ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ) ᠥᠨᠳᠦᠷᠯᠡᠪᠡ
ᠨᠡᠶ᠋ᠢᠲᠡᠯᠡᠭᠰᠡᠨ ᠴᠠᠭ᠄ 2024-06-21

      6 ᠳ᠋ᠤᠭ᠋ᠠᠷ ᠰᠠᠷ᠎ᠠ ᠵᠢᠨ 17᠎ᠤ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ           ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ           ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ) ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠥᠨᠳᠦᠷᠯᠡᠪᠡ᠃
      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ )᠎ᠳᠤ ᠮᠠᠨ᠎ᠤ ᠣᠷᠣᠨ᠎ᠤ 20 ᠳᠡᠭᠡᠳᠦ ᠵᠡᠷᠭᠡ ᠵᠢᠨ ᠰᠤᠷᠭ᠋ᠠᠭᠤᠯᠢ ᠵᠢᠨ 29 ᠳᠤᠭᠤᠢ᠌ᠯᠠᠩ ᠣᠷᠣᠯᠴᠠᠵᠤ᠂ ᠡᠭᠦᠨ᠎ᠳᠤ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ 14᠂ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ 8᠂ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ 4᠂ ᠳᠡᠰ᠎ᠠᠴᠠ ᠳᠠᠪᠠᠭᠰᠠᠨ ᠡᠮᠡᠭᠲᠡᠢ ᠵᠢᠨ ᠳᠤᠭᠤᠶ᠋ᠢᠯᠠᠩ 3᠂ ᠰᠤᠷᠤᠭᠴᠢ ᠲᠠᠮᠢᠷᠴᠢᠨ 575 ᠪᠣᠢ᠃ 6 ᠡᠳᠦᠷ᠎ᠤᠨ ᠬᠤᠭᠤᠴᠠᠭ᠋ᠠᠨ᠎ᠳᠤ᠂ 59 ᠲᠠᠯᠠᠪᠤᠷ ᠤᠷᠤᠯᠳᠤᠭ᠋ᠠᠨ᠎ᠤ ᠮᠥᠷᠥᠢ᠌ᠴᠡᠭᠡᠨ ᠶᠠᠪᠤᠭᠳᠠᠭᠤᠯᠪᠠ᠃


1.webp.png

2.webp.png

3.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)


      ᠬᠤᠷᠴᠠ ᠰᠢᠷᠦᠭᠦᠨ ᠮᠥᠷᠦ᠋ᠢ᠍ᠴᠡᠭᠡᠨ ᠵᠶ᠋ᠠᠷ ᠳᠠᠮᠵᠢᠨ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ  ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ)᠎ᠤ ᠬᠢᠷᠢ ᠪᠦᠲᠦᠮᠵᠢ ᠨᠢᠭᠡᠨᠲᠡ ᠲᠣᠳᠤᠷᠠᠪᠠ᠃ ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠵᠤ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠡᠰ᠎ᠠᠴᠠ ᠳᠠᠪᠠᠭᠰᠠᠨ ᠡᠮᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠨ᠂ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠵᠤ᠂ ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠪᠠ᠃


4.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)᠎ᠤ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ


5.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)᠎ᠤ ᠳᠡᠰ᠎ᠠᠴᠠ ᠳᠠᠪᠠᠭᠰᠠᠨ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ


6.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)᠎ᠤ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ


7.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)᠎ᠤ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ


      ᠤᠷᠤᠯᠳᠤᠭ᠋ᠠᠨ᠎ᠤ ᠬᠤᠭᠤᠴᠠᠭ᠋ᠠᠨ᠎ᠳᠤ᠂ ᠮᠠᠨ᠎ᠤ ᠣᠷᠣᠨ᠎ᠤ ᠤᠶᠤᠲᠠᠳ ᠤᠷᠤᠯᠳᠤᠭ᠋ᠠᠨ᠎ᠤ ᠲᠠᠯᠠᠪᠤᠷ᠎ᠲᠤ ᠪᠦᠯᠬᠦᠮᠳᠡᠨ ᠬᠠᠮᠵᠢᠯᠴᠠᠵᠤ᠂ ᠡᠷᠡᠮᠡᠬᠡᠢ᠌ᠯᠡᠨ ᠤᠷᠤᠭᠰᠢᠯᠠᠬᠤ ᠰᠤᠷᠭ᠋ᠠᠭᠤᠯᠢ  ᠵᠢᠨ ᠬᠦᠷᠢᠶᠡᠨ᠎ᠤ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠤᠷᠤᠯᠳᠤᠭ᠋ᠠᠨ ᠨᠢᠭᠡ ᠪᠦᠷᠢ᠎ᠳᠤ ᠢᠳᠡᠪᠬᠢᠲᠡᠢ ᠣᠷᠣᠯᠴᠠᠵᠤ᠂ ᠪᠥᠮᠪᠦᠭᠡᠨ᠎ᠤ ᠮᠡᠷᠭᠡᠵᠢᠯ ᠵᠶ᠋ᠠᠨ ᠭᠠᠢ᠌ᠬᠠᠭᠤᠯᠤᠨ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠦᠭᠰᠡᠨ᠎ᠤ ᠬᠠᠮᠲᠤ  ᠨᠡᠩ ᠣᠯᠠᠨ ᠰᠤᠷᠤᠭᠴᠢᠳ᠎ᠤᠨ ᠬᠥᠯ ᠪᠥᠮᠪᠦᠭᠡᠨ᠎ᠤ ᠬᠥᠳᠡᠯᠭᠡᠭᠡᠨ᠎ᠢ ᠡᠷᠬᠢᠮᠯᠡᠬᠦ ᠪᠠ ᠣᠷᠣᠯᠴᠠᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠣᠶᠣᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠂ ᠰᠤᠷᠭ᠋ᠠᠭᠤᠯᠢ ᠵᠢᠨ ᠬᠦᠷᠢᠶᠡᠨ᠎ᠤ ᠬᠥᠯ  ᠪᠥᠮᠪᠦᠭᠡᠨ᠎ᠤ ᠤᠷᠤᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃


8.webp.png

9.webp.png


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ  ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ)


      2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠢ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠶ᠋ᠢᠯᠠᠩ᠂ ᠵᠢᠩᠬᠢᠨᠢ ᠠᠩᠭᠢ ᠵᠢᠨ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ ᠭᠡᠬᠦ ᠭᠤᠷᠪᠠᠨ ᠳᠤᠭᠤᠶ᠋ᠢᠯᠠᠩ ᠬᠤᠪᠢᠶᠠᠪᠠ᠃ ᠡᠭᠦᠨ᠎ᠳᠤ᠂ ᠵᠢᠩᠬᠢᠨᠢ ᠠᠩᠭᠢ ᠵᠢᠨ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠎ᠤᠨ ᠤᠷᠤᠯᠳᠤᠭ᠋ᠠᠨ 5 ᠰᠠᠷ᠎ᠠ ᠵᠢᠨ 29᠎ᠤ ᠡᠳᠦᠷ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠳᠤ ᠥᠨᠳᠥᠷᠯᠡᠵᠦ᠂ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠶ᠋ᠢᠯᠠᠩ᠎ᠤᠨ ᠤᠷᠤᠯᠳᠤᠭ᠋ᠠᠨ ᠤᠳᠠᠯ ᠦᠭᠡᠢ ᠡᠬᠢᠯᠡᠬᠦ ᠭᠡᠵᠦ ᠪᠠᠶ᠋ᠢᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号