ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢᠲᠤ ᠰᠤᠷᠭ᠋ᠠᠭᠤᠯᠢ ᠵᠢᠨ ᠤᠷᠤᠯᠳᠤᠭ᠋ᠠᠨ᠎ᠢ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-05-31

      5 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠶᠠᠪᠤᠭᠳᠠᠭᠤᠯᠤᠭᠰᠠᠨ 2024 ᠣᠨ᠎ᠤ ᠪᠦᠬᠦ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠵᠢᠩᠬᠢᠨᠢ ᠠᠩᠭᠢᠲᠦ ᠰᠤᠷᠭ᠋ᠠᠭᠤᠯᠢ ᠵᠢᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ᠎ᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠱᠠᠩᠨᠠᠯ ᠣᠯᠭᠣᠬᠤ ᠶᠣᠰᠣᠯᠠᠯ᠎ᠳᠤ ᠣᠷᠣᠯᠴᠠᠭᠰᠠᠨ ᠪᠥᠭᠡᠳ ᠱᠠᠩᠨᠠᠯ ᠣᠯᠤᠭᠰᠠᠨ ᠡᠩᠨᠡᠭᠡ ᠵᠢᠴᠢ ᠲᠥᠯᠥᠭᠡᠯᠡᠭᠴᠢᠳ᠎ᠲᠤ ᠱᠠᠩᠨᠠᠯ ᠭᠠᠷᠳᠠᠭᠤᠯᠪᠠ᠃


1.webp.jpg

2.webp.jpg


                ᠡᠷᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ


3.webp.jpg

4.webp.jpg


               ᠡᠮᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ


      ᠡᠨᠡ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠣᠷᠣᠨ᠎ᠤ 16 ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠡᠷᠡᠭᠲᠡᠢ ᠵᠢᠨ ᠲᠥᠯᠥᠭᠡᠯᠡᠭᠴᠢᠳ᠎ᠤᠨ ᠠᠩᠭᠢ14᠂ ᠡᠮᠡᠭᠲᠡᠢ ᠵᠢᠨ ᠲᠥᠯᠥᠭᠡᠯᠡᠭᠴᠢᠳ᠎ᠤᠨ ᠠᠩᠭᠢ 10᠂ 521 ᠲᠠᠮᠢᠷᠴᠢᠨ ᠣᠷᠣᠯᠴᠠᠵᠠᠢ᠃ 7 ᠡᠳᠦᠷ᠎ᠤᠨ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠲᠠᠮᠢᠷᠴᠢᠳ ᠭᠣᠶ᠋ᠢᠳᠠ ᠰᠠᠶ᠋ᠢᠬᠠᠨ ᠬᠥᠯ ᠪᠥᠮᠪᠦᠭᠡᠨ᠎ᠤ ᠮᠡᠷᠭᠡᠵᠢᠯ ᠵᠶ᠋ᠠᠨ ᠭᠠᠢ᠌ᠬᠠᠭᠤᠯᠤᠨ᠂ ᠦᠵᠡᠭᠴᠢᠳ᠎ᠲᠤ ᠬᠥᠯ ᠪᠥᠮᠪᠦᠭᠡᠨ᠎ᠤ ᠦᠪᠡᠳᠡᠭᠰᠢ ᠨᠠᠶ᠋ᠢᠷ᠎ᠢ ᠠᠪᠴᠢᠷᠠᠭᠰᠠᠨ ᠪᠠᠶ᠋ᠢᠨ᠎ᠠ᠃ ᠡᠴᠦᠰ᠎ᠲᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠲᠤᠰ ᠲᠤᠰ ᠵᠢᠩᠬᠢᠨᠢ ᠠᠩᠭᠢᠲᠤ ᠰᠤᠷᠭ᠋ᠠᠭᠤᠯᠢ ᠵᠢᠨ ᠡᠷᠡᠭᠲᠡᠢ ᠵᠢᠨ ᠳᠤᠭᠤᠶ᠋ᠢᠯᠠᠩ᠎ᠤᠨ ᠡᠮᠦᠨ᠎ᠡ ᠭᠤᠷᠪᠠᠨ ᠨᠡᠷ᠎ᠡ ᠵᠢᠨ ᠱᠠᠩᠨᠠᠯ᠎ᠢ ᠬᠦᠷᠲᠡᠵᠦ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠪᠠ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠩᠬᠢᠨᠢ ᠠᠩᠭᠢᠲᠤ ᠰᠤᠷᠭ᠋ᠠᠭᠤᠯᠢ ᠵᠢᠨ ᠡᠮᠡᠭᠲᠡᠢ ᠵᠢᠨ ᠳᠤᠭᠤᠶ᠋ᠢᠯᠠᠩ᠎ᠤᠨ ᠲᠡᠷᠢᠭᠦᠨ ᠳᠡᠳ᠋  ᠭᠤᠲᠠᠭ᠋ᠠᠷ᠎ᠲᠤ ᠣᠷᠣᠪᠠ᠃


5.webp.jpg

6.webp.jpg

7.webp.jpg


              ᠡᠷᠡᠭᠲᠡᠢ ᠵᠢᠨ ᠳᠤᠭᠤᠶ᠋ᠢᠯᠠᠩ᠎ᠳᠤ ᠱᠠᠩᠨᠠᠯ ᠭᠠᠷᠳᠠᠭᠤᠯᠵᠤ ᠪᠠᠢ᠌ᠭ᠎ᠠ᠎ᠨᠢ


8.webp.jpg

9.webp.jpg

10.webp.jpg

11.webp.jpg


              ᠡᠮᠡᠭᠲᠡᠢ ᠵᠢᠨ ᠳᠤᠭᠤᠶ᠋ᠢᠯᠠᠩ᠎ᠳᠤ ᠱᠠᠩᠨᠠᠯ ᠭᠠᠷᠳᠠᠭᠤᠯᠵᠤ ᠪᠠᠢ᠌ᠭ᠎ᠠ᠎ᠨᠢ


       ᠡᠨᠡ ᠤᠳᠠᠭ᠋ᠠᠨ᠎ᠤ ᠤᠷᠤᠯᠳᠤᠭ᠋ᠠᠨ᠎ᠨᠢ ᠡᠯ᠎ᠡ ᠬᠥᠯ ᠪᠥᠮᠪᠦᠭᠡᠨ᠎ᠤ ᠠᠩᠭᠢ ᠵᠢᠨ ᠢᠳᠡᠪᠬᠢᠲᠡᠢ ᠬᠠᠮᠵᠢᠯᠴᠠᠬᠤ᠂ ᠨᠤᠭᠤᠷᠠᠰᠢ ᠦᠭᠡᠢ ᠲᠡᠮᠡᠴᠡᠬᠦ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠎ᠢ ᠢᠯᠡᠷᠡᠭᠦᠯᠦᠭᠰᠡᠨ ᠵᠶ᠋ᠠᠷ ᠪᠠᠷᠠᠬᠤ ᠦᠭᠡᠢ᠂ ᠪᠠᠰᠠ ᠨᠡᠩ ᠣᠯᠠᠨ ᠰᠤᠷᠤᠭᠴᠢᠳ᠎ᠤᠨ ᠬᠥᠯ ᠪᠥᠮᠪᠦᠭᠡᠨ᠎ᠤ ᠬᠥᠳᠡᠯᠭᠡᠭᠡᠨ᠎ᠢ ᠬᠦᠨᠳᠦᠳᠭᠡᠬᠦ ᠪᠠ ᠣᠷᠣᠯᠴᠠᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠣᠶᠣᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠵᠤ᠂ ᠮᠠᠨ᠎ᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ  ᠪᠥᠮᠪᠦᠭᠡᠨ᠎ᠤ ᠬᠥᠳᠡᠯᠭᠡᠭᠡᠨ᠎ᠤ ᠤᠷᠤᠯᠳᠤᠭ᠋ᠠᠨ᠎ᠤ ᠬᠢᠷᠢ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠪᠡ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ 《ᠵᠢᠭ᠋ᠠᠵᠤ ᠰᠤᠷᠭ᠋ᠠᠬᠤ᠂ ᠰᠢᠷᠭ᠋ᠠᠭᠤ ᠪᠣᠯᠪᠠᠰᠤᠷᠠᠬᠤ᠂ ᠪᠠᠶ᠋ᠢᠩᠭᠤ ᠤᠷᠤᠯᠳᠤᠬᠤ》 ᠤᠷᠤᠯᠳᠤᠭ᠋ᠠᠨ᠎ᠤ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠬᠥᠮᠦᠨ ᠬᠥᠮᠦᠵᠢᠭᠦᠯᠬᠦ ᠴᠢᠳᠠᠮᠵᠢ ᠵᠢ ᠭᠦᠢ᠍ᠴᠡᠳ ᠪᠠᠳᠠᠷᠠᠭᠤᠯᠤᠨ᠂ ᠨᠡᠩ ᠣᠯᠠᠨ ᠰᠤᠷᠤᠭᠴᠢᠳ᠎ᠲᠤ ᠬᠥᠯ ᠪᠥᠮᠪᠦᠭᠡᠨ᠎ᠤ ᠬᠥᠳᠡᠯᠭᠡᠭᠡᠨ᠎ᠤ ᠪᠠᠶᠠᠷ ᠪᠠᠬᠠᠳᠤᠯ᠎ᠢ ᠡᠳ᠋ᠯᠡᠭᠦᠯᠵᠦ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠵᠤ᠂ ᠵᠠᠩ ᠴᠢᠨᠠᠷ᠎ᠢ᠎ᠨᠢ ᠪᠦᠷᠢᠨᠰᠢᠭᠦᠯᠦᠨ᠂ ᠵᠣᠷᠢᠭ ᠰᠠᠨᠠᠭ᠎ᠠ᠎ᠢ ᠎ᠨᠢ ᠳᠠᠪᠲᠠᠨ ᠪᠣᠯᠪᠠᠰᠤᠷᠠᠭᠤᠯᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号