ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠶᠤᠲᠠᠳ᠎ᠤᠨ ᠲᠠᠪᠤᠨ ᠬᠥᠮᠦᠨ᠎ᠤ ᠳᠦᠷᠢᠮᠲᠦ ᠭᠡᠷ ᠳᠣᠲᠣᠷᠠᠬᠢ ᠬᠣᠯᠪᠣᠭ᠋ᠠᠲᠤ ᠤᠷᠤᠯᠳᠤᠭ᠋ᠠᠨ (ᠵᠢᠩᠬᠢᠨᠢ ᠠᠩᠭᠢ ᠵᠢᠨ ᠳᠤᠭᠤᠶ᠋ᠢᠯᠠᠩ) ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠥᠨᠳᠥᠷᠯᠡᠪᠡ
ᠨᠡᠶ᠋ᠢᠲᠡᠯᠡᠭᠰᠡᠨ ᠴᠠᠭ᠄ 2024-12-05

     ᠣᠶ᠋ᠢᠷ᠎ᠠ ᠵᠢᠨ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ  ᠣᠶᠤᠲᠠᠳ᠎ᠤᠨ ᠲᠠᠪᠤᠨ ᠬᠥᠮᠦᠨ᠎ᠤ ᠳᠦᠷᠢᠮᠲᠦ ᠭᠡᠷ ᠳᠣᠲᠣᠷᠠᠬᠢ ᠬᠣᠯᠪᠣᠭ᠋ᠠᠲᠤ ᠤᠷᠤᠯᠳᠤᠭ᠋ᠠᠨ (ᠵᠢᠩᠬᠢᠨᠢ ᠠᠩᠭᠢ ᠵᠢᠨ ᠳᠤᠭᠤᠶ᠋ᠢᠯᠠᠩ) ᠵᠢᠴᠢ ᠬᠥᠭᠵᠢᠶᠡᠨᠲᠦ ᠪᠡᠶ᠎ᠡ ᠵᠢᠨ ᠲᠠᠮᠢᠷ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠳᠤ ᠥᠨᠳᠥᠷᠯᠡᠪᠡ᠃

1.webp.png

2.webp.png

2.webp.png

4.webp.png

5.webp.png


      ᠡᠨᠡ ᠤᠳᠠᠭ᠋ᠠᠨ᠎ᠤ ᠤᠷᠤᠯᠳᠤᠭ᠋ᠠᠨ᠎ᠳᠤ ᠲᠠᠪᠤᠨ ᠬᠥᠮᠦᠨ᠎ᠤ ᠳᠦᠷᠢᠮᠲᠦ ᠬᠥᠯ ᠪᠥᠮᠪᠥᠭᠡ ᠪᠠ ᠬᠥᠭᠵᠢᠶᠡᠨᠲᠦ ᠪᠡᠶ᠎ᠡ ᠵᠢᠨ ᠲᠠᠮᠢᠷ ᠭᠡᠬᠦ ᠬᠣᠶᠠᠷ ᠤᠷᠤᠯᠳᠤᠭ᠋ᠠᠨ᠎ᠤ ᠵᠦᠢ᠍ᠯ᠎ᠢ ᠲᠣᠬᠢᠷᠠᠭᠤᠯᠵᠤ᠂ ᠬᠥᠭᠵᠢᠶᠡᠨᠲᠦ ᠪᠡᠶ᠎ᠡ ᠵᠢᠨ ᠲᠠᠮᠢᠷ᠎ᠤᠨ ᠦᠵᠡᠭᠦᠯᠭᠡ ᠵᠢᠨ ᠭᠣᠭᠴᠣᠭ᠎ᠠ ᠵᠢ ᠲᠠᠪᠤᠨ ᠬᠥᠮᠦᠨ ᠎ᠤ ᠳᠦᠷᠢᠮᠲᠦ ᠬᠥᠯ ᠪᠥᠮᠪᠥᠭᠡ ᠵᠢᠨ ᠤᠷᠤᠯᠳᠤᠭ᠋ᠠᠨ ᠵᠠᠪᠰᠠᠷᠯᠠᠬᠤ ᠴᠠᠭ᠎ᠲᠤ ᠲᠣᠬᠢᠷᠠᠭᠤᠯᠤᠨ᠂ ᠬᠣᠶᠠᠷ ᠵᠦᠢ᠍ᠯ᠎ᠤᠨ ᠤᠷᠤᠯᠳᠤᠭ᠋ᠠᠨ᠎ᠢ ᠲᠡᠭᠦᠰ ᠰᠠᠶ᠋ᠢᠬᠠᠨ ᠤᠶᠠᠯᠳᠤᠭᠤᠯᠵᠤ᠂ ᠤᠷᠤᠯᠳᠤᠭ᠋ᠠᠨ ᠎ᠢ ᠣᠨᠴᠠᠯᠢᠭᠵᠢᠭᠤᠯᠵᠤ ᠠᠮᠢᠳᠤᠯᠢᠭᠵᠢᠭᠤᠯᠤᠭᠰᠠᠨ ᠪᠠᠶ᠋ᠢᠨ᠎ᠠ᠃ 


6.webp.png

7.webp.png

8.webp.png

9.webp.png


     ᠲᠠᠪᠤᠨ ᠬᠥᠮᠦᠨ᠎ᠤ ᠳᠦᠷᠢᠮᠲᠦ ᠭᠡᠷ ᠳᠣᠲᠣᠷᠠᠬᠢ ᠬᠥᠯ ᠪᠥᠮᠪᠥᠭᠡ ᠵᠢᠨ ᠤᠷᠤᠯᠳᠤᠭ᠋ᠠᠨ᠎ᠳᠤ ᠪᠦᠬᠦ ᠣᠷᠣᠨ᠎ᠤ 9 ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ 13 ᠲᠥᠯᠥᠭᠡᠯᠡᠭᠴᠢᠳ᠎ᠤᠨ ᠠᠩᠭᠢ ᠵᠢᠨ 192 ᠲᠠᠮᠢᠷᠴᠢᠨ ᠣᠷᠣᠯᠴᠠᠵᠠᠢ᠃ ᠬᠤᠷᠴᠠ ᠰᠢᠷᠦᠭᠦᠨ ᠮᠥᠷᠥᠢ᠌ᠴᠡᠭᠡᠨ ᠵᠶ᠋ᠠᠷ ᠳᠠᠮᠵᠢᠭ᠋ᠠᠳ᠂ ᠡᠴᠦᠰ᠎ᠲᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠷᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠵᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠷᠡᠭᠲᠡᠢ ᠵᠢᠨ ᠳᠤᠭᠤᠶ᠋ᠢᠯᠠᠩ᠎ᠳᠤ ᠳᠡᠳ᠋ᠯᠡᠨ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠷᠡᠭᠲᠡᠢ ᠵᠢᠨ ᠳᠤᠭᠤᠶ᠋ᠢᠯᠠᠩ᠎ᠤᠨ ᠭᠤᠲᠠᠭ᠋ᠠᠷ᠎ᠲᠤ ᠲᠣᠳᠤᠷᠠᠪᠠ; ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠮᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠵᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠮᠡᠭᠲᠡᠢ ᠵᠢᠨ ᠳᠤᠭᠤᠶ᠋ᠢᠯᠠᠩ᠎ᠳᠤ ᠳᠡᠳ᠋ᠯᠡᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠩᠬᠢᠨᠢ ᠠᠩᠭᠢ ᠵᠢᠨ ᠡᠮᠡᠭᠲᠡᠢ ᠵᠢᠨ ᠳᠤᠭᠤᠶ᠋ᠢᠯᠠᠩ᠎ᠤᠨ ᠭᠤᠲᠠᠭ᠋ᠠᠷ᠎ᠲᠤ  ᠲᠣᠳᠤᠷᠠᠪᠠ᠃


10.webp.png

11.webp.png

12.webp.png


     ᠬᠥᠭᠵᠢᠶᠡᠨᠲᠦ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠵᠢᠩᠬᠢᠨᠢ ᠠᠩᠭᠢ ᠵᠢᠨ ᠳᠤᠭᠤᠢ᠌ᠯᠠᠩ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ ᠭᠡᠵᠦ ᠬᠤᠪᠢᠶᠠᠨ᠂ 12 ᠲᠥᠯᠥᠭᠡᠯᠡᠭᠴᠢᠳ᠎ᠤᠨ ᠠᠩᠭᠢ ᠵᠢᠨ 158 ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠲᠠᠮᠢᠷᠴᠢᠳ ᠤᠷᠤᠯᠳᠤᠭ᠋ᠠᠨ᠎ᠤ ᠶᠠᠪᠤᠴᠠ᠎ᠳᠤ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠪᠣᠯᠤᠨ ᠭᠣᠶ᠋ᠢᠳᠠ ᠰᠠᠶ᠋ᠢᠬᠠᠨ ᠪᠥᠵᠢᠭ ᠵᠶ᠋ᠠᠷ ᠢᠲᠡᠭᠡᠯ ᠵᠣᠷᠢᠭ᠂ ᠵᠠᠯᠠᠭᠤ ᠨᠠᠰᠤ ᠪᠣᠯᠤᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠠᠷᠠᠭᠤᠯᠵᠤ᠂ ᠭᠣᠶ᠋ᠢᠳᠠ ᠰᠠᠶ᠋ᠢᠬᠠᠨ ᠮᠥᠷᠲᠡᠭᠡᠨ ᠬᠠᠷᠠᠭ᠎ᠠ ᠵᠢ  ᠪᠠᠶᠠᠰᠬᠠᠬᠤ ᠤᠷᠤᠯᠳᠤᠭ᠋ᠠᠨ ᠪᠣᠯᠪᠠ᠃ 6 ᠡᠳᠦᠷ᠎ᠤᠨ ᠮᠥᠷᠦ᠋ᠢ᠍ᠴᠡᠭᠡᠨ ᠵᠶ᠋ᠠᠷ ᠳᠡᠮᠵᠢᠨ᠂ ᠡᠴᠦᠰ᠎ᠲᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ᠂ ᠬᠥᠬᠡᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠣᠶᠠᠳᠤᠭ᠋ᠠᠷ ᠳᠡᠰ᠎ᠤᠨ ᠱᠠᠩᠨᠠᠯ ᠬᠦᠷᠲᠡᠵᠦ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠬᠣᠩ ᠳ᠋ᠧ ᠨᠡᠢ᠌ᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠂ ᠪᠤᠭᠤᠲᠤ ᠵᠢᠨ ᠪᠣᠯᠣᠳ ᠲᠡᠮᠦᠷ᠎ᠤᠨ ᠠᠵᠢᠯ ᠮᠡᠷᠭᠡᠵᠢᠯ ᠎ᠤᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠭᠤᠳᠠᠭ᠋ᠠᠷ ᠳᠡᠰ᠎ᠤᠨ ᠱᠠᠩᠨᠠᠯ ᠬᠦᠷᠲᠡᠪᠡ᠃

   

13.webp.png


      ᠡᠯ᠎ᠡ ᠵᠦᠢ᠍ᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠡᠷᠬᠢᠯᠡᠵᠦ ᠪᠠᠢ᠌ᠭ᠎ᠠ ᠵᠣᠷᠢᠯᠲᠠ ᠪᠣᠯ 《ᠵᠢᠭ᠋ᠠᠵᠤ ᠰᠤᠷᠭ᠋ᠠᠬᠤ᠂ ᠰᠢᠷᠭ᠋ᠠᠭᠤ  ᠪᠣᠯᠪᠠᠰᠤᠷᠠᠬᠤ᠂ ᠪᠠᠶ᠋ᠢᠩᠭᠤ ᠤᠷᠤᠯᠳᠤᠬᠤ》᠎ᠳᠤ ᠴᠢᠭᠯᠡᠭᠦᠯᠦᠨ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠠᠵᠢᠯᠯᠠᠭ᠎ᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ ᠪᠠ ᠬᠥᠮᠦᠨ ᠬᠥᠮᠦᠵᠢᠭᠦᠯᠬᠦ ᠦᠨ᠎ᠡ ᠥᠷᠲᠡᠭ ᠎ᠢ ᠭᠦᠢ᠍ᠴᠡᠳ ᠪᠠᠳᠠᠷᠠᠭᠤᠯᠵᠤ᠂ ᠰᠤᠷᠤᠭᠴᠢᠳ᠎ᠢ ᠬᠠᠪᠰᠤᠷᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠠᠴᠠ ᠪᠠᠶᠠᠷ ᠪᠠᠬᠠᠳᠤᠯ ᠡᠳ᠋ᠯᠡᠭᠦᠯᠵᠦ᠂ ᠪᠡᠶ᠎ᠡ ᠮᠠᠬᠠᠪᠣᠳ᠎ᠢ᠎ᠨᠢ ᠪᠣᠯᠪᠠᠰᠤᠷᠠᠭᠤᠯᠤᠨ᠂ ᠵᠠᠩ ᠴᠢᠨᠠᠷ᠎ᠢ᠎ᠨᠢ ᠪᠦᠷᠢᠳᠦᠭᠦᠯᠵᠦ᠂ ᠵᠣᠷᠢᠭ ᠰᠠᠨᠠᠭ᠎ᠠ ᠵᠢ᠎ᠨᠢ ᠳᠠᠪᠲᠠᠨ ᠪᠣᠯᠪᠠᠰᠤᠷᠠᠭᠤᠯᠵᠤ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠥᠪᠡᠷᠮᠢᠴᠡ ᠣᠨᠴᠠᠯᠢᠭᠲᠤ ᠳᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠣᠢ ᠪᠣᠯᠭ᠋ᠠᠵᠤ᠂ ᠰᠤᠷᠤᠭᠴᠢᠳ᠎ᠤᠨ ᠪᠡᠶ᠎ᠡ ᠮᠠᠬᠠᠪᠣᠳ ᠎ᠢ ᠪᠣᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠬᠦ᠎ᠳᠤ ᠬᠦᠴᠦᠨ ᠨᠡᠮᠡᠷᠢᠯᠡᠬᠦ ᠵᠢᠨ ᠲᠥᠯᠥᠭᠡ ᠶᠤᠮ᠃
      ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠬᠡᠷᠡᠭᠵᠢᠭᠦᠯᠵᠦ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠪᠡ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号