᠷᠨᠢᠭᠦᠯᠦᠭᠰᠡᠨ᠎ᠨᠢ ᠵᠠᠯᠠᠭᠤᠴᠤᠳ ᠪᠠᠭ᠋ᠠᠴᠤᠳ ᠰᠤᠷᠤᠭᠴᠢᠳ᠎ᠲᠤ ᠰᠣᠯᠢᠯᠴᠠᠨ ᠰᠤᠷᠤᠯᠴᠠᠬᠤ ᠲᠠᠪᠴᠠᠩ ᠬᠠᠩᠭ᠋ᠠᠵᠤ᠂ ᠮᠠᠨ᠎ᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠪᠡᠶ᠎ᠡ ᠵᠢᠨ ᠲᠠᠮᠢᠷ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠬᠤ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠪᠡ᠃ ᠳᠠᠷᠠᠭ᠎ᠠ ᠠᠯᠬᠤᠮ᠎ᠳᠤ᠂ ᠮᠠᠨ᠎ᠤ ᠣᠷᠣᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠠᠵᠢᠯᠯᠠᠭ᠎ᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ ᠪᠠ ᠬᠥᠮᠦᠨ ᠬᠥᠮᠦᠵᠢᠭᠦᠯᠬᠦ ᠦᠨ᠎ᠡ ᠥᠷᠲᠡᠭ᠎ᠢ ᠦᠷᠭᠦᠯᠵᠢᠯᠡᠨ ᠪᠠᠳᠠᠷᠠᠭᠤᠯᠵᠤ᠂ ᠥᠪᠡᠷᠮᠢᠴᠡ ᠣᠨᠴᠠᠯᠢᠭᠲᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃