ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠭᠡᠷ ᠳᠣᠲᠤᠷᠠᠬᠢ ᠲᠠᠪᠤᠨ ᠬᠥᠮᠦᠨ᠎ᠤ ᠳᠦᠷᠢᠮᠲᠦ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ) ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠥᠨᠳᠥᠷᠯᠡᠪᠡ᠃

ᠤᠷᠤᠯᠳᠤᠭ᠋ᠠᠨ ᠭᠣᠶ᠋ᠢᠳᠠ ᠰᠠᠶ᠋ᠢᠬᠠᠨ ᠮᠥᠷᠲᠡᠭᠡᠨ ᠬᠤᠷᠴᠠ ᠰᠢᠷᠦᠭᠦᠨ ᠶᠠᠪᠤᠭᠳᠠᠵᠤ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ 22 ᠠᠩᠭᠢ ᠵᠢᠨ 300 ᠰᠢᠬᠠᠮ ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠪᠥᠮᠪᠥᠭᠡᠨ ᠲᠠᠯᠠᠪᠤᠷ᠎ᠲᠤ᠂ ᠪᠥᠮᠪᠦᠭᠡᠴᠢᠳ ᠤᠷ᠎ᠠ ᠮᠡᠷᠭᠡᠵᠢᠯ ᠵᠶ᠋ᠡᠨ ᠭᠠᠢ᠌ᠬᠠᠭᠤᠯᠵᠤ᠂ ᠰᠡᠳᠬᠢᠯ ᠨᠢᠭᠡᠳᠦᠨ ᠭᠠᠷ ᠲᠠᠭ᠋ᠠᠷᠠᠯᠴᠠᠨ ᠮᠥᠷᠦᠢ᠌ᠴᠡᠯᠳᠦᠪᠡ᠃ ᠳᠠᠭ᠋ᠠᠷᠢᠯᠲᠠ ᠬᠢᠬᠦ ᠦᠶ᠎ᠡ᠎ᠳᠤ᠂ ᠲᠦᠷᠭᠡᠨ ᠳᠠᠮᠵᠢᠭᠤᠯᠵᠤ᠂ ᠡᠭᠦᠳᠡ ᠵᠦᠭ ᠰᠢᠭᠤᠷᠬᠠᠢ ᠣᠨᠢᠯᠠᠵᠤ᠂ ᠰᠢᠷᠦᠭᠦᠨ ᠳᠠᠭ᠋ᠠᠷᠢᠵᠤ ᠪᠠᠢ᠌ᠯ᠎ᠠ; ᠰᠡᠷᠭᠡᠶ᠋ᠢᠯᠡᠨ ᠬᠠᠮᠠᠭ᠋ᠠᠯᠠᠬᠤ ᠦᠶ᠎ᠡ᠎ᠳᠤ᠂ ᠢᠳᠡᠪᠬᠢᠲᠡᠢ ᠮᠥᠷᠦᠢ᠌ᠴᠡᠯᠳᠦᠵᠦ᠂ ᠬᠠᠮᠵᠢᠯᠴᠠᠨ ᠨᠥᠬᠥᠪᠥᠷᠢᠯᠡᠵᠦ᠂ ᠰᠡᠷᠭᠡᠶ᠋ᠢᠯᠡᠯᠲᠡ ᠵᠢᠨ ᠱᠤᠭᠤᠮ ᠵᠶ᠋ᠠᠨ ᠪᠡᠬᠢᠵᠢᠭᠦᠯᠵᠦ ᠪᠠᠢ᠌ᠯ᠎ᠠ᠃ ᠤᠳᠠᠭ᠎ᠠ ᠪᠦᠷᠢ ᠵᠢᠨ ᠭᠣᠶ᠋ᠢᠳᠠ ᠰᠠᠶ᠋ᠢᠬᠠᠨ ᠬᠠᠮᠠᠭ᠋ᠠᠯᠠᠬᠤ᠂ ᠤᠳᠠᠭ᠎ᠠ ᠪᠦᠷᠢ ᠵᠢᠨ ᠡᠭᠦᠳᠡ ᠵᠦᠭ ᠰᠢᠭᠤᠷᠬᠠᠢ ᠣᠨᠢᠯᠠᠬᠤ᠎ᠨᠢ ᠯᠠᠪᠳᠠᠭᠤᠨ ᠪᠠᠲᠤᠲᠠᠢ ᠪᠥᠮᠪᠥᠭᠡ ᠵᠢᠨ ᠮᠡᠷᠭᠡᠵᠢᠯ ᠪᠣᠯᠤᠨ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢ ᠭᠦᠢ᠍ᠴᠡᠳ ᠬᠠᠷᠠᠭᠤᠯᠵᠤ᠂ ᠲᠠᠮᠢᠷᠴᠢᠳ᠎ᠤᠨ ᠡᠳᠦᠷ ᠲᠤᠲᠤᠮ᠎ᠤᠨ ᠬᠠᠲᠠᠭᠤᠵᠢᠯᠲᠠᠢ ᠪᠣᠯᠪᠠᠰᠤᠷᠠᠯ᠎ᠤᠨ ᠦᠷ᠎ᠡ ᠪᠦᠲᠦᠭᠡᠯ᠎ᠢ ᠭᠦᠢ᠍ᠴᠡᠳ ᠢᠯᠡᠷᠡᠭᠦᠯᠪᠡ᠃



ᠡᠴᠦᠰ᠎ᠲᠤ᠂ ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠦᠴᠢᠷ ᠪᠡᠷᠬᠡᠰᠢᠶᠡᠯ᠎ᠢ ᠲᠤᠭᠤᠯᠤᠨ ᠳᠠᠪᠠᠵᠤ᠂ ᠰᠡᠳᠬᠢᠯ ᠨᠢᠭᠡᠳᠦᠨ ᠭᠠᠷ ᠲᠠᠭ᠋ᠠᠷᠠᠭᠰᠠᠨ ᠬᠠᠮᠵᠢᠯᠴᠠᠭ᠎ᠠ᠂ ᠨᠠᠷᠢᠨ ᠨᠢᠭᠲᠠ ᠪᠥᠮᠪᠥᠭᠡᠨ ᠮᠡᠷᠭᠡᠵᠢᠯ᠂ ᠠᠮᠢᠳᠤᠯᠢᠭ ᠪᠠᠶ᠋ᠢᠯᠳᠤᠬᠤ ᠠᠷᠭ᠎ᠠ ᠪᠣᠯᠤᠨ ᠡᠷᠡᠰ ᠬᠠᠲᠠᠭᠤ ᠵᠣᠷᠢᠭ ᠵᠶ᠋ᠠᠷ ᠮᠠᠩᠯᠠᠢ᠎ᠳᠤ ᠲᠣᠳᠤᠷᠠᠪᠠ; ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠡᠳ᠋ᠯᠡᠪᠡ; ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠭᠤᠲᠠᠭ᠋ᠠᠷ᠎ᠲᠤ ᠣᠷᠣᠪᠠ᠃



ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠰᠡᠨ᠎ᠨᠢ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠬᠤᠷᠢᠶᠠᠩᠭᠤᠶ᠋ᠢᠯᠠᠯ ᠮᠥᠨ᠂ ᠡᠨᠡ᠎ᠨᠢ ᠮᠠᠨ᠎ᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠦᠢ᠍ᠯᠡᠰ᠎ᠤᠨ ᠬᠥᠭᠵᠢᠯᠲᠡ ᠵᠢ ᠴᠢᠬᠤᠯᠠᠴᠢᠯᠠᠵᠤ ᠪᠠᠶ᠋ᠢᠬᠤ ᠵᠢ ᠢᠯᠡᠷᠡᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠥᠷᠭᠡᠨ ᠳᠡᠯᠭᠡᠷ ᠲᠦᠭᠡᠮᠡᠯᠵᠢᠯᠲᠡ ᠪᠠ ᠡᠷᠡᠭᠦᠯ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠪᠠ᠃
ᠢᠩᠭᠢᠭᠡᠳ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠠᠩ ᠵᠦᠢ᠍ᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠦᠷᠯᠡᠪᠡ᠃ 2025 ᠣᠨ᠎ᠳᠤ᠂ ᠥᠪᠡᠷᠲᠡᠭᠡᠨ ᠵᠠᠰᠠᠬᠤ ᠣᠷᠣᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠪᠠ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠰᠤᠷᠤᠭᠴᠢᠳ᠎ᠤᠨ ᠪᠡᠶ᠎ᠡ ᠮᠠᠬᠠᠪᠣᠳ᠎ᠢ ᠪᠣᠯᠪᠠᠰᠤᠷᠠᠭᠤᠯᠬᠤ ᠲᠥᠯᠥᠪᠯᠡᠭᠡ᠎ᠠᠴᠠ ᠭᠠᠷᠳᠠᠵᠤ᠂ ᠪᠦᠲᠦᠮᠵᠢᠲᠡᠢ ᠲᠤᠷᠰᠢᠯᠭ᠎ᠠ ᠵᠢ ᠬᠠᠶ᠋ᠢᠨ ᠰᠦᠪᠡᠭᠴᠢᠯᠡᠵᠦ᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠰᠡᠳᠬᠢᠴᠡ ᠵᠢᠨ ᠡᠷᠡᠭᠦᠯ ᠮᠡᠨᠳᠦ ᠵᠢᠨ ᠬᠡᠪ ᠴᠢᠨᠠᠷ᠎ᠢ ᠳᠡᠭᠡᠭᠰᠢᠯᠡᠭᠦᠯᠬᠦ᠎ᠳᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠮᠠᠨ᠎ᠤ ᠣᠷᠣᠨ᠎ᠤ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠴᠢᠨᠠᠷᠯᠢᠭ ᠬᠥᠭᠵᠢᠯᠲᠡ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠵᠢ ᠲᠦᠷᠭᠡᠳᠬᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠥᠪᠥᠷ ᠮᠣᠩᠭᠣᠯ᠎ᠤᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠰᠢᠨ᠎ᠡ ᠬᠤᠪᠢ ᠨᠡᠮᠡᠷᠢ ᠵᠢ ᠦᠵᠡᠭᠦᠯᠦᠨ᠎ᠡ᠃
ᠡᠨᠡ ᠤᠳᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠬᠡᠷᠡᠭᠵᠢᠭᠦᠯᠵᠦ᠂ ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠪᠡ᠃