ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠪᠦᠬᠦ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ) ᠡᠬᠢᠯᠡᠪᠡ
ᠨᠡᠶ᠋ᠢᠲᠡᠯᠡᠭᠰᠡᠨ ᠴᠠᠭ᠄ 2024-06-17

      6 ᠰᠠᠷ᠎ᠠ ᠵᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ) ᠤᠯᠠᠭ᠋ᠠᠨᠴᠠᠪ ᠬᠣᠲᠠ᠎ᠳᠤ ᠬᠥᠭᠵᠢᠶᠡᠨᠲᠡᠢ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠰᠤᠷᠤᠭᠴᠢ ᠲᠠᠮᠢᠷᠴᠢᠳ ᠡᠨᠳᠡ ᠬᠤᠷᠠᠨ ᠴᠤᠭᠯᠠᠷᠠᠵᠤ᠂ ᠬᠤᠷᠴᠠ ᠰᠢᠷᠦᠭᠦᠨ ᠮᠥᠷᠥᠢ᠌ᠴᠡᠯᠳᠦᠪᠡ᠃

   

1.png

2.png


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠠᠬᠤᠢ ᠲᠠᠯᠠᠪᠠᠢ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠢ᠌ᠯᠠᠩ᠎ᠤᠨ ᠤᠷᠤᠯᠳᠤᠭ᠋ᠠᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠦᠭᠡᠨ᠎ᠤ ᠤᠷᠤᠯᠳᠤᠭ᠋ᠠᠨ᠎ᠳᠤ 12 ᠠᠶ᠋ᠢᠮᠠᠭ ᠬᠣᠲᠠ ᠵᠢᠨ 1000 ᠭᠠᠷᠤᠢ           ᠲᠠᠮᠢᠷᠴᠢᠨ ᠣᠷᠣᠯᠴᠠᠵᠤ᠂ 6-7 ᠡᠳᠦᠷ  ᠶᠠᠪᠤᠭᠳᠠᠭᠤᠯᠪᠠ᠃ ᠡᠭᠦᠨ᠎ᠳᠤ᠂ ᠬᠥᠯ ᠪᠥᠮᠪᠦᠭᠡᠨ᠎ᠤ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠵᠢᠨᠢᠩ ᠨᠢᠭᠡᠳᠦᠭᠡᠷ ᠳᠤᠮᠳᠠᠳᠤ ᠰᠤᠷᠭ᠋ᠠᠭᠤᠯᠢ (ᠢᠦᠢ ᠱᠣ᠌ ᠸᠠᠨ ᠰᠤᠷᠭ᠋ᠠᠭᠤᠯᠢ ᠵᠢᠨ ᠲᠣᠭᠣᠷᠢᠭ)᠂ ᠤᠯᠠᠭ᠋ᠠᠨᠴᠠᠪ ᠬᠣᠲᠠ ᠵᠢᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠵᠢᠨ ᠤᠷᠤᠯᠳᠤᠭ᠋ᠠᠨ᠎ᠤ ᠲᠠᠯᠠᠪᠠᠢ᠎ᠳᠤ ᠲᠤᠰ ᠲᠤᠰ ᠶᠠᠪᠤᠭᠳᠠᠵᠤ᠂ ᠰᠠᠭᠰᠤᠨ ᠪᠥᠮᠪᠦᠭᠡᠨ᠎ᠤ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠪᠡᠶ᠎ᠡ ᠵᠢᠨ ᠲᠠᠮᠢᠷ᠎ᠤᠨ ᠣᠷᠳᠣᠨ ᠎ᠳᠤ ᠶᠠᠪᠤᠭᠳᠠᠨ᠂ ᠠᠯᠠᠭ᠋ᠠᠳᠠᠬᠤ  ᠪᠥᠮᠪᠦᠭᠡᠨ᠎ᠤ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠎ᠳᠤ ᠰᠢᠷᠦᠭᠦᠨ ᠮᠥᠷᠥᠢ᠌ᠴᠡᠯᠳᠦᠵᠦ᠂ ᠡᠯ᠎ᠡ ᠲᠥᠷᠥᠯ᠎ᠤᠨ ᠤᠷᠤᠯᠳᠤᠭ᠋ᠠᠨ᠎ᠢ ᠱᠠᠲᠤ ᠳᠠᠷᠠᠭ᠋ᠠᠯᠠᠨ ᠥᠷᠨᠢᠭᠦᠯᠦᠭᠰᠡᠨ᠎ᠨᠢ ᠲᠠᠮᠢᠷᠴᠢᠳ᠎ᠲᠤ ᠰᠤᠷᠤᠯᠴᠠᠵᠤ ᠰᠣᠯᠢᠯᠴᠠᠬᠤ ᠪᠠ ᠳᠠᠪᠠᠭᠤᠯᠢᠭ ᠵᠶ᠋ᠠᠨ ᠪᠠᠳᠠᠷᠠᠭᠤᠯᠬᠤ ᠤᠷᠤᠯᠳᠤᠭ᠋ᠠᠨ᠎ᠤ ᠲᠠᠪᠴᠠᠩ᠎ᠢ ᠬᠠᠩᠭ᠋ᠠᠪᠠ᠃

   

3.png


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠠᠭᠰᠤᠨ ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠠᠬᠤᠢ ᠲᠠᠯᠠᠪᠠᠢ


4.png


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠯᠠᠭ᠋ᠠᠳᠠᠬᠤ  ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ)᠎ᠤ ᠠᠬᠤᠢ ᠲᠠᠯᠠᠪᠠᠢ


      ᠡᠨᠡ ᠤᠳᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠤᠷᠤᠯᠳᠤᠭ᠋ᠠᠨ ᠠᠮᠵᠢᠯᠲᠠᠲᠠᠢ ᠡᠬᠢᠯᠡᠵᠦ᠂ ᠳᠠᠷᠠᠭ᠋ᠠᠴᠢ ᠵᠢᠨ ᠤᠷᠤᠯᠳᠤᠭ᠋ᠠᠨ᠎ᠤ ᠡᠳᠦᠷ᠎ᠤᠳ᠎ᠲᠤ᠂ ᠲᠠᠮᠢᠷᠴᠢᠳ ᠡᠷᠡᠮᠡᠬᠡᠢ᠌ᠯᠡᠨ ᠲᠡᠮᠡᠴᠡᠵᠦ᠂ ᠥᠪᠡᠷ᠎ᠢ᠎ᠪᠠᠨ ᠳᠠᠪᠠᠵᠤ᠂ ᠤᠷᠤᠯᠳᠤᠭ᠋ᠠᠨ᠎ᠳᠤ ᠨᠡᠩ ᠣᠯᠠᠨ ᠵᠠᠯᠠᠭᠤ ᠨᠠᠰᠤᠨ᠎ᠤ ᠭᠣᠢ᠌ᠳᠠ ᠰᠠᠢ᠌ᠬᠠᠨ᠎ᠢ ᠨᠡᠮᠡᠷᠢᠯᠡᠨ᠎ᠡ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ) ᠥᠨᠳᠦᠷᠯᠡᠪᠡ
ᠪᠦᠬᠦ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠦᠭᠡᠨ᠎ᠤ ᠤᠷᠤᠯᠳᠤᠭ᠋ᠠᠨ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ) ᠥᠨᠳᠦᠷᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2024 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ 《ᠬᠥᠯ ᠪᠥᠮᠪᠥᠭᠡ +》 ᠤᠷ᠎ᠠ ᠴᠢᠳᠠᠪᠤᠷᠢ ᠵᠢᠨ ᠦᠵᠡᠭᠦᠯᠭᠡ ᠵᠢᠨ ᠠᠵᠢᠯᠯᠠᠭ᠎ᠠ ᠵᠢ ᠡᠷᠭᠢᠯᠡᠪᠡ
 
             蒙ICP备05000248号