ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2024-04-25

      4 ᠰᠠᠷ᠎ᠠ ᠵᠢᠨ 23᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠤᠯᠠᠭ᠋ᠠᠨᠴᠠᠪ ᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ ᠎ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶᠠᠨ ᠎ᠤ ᠪᠠᠶ᠋ᠢᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠯᠧᠢ ᠺᠦᠨ ᠣᠷᠣᠯᠴᠠᠪᠠ᠃

   

1.webp.jpg


                ᠡᠬᠢᠯᠡᠯᠲᠡ ᠵᠢᠨ ᠶᠣᠰᠣᠯᠠᠯ


      ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠬᠦᠨᠳᠦ ᠬᠥᠩᠭᠡᠨ ᠪᠡᠶ᠎ᠡ ᠵᠢᠨ ᠲᠡᠮᠢᠷ᠂ ᠰᠠᠭᠰᠤᠨ ᠪᠥᠮᠪᠥᠭᠡ᠂ ᠬᠥᠯ ᠪᠥᠮᠪᠥᠭᠡ᠂ ᠠᠯᠠᠭ᠋ᠠᠳᠠᠬᠤ ᠪᠥᠮᠪᠥᠭᠡ᠂ ᠫᠢᠡᠭᠫᠠᠨᠭ᠌ ᠪᠥᠮᠪᠥᠭᠡ᠂ ᠲᠣᠣᠷ ᠪᠥᠮᠪᠥᠭᠡ᠂ ᠵᠡᠪᠰᠡᠭ᠎ᠤᠨ ᠡᠷᠳᠡᠮ᠂ ᠭᠤᠸᠠᠵᠢᠯ ᠬᠢᠮᠨᠠᠰᠲ᠋ᠢᠺ (ᠬᠥᠭᠵᠢᠶᠡᠨᠲᠦ ᠪᠡᠶ᠎ᠡ ᠵᠢᠨ ᠲᠠᠮᠢᠷ)᠂ ᠳᠡᠭᠡᠰᠦ ᠦᠰᠦᠷᠬᠦ᠂ ᠪᠥᠬᠡ ᠵᠡᠷᠭᠡ 10 ᠶᠡᠬᠡ ᠤᠷᠤᠯᠳᠤᠭ᠋ᠠᠨ᠎ᠤ ᠵᠦᠢ᠍ᠯ᠂ 170 ᠪᠠᠭ᠎ᠠ ᠤᠷᠤᠯᠳᠤᠭ᠋ᠠᠨ᠎ᠤ ᠵᠦᠢ᠍ᠯ ᠪᠣᠢ᠃ ᠠᠩᠬᠠᠳᠠᠭᠴᠢ ᠤᠳᠠᠭ᠎ᠠ ᠠᠩᠬ᠎ᠠ ᠵᠡᠷᠭᠡ ᠵᠢᠨ  ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠬᠤᠪᠢᠶᠠᠭᠰᠠᠨ᠎ᠤ ᠬᠠᠮᠲᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠤᠷ᠎ᠠ ᠴᠢᠳᠠᠪᠤᠷᠢ ᠵᠢᠨ ᠦᠵᠡᠭᠦᠯᠭᠡ ᠵᠢᠨ ᠠᠵᠢᠯᠯᠠᠭ᠎ᠠ ᠪᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ  ᠰᠢᠯᠭ᠋ᠠᠷᠠᠭᠤᠯᠵᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠭᠤᠯᠪᠠ᠃ ᠪᠦᠬᠦ ᠣᠷᠣᠨ᠎ᠤ 12 ᠠᠶ᠋ᠢᠮᠠᠭ ᠬᠣᠲᠠ ᠵᠢᠨ ᠲᠦᠮᠡ ᠰᠢᠬᠠᠮ ᠪᠠᠭᠰᠢ ᠰᠤᠷᠤᠭᠴᠢ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠯ᠎ᠡ ᠵᠦᠢ᠍ᠯ᠎ᠤᠨ ᠤᠷᠤᠯᠳᠤᠭ᠋ᠠᠨ ᠪᠠ ᠠᠵᠢᠯᠯᠠᠭ᠎ᠠ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶ᠎ᠡ᠎ᠪᠠᠷ ᠬᠠᠮᠤᠭ᠎ᠤᠨ ᠶᠡᠬᠡ ᠨᠢᠭᠡ ᠤᠳᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯᠤᠨ᠎ᠠ᠃


2.png

   


3.webp.jpg

4.webp.jpg

5.webp.jpg


       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠦᠭᠡᠨ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠤᠷᠤᠯᠳᠤᠭ᠋ᠠᠨ ᠵᠢᠴᠢ 2024 ᠣᠨ᠎ᠤ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠥᠷᠪᠡᠳᠦᠭᠡᠷ ᠳᠡᠰ᠎ᠤᠨ ᠬᠣᠯᠪᠣᠭ᠋ᠠᠲᠤ ᠤᠷᠤᠯᠳᠤᠭ᠋ᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ

   

6.webp.jpg

7.webp.jpg

8.webp.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠠᠭᠰᠤᠨ ᠪᠥᠮᠪᠦᠭᠡᠨ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠤᠷᠤᠯᠳᠤᠭ᠋ᠠᠨ

   

9.webp.jpg

10.webp.jpg

11.webp.jpg


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠯᠠᠭ᠋ᠠᠳᠠᠬᠤ ᠪᠥᠮᠪᠦᠭᠡᠨ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠤᠷᠤᠯᠳᠤᠭ᠋ᠠᠨ


      ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠰᠢᠨ᠎ᠡ ᠴᠠᠭ ᠦᠶ᠎ᠡ  ᠵᠢᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ᠂ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠪᠠ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠪᠠᠳᠠᠷᠠᠭᠤᠯᠬᠤ ᠬᠦᠴᠦᠲᠡᠢ ᠭᠠᠷᠳᠠᠴᠠ ᠮᠥᠨ; ᠵᠠᠯᠠᠭᠤᠴᠤᠳ ᠪᠠᠭ᠋ᠠᠴᠤᠳ᠎ᠤᠨ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠵᠢ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠵᠤ᠂ ᠵᠠᠯᠠᠭᠤᠴᠤᠳ ᠪᠠᠭ᠋ᠠᠴᠤᠳ᠎ᠢ ᠬᠠᠪᠰᠤᠷᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠶᠠᠪᠤᠴᠠ᠎ᠳᠤ ᠪᠠᠶᠠᠷ ᠪᠠᠬᠠᠳᠤᠯ᠎ᠢ ᠡᠳ᠋ᠯᠡᠭᠦᠯᠵᠦ᠂ ᠪᠡᠶ᠎ᠡ ᠮᠠᠬᠠᠪᠣᠳ᠎ᠢ᠎ᠨᠢ ᠴᠢᠭᠢᠷᠠᠭᠵᠢᠭᠤᠯᠤᠨ᠂ ᠵᠠᠩ ᠴᠢᠨᠠᠷ᠎ᠢ᠎ᠨᠢ ᠪᠦᠷᠢᠨᠰᠢᠭᠦᠯᠵᠦ᠂ ᠵᠣᠷᠢᠭ ᠰᠠᠨᠠᠭ᠎ᠠ ᠵᠢ᠎ᠨᠢ ᠳᠠᠪᠲᠠᠨ ᠪᠣᠯᠪᠠᠰᠤᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
      ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠠᠴᠠ ᠭᠣᠣᠯᠯᠠᠨ ᠡᠷᠬᠢᠯᠡᠵᠦ᠂ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠬᠢᠯᠡᠵᠦ᠂ ᠤᠯᠠᠭ᠋ᠠᠨᠴᠠᠪ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠤᠯᠠᠭ᠋ᠠᠨᠴᠠᠪ ᠬᠣᠲᠠ ᠵᠢᠨ ᠬᠣᠷᠢᠶ᠎ᠠ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠬᠠᠮᠲᠤᠷᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠨᠢᠭᠡᠴᠢ ᠵᠢᠨ ᠤᠳᠤᠷᠢᠳᠤᠯᠭ᠎ᠠ  ᠤᠷᠤᠯᠳᠤᠭ᠋ᠠᠨ ᠡᠬᠢᠯᠡᠬᠦ ᠶᠣᠰᠣᠯᠠᠯ᠎ᠳᠤ ᠣᠷᠣᠯᠴᠠᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号