ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ ᠲᠡᠭᠦᠰ ᠠᠮᠵᠢᠯᠲᠠ᠎ᠲᠠᠢ ᠥᠨᠳᠥᠷᠯᠡᠪᠡ
ᠨᠡᠶ᠋ᠢᠲᠡᠯᠡᠭᠰᠡᠨ ᠴᠠᠭ᠄ 2024-03-08

      ᠣᠶ᠋ᠢᠷ᠎ᠠ᠎ᠳᠤ᠂ 2023-2024 ᠰᠤᠷᠤᠯᠭ᠎ᠠ ᠵᠢᠨ ᠣᠨ᠎ᠤ ᠥᠪᠥᠷ ᠮᠣᠩᠭᠣᠯ ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠩᠭᠢ — 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠭᠠᠵᠠᠷ᠎ᠤᠨ ᠰᠢᠯᠢᠳᠡᠭᠴᠤᠤᠯ᠎ᠤᠨ ᠤᠷᠤᠯᠳᠤᠭ᠋ᠠᠨ (24 ᠳ᠋ᠦ᠍ᠭᠡᠷ ᠬᠤᠭᠤᠴᠠᠭ᠎ᠠ)᠎ᠤ ᠪᠦᠬᠦ ᠣᠳᠣᠳ᠎ᠤᠨ ᠤᠷᠤᠯᠳᠤᠭ᠋ᠠᠨ ᠥᠪᠥᠷ ᠮᠣᠩᠭᠣᠯ᠎ᠤᠨ ᠡᠮᠦᠨᠡᠲᠦ ᠣᠷᠣᠨ᠎ᠳᠠᠬᠢ ᠬᠥᠯ ᠪᠥᠮᠪᠦᠭᠡᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠶᠠᠪᠤᠭᠳᠠᠵᠤ᠂ 2023 - 2024 ᠰᠤᠷᠤᠯᠭ᠎ᠠ ᠵᠢᠨ ᠣᠨ᠎ᠤ ᠥᠪᠥᠷ ᠮᠣᠩᠭᠣᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠵᠢᠯ ᠲᠡᠭᠦᠰ ᠠᠮᠵᠢᠯᠲᠠ᠎ᠲᠠᠢ ᠥᠨᠳᠥᠷᠯᠡᠪᠡ᠃


1.jpg


2.jpg


            《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ
            ᠠᠩᠭᠢ ᠵᠢᠨ ᠪᠦᠬᠦ ᠣᠳᠣᠳ᠎ᠤᠨ ᠤᠷᠤᠯᠳᠤᠭ᠋ᠠᠨ᠎ᠤ ᠠᠬᠤᠢ ᠲᠠᠯᠠᠪᠠᠢ


      ᠡᠨᠡ ᠤᠳᠠᠭ᠋ᠠᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠵᠢᠯ 1 ᠰᠠᠷ᠎ᠠ ᠵᠢᠨ 11᠎ᠤ ᠡᠳᠦᠷ᠎ᠠᠴᠠ ᠡᠬᠢᠯᠡᠨ 3 ᠰᠠᠷ᠎ᠠ ᠵᠢᠨ 1᠎ᠤ ᠡᠳᠦᠷ ᠥᠨᠳᠦᠷᠯᠡᠪᠡ᠂ ᠡᠨᠡ ᠬᠤᠭᠤᠴᠠᠭ᠋ᠠᠨ᠎ᠳᠤ ᠵᠠᠯᠭ᠋ᠠᠭ᠎ᠠ᠎ᠪᠠᠷ ᠭᠤᠷᠪᠠᠨ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠰ ᠲᠤᠰ ᠪᠠᠭ᠎ᠠ ᠰᠤᠷᠭ᠋ᠠᠭᠤᠯᠢ ᠵᠢᠨ ᠡᠷᠡᠭᠲᠡᠢ ᠵᠢᠨ ᠳᠤᠭᠤᠶ᠋ᠢᠯᠠᠩ᠎ᠤᠨ 《ᠠᠩᠭᠢ ᠵᠢᠨ ᠬᠣᠯᠪᠣᠭ᠋ᠠᠲᠤ ᠤᠷᠤᠯᠳᠤᠭ᠋ᠠᠨ》᠎ᠤ  ᠰᠢᠯᠢᠳᠡᠭᠴᠤᠤᠯ᠎ᠤᠨ ᠳᠤᠭᠤᠢ᠌ᠯᠠᠩ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠩᠭᠢ (22 ᠳ᠋ᠤᠭ᠋ᠠᠷ ᠬᠤᠭᠤᠴᠠᠭ᠎ᠠ)᠂ ᠪᠠᠭ᠎ᠠ ᠰᠤᠷᠭ᠋ᠠᠭᠤᠯᠢ ᠵᠢᠨ ᠡᠮᠡᠭᠲᠡᠢ ᠵᠢᠨ ᠳᠤᠭᠤᠶ᠋ᠢᠯᠠᠩ᠎ᠤᠨ 《ᠭᠠᠷᠠᠭ᠎ᠤᠨ ᠰᠡᠭᠦᠯᠴᠢ ᠵᠢᠨ ᠬᠣᠯᠪᠣᠭ᠋ᠠᠲᠤ ᠤᠷᠤᠯᠳᠤᠭ᠋ᠠᠨ》᠎ᠤ ᠮᠠᠩᠯᠠᠢ᠌ᠯᠠᠭᠴᠢ ᠵᠢᠨ ᠳᠤᠭᠤᠢ᠌ᠯᠠᠩ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠩᠭᠢ (23 ᠳ᠋ᠤᠭ᠋ᠠᠷ ᠬᠤᠭᠤᠴᠠᠭ᠎ᠠ)᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠢ ᠵᠢᠨ ᠳᠤᠭᠤᠶ᠋ᠢᠯᠠᠩ᠎ᠤᠨ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠭᠠᠵᠠᠷ᠎ᠤᠨ ᠰᠢᠯᠢᠳᠡᠭᠴᠤᠤᠯ᠎ᠤᠨ ᠤᠷᠤᠯᠳᠤᠭ᠋ᠠᠨ (24 ᠳ᠋ᠦ᠍ᠭᠡᠷ ᠬᠤᠭᠤᠴᠠᠭ᠎ᠠ) ᠬᠤᠪᠢᠶᠠᠨ᠂ ᠡᠯ᠎ᠡ ᠠᠶ᠋ᠢᠮᠠᠭ ᠬᠣᠲᠠ ᠵᠢᠨ ᠬᠥᠯ 44 ᠪᠥᠮᠪᠥᠭᠡᠨ᠎ᠤ ᠠᠩᠭᠢ ᠵᠢᠨ 900 ᠭᠠᠷᠤᠢ ᠪᠠᠭᠰᠢ ᠰᠤᠷᠤᠭᠴᠢ ᠡᠨᠡ ᠤᠳᠠᠭ᠋ᠠᠨ᠎ᠤ ᠡᠪᠦᠯ᠎ᠤᠨ ᠤᠯᠠᠷᠢᠯ᠎ᠤᠨ ᠪᠣᠯᠪᠠᠰᠤᠷᠠᠯ᠎ᠤᠨ ᠭᠠᠵᠠᠷ᠎ᠤᠨ ᠠᠵᠢᠯᠯᠠᠭ᠎ᠠ᠎ᠳᠤ ᠣᠷᠣᠯᠴᠠᠪᠠ᠃

   

3.png


4.png


            ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ 《ᠭᠠᠷᠠᠭ᠎ᠤᠨ ᠰᠡᠭᠦᠯᠴᠢ ᠵᠢᠨ ᠬᠣᠯᠪᠣᠭ᠋ᠠᠲᠤ

            ᠤᠷᠤᠯᠳᠤᠭ᠋ᠠᠨ》᠎ᠤ ᠮᠠᠩᠯᠠᠢ᠌ᠯᠠᠭᠴᠢ ᠵᠢᠨ ᠳᠤᠭᠤᠢ᠌ᠯᠠᠩ᠎ᠤᠨ ᠤᠷᠤᠯᠳᠤᠭ᠋ᠠᠨ (23 ᠳ᠋ᠤᠭ᠋ᠠᠷ

            ᠬᠤᠭᠤᠴᠠᠭ᠎ᠠ)


      ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ (ᠬᠠᠶ᠋ᠢᠨᠠᠨ)᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠪᠣᠯᠪᠠᠰᠤᠷᠠᠯ᠎ᠤᠨ ᠠᠵᠢᠯ 2016 ᠣᠨ᠎ᠠᠴᠠ ᠡᠬᠢᠯᠡᠨ ᠨᠢᠭᠡᠨᠲᠡ 24 ᠬᠤᠭᠤᠴᠠᠭ᠎ᠠ ᠶᠠᠪᠤᠭᠳᠠᠵᠤ᠂ 13000 ᠭᠠᠷᠤᠢ ᠬᠥᠮᠦᠨ ᠣᠷᠣᠯᠴᠠᠨ᠂ ᠤᠷᠤᠯᠳᠤᠭ᠋ᠠᠨ᠎ᠤ ᠪᠣᠯᠪᠠᠰᠤᠷᠠᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠭᠰᠡᠨ᠎ᠨᠢ ᠮᠠᠨ᠎ᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠥᠭᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠪᠠ ᠰᠤᠷᠭ᠋ᠠᠭᠤᠯᠢ ᠵᠢᠨ ᠬᠦᠷᠢᠶᠡᠨ᠎ᠤ ᠬᠦᠯ ᠪᠥᠮᠪᠥᠭᠡᠨ᠎ᠤ ᠰᠣᠶᠣᠯ᠎ᠤᠨ ᠪᠠᠶ᠋ᠢᠭᠤᠯᠤᠯᠲᠠ᠎ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭ᠋ᠠᠭᠰᠠᠨ ᠪᠠᠶ᠋ᠢᠨ᠎ᠠ᠃ ᠡᠨᠡ ᠤᠳᠠᠭ᠋ᠠᠨ᠎ᠤ ᠡᠪᠦᠯ᠎ᠤᠨ ᠤᠯᠠᠷᠢᠯ᠎ᠤᠨ ᠤᠷᠤᠯᠳᠤᠭ᠋ᠠᠨ ᠪᠣᠯ ᠬᠥᠯ ᠪᠥᠮᠪᠦᠭᠡᠨ᠎ᠤ ᠤᠷᠤᠯᠳᠤᠭ᠋ᠠᠨ ᠪᠣᠯᠤᠨ ᠬᠥᠯ ᠪᠥᠮᠪᠦᠭᠡᠨ᠎ᠤ ᠲᠤᠰᠬᠠᠢ ᠪᠣᠯᠪᠠᠰᠤᠷᠠᠯ ᠪᠣᠯᠬᠤ ᠪᠥᠭᠡᠳ ᠪᠠᠰᠠ ᠲᠤᠬᠠᠢ ᠵᠢᠨ ᠭᠠᠵᠠᠷ᠎ᠲᠤ᠎ᠨᠢ ᠰᠤᠳᠤᠯᠤᠨ ᠰᠤᠷᠤᠯᠴᠠᠬᠤ᠂ ᠭᠠᠷ ᠪᠢᠴᠢᠮᠡᠯ ᠰᠣᠨᠢᠨ ᠪᠢᠴᠢᠬᠦ᠂ ᠬᠥᠳᠡᠯᠮᠦᠷᠢ ᠵᠢᠨ ᠦᠢ᠍ᠯᠡᠳᠦᠯᠭᠡ᠂ ᠬᠥᠭᠵᠢᠶᠡᠨᠲᠦ ᠪᠡᠶ᠎ᠡ ᠵᠢᠨ ᠲᠠᠮᠢᠷ ᠵᠡᠷᠭᠡ ᠠᠵᠢᠯᠯᠠᠭ᠎ᠠ ᠵᠢ ᠥᠷᠨᠢᠭᠦᠯᠵᠦ᠂ ᠰᠤᠷᠤᠯᠴᠠᠬᠤ᠂ ᠪᠣᠯᠪᠠᠰᠤᠷᠠᠬᠤ᠂ ᠤᠷᠤᠯᠳᠤᠬᠤ᠂ ᠪᠣᠯᠪᠠᠰᠤᠷᠠᠭᠤᠯᠬᠤ᠂ ᠰᠤᠳᠤᠯᠬᠤ ᠵᠢ ᠨᠢᠭᠡ ᠴᠣᠭᠴᠠᠵᠢᠭᠤᠯᠵᠤ᠂ ᠣᠨᠴᠠᠯᠢᠭᠲᠤ ᠤᠷᠤᠯᠳᠤᠭ᠋ᠠᠨ᠎ᠤ ᠳᠣᠭᠲᠠᠯᠴᠠᠭ᠎ᠠ ᠵᠢ ᠪᠦᠷᠢᠯᠳᠦᠭᠦᠯᠵᠡᠢ᠃

   

5.jpg


6.jpg


           《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠰᠠᠭᠤᠷᠢᠨ ᠭᠠᠵᠠᠷ᠎ᠤᠨ
            ᠰᠢᠯᠢᠳᠡᠭᠴᠤᠤᠯ᠎ᠤᠨ ᠳᠤᠭᠤᠢ᠌ᠯᠠᠩ᠎ᠤᠨ ᠤᠷᠤᠯᠳᠤᠭ᠋ᠠᠨ (24 ᠳ᠋ᠦ᠍ᠭᠡᠷ ᠬᠤᠭᠤᠴᠠᠭ᠎ᠠ)


      ᠣᠶ᠋ᠢᠷ᠎ᠠ ᠵᠢᠨ ᠵᠢᠯ᠂ ᠮᠠᠨ᠎ᠤ ᠣᠷᠣᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠤᠯᠤᠰ᠎ᠤᠨ ᠳᠡᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠣᠨᠴᠠᠯᠢᠭᠲᠤ ᠰᠤᠷᠭ᠋ᠠᠭᠤᠯᠢ 1286 ᠵᠢ ᠪᠠᠶ᠋ᠢᠭᠤᠯᠵᠤ᠂ ᠤᠯᠤᠰ᠎ᠤᠨ ᠳᠡᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠣᠨᠴᠠᠯᠢᠭᠲᠤ ᠬᠡᠦᠬᠡᠳ᠎ᠤᠨ ᠴᠡᠴᠡᠷᠯᠢᠭ 446 ᠵᠢ ᠪᠠᠢ᠌ᠭᠤᠯᠤᠨ᠂ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠲᠤᠷᠰᠢᠯᠲᠠ ᠵᠢᠨ ᠴᠡᠭ᠎ᠤᠨ ᠰᠢᠶᠠᠨ (ᠲᠣᠭᠣᠷᠢᠭ) 9 ᠪᠣᠯᠵᠣ᠂ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ 《ᠣᠭᠲᠠᠷᠭᠤᠢ ᠳᠦᠭᠦᠷᠡᠩ ᠣᠳᠣᠨ ᠮᠡᠴᠢᠳ》 ᠪᠣᠯᠪᠠᠰᠤᠷᠠᠯ᠎ᠤᠨ ᠰᠠᠭᠤᠷᠢᠨ ᠭᠠᠵᠠᠷ 5 ᠪᠣᠯᠤᠨ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢ ᠲᠥᠭᠡᠮᠡᠯᠵᠢᠭᠦᠯᠦᠭᠰᠡᠨ ᠬᠡᠪᠴᠢᠶ᠎ᠡ ᠵᠢᠯ ᠳᠠᠷᠠᠭ᠋ᠠᠯᠠᠨ           ᠨᠡᠮᠡᠭᠳᠡᠪᠡ᠃ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ  ᠳᠣᠭᠲᠠᠯᠴᠠᠭ᠋ᠠᠨ᠎ᠤ ᠲᠠᠯ᠎ᠠ ᠎ᠪᠠᠷ ᠠᠯᠢ ᠣᠯᠠᠨ ᠲᠠᠯ᠎ᠠ ᠵᠢᠨ ᠬᠥᠭᠵᠢᠯᠲᠡ ᠵᠢ ᠪᠡᠶᠡᠯᠡᠭᠦᠯᠵᠦ᠂ ᠣᠭᠲᠠᠷᠭᠤᠢ ᠳᠦᠭᠦᠷᠡᠩ ᠣᠳᠣᠨ ᠮᠡᠴᠢᠳ ᠪᠣᠯᠪᠠᠰᠤᠷᠠᠯ᠎ᠤᠨ ᠰᠠᠭᠤᠷᠢᠨ᠂ ᠭᠠᠷᠠᠭ᠎ᠤᠨ ᠰᠡᠭᠦᠯᠴᠢ ᠵᠢᠨ ᠬᠣᠯᠪᠣᠭ᠋ᠠᠲᠤ ᠤᠷᠤᠯᠳᠤᠭ᠋ᠠᠨ ᠪᠠ ᠠᠩᠭᠢ ᠵᠢᠨ ᠳᠡᠰ᠎ᠤᠨ ᠬᠣᠯᠪᠣᠭ᠋ᠠᠲᠤ ᠤᠷᠤᠯᠳᠤᠭ᠋ᠠᠨ ᠵᠡᠷᠭᠡ ᠰᠢᠷᠢᠰ ᠤᠷᠤᠯᠳᠤᠭ᠋ᠠᠨ ᠎ᠤ ᠠᠵᠢᠯᠯᠠᠭ᠎ᠠ ᠵᠢ ᠪᠣᠢ ᠪᠣᠯᠭ᠋ᠠᠨ ᠪᠣᠶ᠋ᠢᠵᠢᠭᠤᠯᠵᠤ᠂ ᠪᠦᠬᠦ ᠰᠤᠷᠤᠯᠭ᠎ᠠ ᠵᠢᠨ ᠱᠠᠲᠤ ᠪᠠ ᠪᠦᠬᠦ ᠣᠷᠣᠨ ᠪᠦᠰᠡ ᠵᠢᠨ 《4 +1》 ᠵᠢᠨ ᠬᠣᠯᠪᠣᠭ᠋ᠠᠲᠤ ᠤᠷᠤᠯᠳᠤᠭ᠋ᠠᠨ᠎ᠤ  ᠳᠣᠭᠲᠠᠯᠴᠠᠭ᠎ᠠ (ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠶᠡᠬᠡ ᠰᠤᠷᠭ᠋ᠠᠭᠤᠯᠢ+ ᠬᠡᠦᠬᠡᠳ᠎ᠤᠨ ᠴᠡᠴᠡᠷᠯᠢᠭ) ᠵᠢ ᠨᠢᠭᠡᠨᠲᠡ ᠪᠠᠢ᠌ᠭᠤᠯᠵᠤ᠂ ᠭᠤᠯᠳᠤ᠎ᠪᠠᠷ ᠵᠣᠯᠭ᠋ᠠᠯᠳᠤᠭᠰᠠᠨ᠂ ᠬᠥᠨᠳᠡᠯᠡᠨ ᠵᠶ᠋ᠠᠷ ᠬᠠᠮᠤᠷᠤᠭᠰᠠᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠤᠷᠤᠯᠳᠤᠭ᠋ᠠᠨ᠎ᠤ ᠲᠠᠪᠴᠠᠩ᠎ᠢ ᠪᠣᠢ ᠪᠣᠯᠭ᠋ᠠᠪᠠ᠃ ᠪᠦᠬᠦ ᠣᠷᠣᠨ᠎ᠤ ᠤᠷᠤᠯᠳᠤᠭ᠋ᠠᠨ᠎ᠳᠤ ᠣᠷᠣᠯᠴᠠᠭᠰᠠᠨ ᠰᠤᠷᠤᠭᠴᠢ 50 ᠲᠦᠮᠡᠨ ᠬᠥᠮᠦᠨ ᠤᠳᠠᠭ᠎ᠠ ᠵᠢ ᠳᠠᠪᠠᠵᠤ᠂ ᠤᠷᠤᠯᠳᠤᠭ᠋ᠠᠨ 6 ᠲᠦᠮᠡᠨ ᠲᠠᠯᠠᠪᠤᠷ ᠤᠳᠠᠭ᠎ᠠ ᠵᠢ ᠳᠠᠪᠠᠵᠤ᠂ ᠤᠷᠤᠯᠳᠤᠭ᠋ᠠᠨ᠎ᠤ ᠳᠣᠭᠲᠠᠯᠴᠠᠭ᠎ᠠ ᠵᠢ ᠣᠯᠠᠨ ᠲᠠᠯᠠᠴᠢᠯᠠᠬᠤ᠂ ᠵᠢᠷᠤᠮᠵᠢᠭᠤᠯᠬᠤ ᠪᠠ ᠰᠢᠰᠲ᠋ᠧᠮᠵᠢᠭᠦᠯᠬᠦ ᠬᠠᠷᠠᠯᠲᠠ ᠵᠢ ᠪᠡᠶᠡᠯᠡᠭᠦᠯᠪᠡ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号