10 ᠳ᠋ᠤᠭ᠋ᠠᠷ ᠰᠠᠷ᠎ᠠ ᠵᠢᠨ 26 - 31᠎ᠤ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠵᠢᠨ ᠰᠢᠯᠢᠳᠡᠭᠴᠦᠦᠯ᠎ᠤᠨ ᠤᠷᠤᠯᠳᠤᠭ᠋ᠠᠨ ᠣᠷᠳᠣᠰ ᠬᠣᠲᠠ᠎ᠳᠤ ᠶᠠᠪᠤᠭᠳᠠᠪᠠ᠃ ᠡᠨᠡ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠣᠷᠣᠨ᠎ᠤ ᠡᠯ᠎ᠡ ᠠᠶ᠋ᠢᠮᠠᠭ ᠬᠣᠲᠠ᠎ᠠᠴᠠ ᠢᠷᠡᠭᠰᠡᠨ 30 ᠠᠩᠭᠢ ᠵᠢᠨ 584 ᠪᠢᠴᠢᠬᠠᠨ ᠬᠥᠯ ᠪᠥᠮᠪᠦᠭᠡᠴᠢᠨ ᠣᠷᠣᠯᠴᠠᠵᠠᠢ᠃

ᠡᠨᠡ ᠤᠳᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠬᠡᠷᠡᠭᠵᠢᠭᠦᠯᠦᠨ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠳᠠᠭ᠋ᠠᠭ᠋ᠠᠴᠢᠯᠠᠨ ᠡᠷᠬᠢᠯᠡᠵᠦ᠂ ᠣᠷᠳᠣᠰ ᠬᠣᠲᠠ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠪ ᠬᠠᠮᠵᠢᠯᠴᠠᠨ ᠡᠷᠬᠢᠯᠡᠪᠡ᠃ 6 ᠡᠳᠦᠷ᠎ᠤᠨ 85 ᠲᠠᠯᠠᠪᠤᠷ ᠬᠤᠷᠴᠠ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠬᠥᠯ ᠪᠥᠮᠪᠥᠭᠡ ᠵᠢᠨ ᠪᠠᠭᠤᠴᠠ ᠵᠢᠨ ᠪᠢᠴᠢᠬᠠᠨ ᠪᠥᠮᠪᠦᠭᠡᠴᠢᠳ ᠡᠷᠡᠰ ᠬᠠᠲᠠᠭᠤ ᠵᠣᠷᠢᠭ ᠵᠶ᠋ᠡᠷ ᠮᠥᠷᠦᠢ᠌ᠴᠡᠭᠡᠨ ᠪᠠ ᠨᠥᠬᠥᠷᠯᠡᠯ᠎ᠤᠨ ᠳᠤᠮᠳᠠ ᠬᠥᠯ ᠪᠥᠮᠪᠥᠭᠡ ᠵᠢᠨ ᠷᠢᠳᠢ ᠰᠢᠳᠢ ᠵᠢ ᠭᠠᠢ᠌ᠬᠠᠭᠤᠯᠵᠤ᠂ ᠰᠥᠰᠥ ᠵᠣᠷᠢᠭ ᠪᠠ ᠤᠷ᠎ᠠ ᠮᠡᠷᠭᠡᠵᠢᠯ ᠵᠶ᠋ᠠᠷ ᠢᠯᠠᠯᠲᠠ ᠵᠢ ᠲᠡᠮᠡᠴᠡᠨ ᠣᠯᠵᠤ᠂ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠬᠡᠪ ᠪᠣᠯᠪᠠᠰᠤᠷᠠᠯ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠪᠡ᠃ ᠡᠴᠦᠰ᠎ᠲᠤ᠂ ᠣᠷᠳᠣᠰ ᠬᠣᠲᠠ ᠵᠢᠨ ᠳᠠᠯᠠᠳ ᠬᠣᠰᠢᠭᠤᠨ᠎ᠤ ᠲᠥᠯᠥᠭᠡᠯᠡᠭᠴᠢᠳ᠎ᠤᠨ ᠠᠩᠭᠢ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠲᠥᠯᠥᠭᠡᠯᠡᠭᠴᠢᠳ᠎ᠤᠨ ᠠᠩᠭᠢ᠂ ᠪᠠᠶᠠᠨᠨᠠᠭᠤᠷ ᠬᠣᠲᠠ ᠵᠢᠨ ᠬᠠᠩᠭᠢᠨ ᠬᠣᠶ᠋ᠢᠲᠤ ᠬᠣᠰᠢᠭᠤᠨ᠎ᠤ ᠲᠥᠯᠥᠭᠡᠯᠡᠭᠴᠢᠳ᠎ᠤᠨ ᠠᠩᠭᠢ ᠲᠤᠰ ᠲᠤᠰ ᠡᠮᠡᠭᠲᠡᠢ ᠵᠢᠨ ᠳᠤᠭᠤᠶ᠋ᠢᠯᠠᠩ᠎ᠤᠨ ᠨᠢᠭᠡᠳᠦᠭᠡᠷ᠂ ᠬᠣᠶᠠᠳᠤᠭ᠋ᠠᠷ᠂ ᠭᠤᠳᠠᠭ᠋ᠠᠷ᠎ᠲᠤ ᠲᠣᠳᠤᠷᠠᠪᠠ; ᠣᠷᠳᠣᠰ ᠬᠣᠲᠠ ᠵᠢᠨ ᠳᠠᠯᠠᠳ ᠬᠣᠰᠢᠭᠤᠨ᠎ᠤ ᠲᠥᠯᠥᠭᠡᠯᠡᠭᠴᠢᠳ᠎ᠤᠨ ᠠᠩᠭᠢ᠂ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠲᠥᠯᠥᠭᠡᠯᠡᠭᠴᠢᠳ᠎ᠤᠨ ᠠᠩᠭᠢ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠲᠥᠯᠥᠭᠡᠯᠡᠭᠴᠢᠳ᠎ᠤᠨ ᠠᠩᠭᠢ ᠲᠤᠰ ᠲᠤᠰ ᠡᠷᠡᠭᠲᠡᠢ ᠵᠢᠨ ᠳᠤᠭᠤᠶ᠋ᠢᠯᠠᠩ᠎ᠤᠨ ᠨᠢᠭᠡᠳᠦᠭᠡᠷ᠂ ᠬᠣᠶᠠᠳᠤᠭ᠋ᠠᠷ᠂ ᠭᠤᠲᠠᠭ᠋ᠠᠷ᠎ᠲᠤ ᠲᠣᠳᠤᠷᠠᠪᠠ᠃


ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠷᠤᠯᠳᠤᠭ᠋ᠠᠨ᠎ᠤ ᠰᠣᠶᠣᠯ᠎ᠢ ᠪᠣᠢ᠌ᠵᠢᠭᠤᠯᠵᠤ᠂ ᠣᠷᠣᠨ ᠪᠦᠰᠡ ᠵᠢᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠬᠣᠯᠪᠤᠯᠳᠤᠨ ᠬᠥᠳᠡᠯᠦᠯᠴᠡᠬᠦ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠳᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢᠨ ᠲᠥᠯᠦᠭᠡ᠂ ᠮᠠᠨ᠎ᠤ ᠣᠷᠣᠨ ᠤᠯᠤᠰ᠎ᠤᠨ ᠳᠡᠰ᠎ᠤᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ᠎ᠪᠠᠷ ᠬᠥᠲᠦᠯᠦᠮᠵᠢ ᠪᠣᠯᠭ᠋ᠠᠨ᠂ 12 ᠠᠶ᠋ᠢᠮᠠᠭ ᠬᠣᠲᠠ ᠵᠢ ᠬᠠᠮᠤᠷᠤᠭᠰᠠᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠵᠢ ᠰᠦᠪᠡᠭᠴᠢᠯᠡᠨ ᠪᠠᠢ᠌ᠭᠤᠯᠵᠤ᠂ ᠡᠨᠡ ᠵᠢᠯ ᠠᠩᠬ᠎ᠠ ᠤᠳᠠᠭ᠎ᠠ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠪᠠᠭᠤᠴᠠ ᠵᠢᠨ ᠰᠢᠯᠢᠳᠡᠭᠴᠦᠦᠯ᠎ᠤᠨ ᠤᠷᠤᠯᠳᠤᠭ᠋ᠠᠨ᠎ᠢ ᠡᠷᠬᠢᠯᠡᠭᠰᠡᠨ ᠪᠠᠶ᠋ᠢᠨ᠎ᠠ᠃ ᠣᠶ᠋ᠢᠷ᠎ᠠ ᠵᠢᠨ ᠵᠢᠯ᠂ ᠮᠠᠨ᠎ᠤ ᠣᠷᠣᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠰᠢᠷᠢᠰ ᠤᠷᠤᠯᠳᠤᠭ᠋ᠠᠨ ᠪᠠ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠤᠷᠤᠯᠳᠤᠭ᠋ᠠᠨ᠎ᠤ ᠬᠢᠷᠢ ᠲᠦᠪᠰᠢᠨ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂ 2023-2024 ᠣᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠣᠯᠠᠨ ᠳᠤᠭᠤᠢ᠌ᠯᠠᠩ ᠤᠷᠤᠯᠳᠤᠭ᠋ᠠᠨ᠎ᠳᠤ ᠲᠣᠪᠣᠶ᠋ᠢᠮ᠎ᠠ ᠠᠮᠵᠢᠯᠲᠠ ᠣᠯᠵᠤ᠂ ᠲᠡᠦᠬᠡ ᠵᠢᠨ ᠬᠠᠮᠤᠭ᠎ᠤᠨ ᠰᠠᠶ᠋ᠢᠨ ᠬᠢᠷᠢ ᠪᠦᠲᠦᠮᠵᠢ ᠵᠢ ᠡᠭᠦᠳᠪᠡ᠃ ᠬᠣᠶ᠋ᠢᠰᠢᠳᠠ᠂ ᠮᠠᠨ᠎ᠤ ᠣᠷᠣᠨ 《ᠵᠢᠭ᠋ᠠᠵᠤ ᠰᠤᠷᠭ᠋ᠠᠬᠤ᠂ ᠰᠢᠷᠭ᠋ᠠᠭᠤ ᠪᠣᠯᠪᠠᠰᠤᠷᠠᠬᠤ᠂ ᠪᠠᠶ᠋ᠢᠩᠭᠤ ᠤᠷᠤᠯᠳᠤᠬᠤ》 ᠲᠣᠭᠲᠠᠴᠠ ᠵᠢ ᠦᠷᠭᠦᠯᠵᠢᠯᠡᠨ ᠴᠢᠩᠭ᠋ᠠᠳᠬᠠᠵᠤ᠂ ᠬᠦᠯ ᠪᠥᠮᠪᠦᠭᠡ ᠵᠢᠨ ᠬᠥᠮᠦᠨ ᠬᠥᠮᠦᠵᠢᠭᠦᠯᠬᠦ ᠴᠢᠳᠠᠮᠵᠢ ᠵᠢ ᠢᠳᠡᠪᠬᠢᠲᠡᠢ ᠪᠠᠳᠠᠷᠠᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢ ᠥᠷᠭᠡᠨ ᠵᠶ᠋ᠠᠷ ᠲᠦᠭᠡᠮᠡᠯᠵᠢᠭᠦᠯᠬᠦ ᠪᠠ ᠡᠷᠡᠭᠦᠯ ᠵᠶ᠋ᠠᠷ ᠬᠥᠭᠵᠢᠭᠦᠯᠬᠦ ᠵᠢ ᠤᠯᠠᠮ ᠨᠢᠭᠡ ᠠᠯᠬᠤᠮ ᠠᠬᠢᠭᠤᠯᠤᠨ᠎ᠠ᠃