7 ᠰᠠᠷ᠎ᠠ ᠵᠢᠨ 29᠎ᠤ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠥᠷᠪᠡᠳᠦᠭᠡᠷ ᠳᠡᠰ᠎ᠤᠨ ᠬᠣᠯᠪᠣᠭ᠋ᠠᠲᠤ ᠤᠷᠤᠯᠳᠤᠭ᠋ᠠᠨ᠎ᠤ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠣᠷᠳᠣᠰ ᠬᠣᠲᠠ ᠵᠢᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠥᠨᠳᠦᠷᠯᠡᠪᠡ᠃


7 ᠰᠠᠷ᠎ᠠ ᠵᠢᠨ 22᠎ᠤᠨ ᠡᠳᠦᠷ ᠤᠷᠤᠯᠳᠤᠭ᠋ᠠᠨ ᠡᠬᠢᠯᠡᠭᠰᠡᠨ᠎ᠠᠴᠠ ᠨᠠᠭ᠋ᠠᠰᠢ᠂ ᠤᠷᠤᠯᠳᠤᠭ᠋ᠠᠨ᠎ᠳᠤ ᠣᠷᠣᠯᠴᠠᠭᠰᠠᠨ ᠡᠯ᠎ᠡ ᠠᠩᠭᠢ ᠡᠷᠡᠮᠡᠬᠡᠢ᠌ᠯᠡᠨ ᠮᠥᠷᠦᠢ᠌ᠴᠡᠵᠦ᠂ ᠲᠠᠪᠤᠨ ᠡᠭᠡᠯᠵᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠰᠣᠯᠪᠢᠴᠠᠯ ᠤᠷᠤᠯᠳᠤᠭ᠋ᠠᠨ᠎ᠤ ᠡᠩᠨᠡᠭᠡᠨ᠎ᠳᠤ ᠠᠮᠵᠢᠯᠲᠠ᠎ᠲᠠᠢ ᠳᠠᠪᠰᠢᠨ ᠣᠷᠣᠪᠠ᠃ 7 ᠰᠠᠷ᠎ᠠ ᠵᠢᠨ 27 - 28᠎ᠤ ᠡᠳᠦᠷ᠂ ᠰᠣᠯᠪᠢᠴᠠᠯ ᠤᠷᠤᠯᠳᠤᠭ᠋ᠠᠨ᠎ᠤ ᠱᠠᠲᠤᠨ᠎ᠤ ᠤᠷᠤᠯᠳᠤᠭ᠋ᠠᠨ ᠰᠦᠷ ᠳᠠᠯᠠᠶ᠋ᠢᠴᠠᠲᠠᠢ ᠶᠠᠪᠤᠭᠳᠠᠵᠤ᠂ ᠪᠢᠴᠢᠬᠠᠨ ᠬᠥᠯ ᠪᠥᠮᠪᠦᠭᠡᠴᠢᠳ ᠪᠣᠯᠪᠠᠰᠤᠷᠠᠩᠭᠤᠢ ᠪᠥᠭᠡᠳ ᠯᠠᠪᠳᠠᠭᠤᠨ ᠪᠥᠮᠪᠥᠭᠡᠨ ᠮᠡᠷᠭᠡᠵᠢᠯ ᠵᠶ᠋ᠠᠷ ᠥᠨᠳᠦᠷ ᠬᠢᠷᠢ ᠲᠦᠪᠰᠢᠨᠲᠦ ᠤᠷᠤᠯᠳᠤᠭ᠋ᠠᠨ ᠪᠠ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠵᠢ ᠢᠯᠡᠷᠡᠭᠦᠯᠵᠦ᠂ ᠦᠵᠡᠭᠴᠢᠳ᠎ᠲᠤ ᠨᠢᠭᠡ ᠤᠳᠠᠭ᠋ᠠᠨ᠎ᠤ ᠭᠣᠶ᠋ᠢᠳᠠ ᠰᠠᠶ᠋ᠢᠬᠠᠨ ᠤᠷᠤᠯᠳᠤᠭ᠋ᠠᠨ᠎ᠢ ᠠᠪᠴᠢᠷᠠᠭᠰᠠᠨ ᠪᠠᠶ᠋ᠢᠨ᠎ᠠ᠃



7 ᠰᠠᠷ᠎ᠠ ᠵᠢᠨ 29᠎ᠤ ᠡᠳᠦᠷ᠎ᠤᠨ ᠰᠢᠯᠭ᠋ᠠᠷᠠᠭᠤᠯᠤᠯᠲᠠ᠎ᠳᠤ ᠡᠯ᠎ᠡ ᠠᠩᠭᠢ ᠵᠢᠨ ᠪᠢᠴᠢᠬᠠᠨ ᠪᠥᠮᠪᠦᠭᠡᠴᠢᠳ ᠬᠦᠴᠦᠯᠡᠨ ᠴᠢᠷᠮᠠᠶ᠋ᠢᠵᠤ᠂ ᠭᠦᠶᠦᠬᠦ ᠪᠦᠷᠢ᠂ ᠪᠥᠮᠪᠥᠭᠡ ᠳᠠᠮᠵᠢᠭᠤᠯᠬᠤ ᠪᠦᠷᠢ᠂ ᠡᠭᠦᠳᠡ ᠤᠷᠤᠭᠤ ᠪᠥᠮᠪᠥᠭᠡ ᠢᠰᠭᠦᠯᠬᠦ ᠪᠦᠷᠢ ᠴᠥᠮ ᠲᠡᠳᠡᠨ᠎ᠤ ᠬᠥᠯ ᠪᠥᠮᠪᠦᠭᠡᠨ᠎ᠳᠤ ᠰᠢᠩᠭᠡᠭᠡᠭᠰᠡᠨ ᠬᠠᠶ᠋ᠢᠷ᠎ᠠ ᠪᠠ ᠪᠠᠷᠢᠮᠲᠠᠯᠠᠯ᠂ ᠢᠯᠠᠬᠤ ᠬᠦᠰᠡᠯ ᠪᠠ ᠬᠥᠭᠡᠭᠡᠴᠡᠯᠳᠦᠯ ᠲᠣᠳᠤᠷᠠᠵᠤ ᠪᠠᠢ᠌ᠯ᠎ᠠ᠃ ᠡᠴᠦᠰ᠎ᠲᠤ᠂ ᠣᠷᠳᠣᠰ ᠬᠣᠲᠠ ᠵᠢᠨ ᠳᠠᠯᠠᠳ ᠬᠣᠰᠢᠭᠤᠨ᠎ᠤ ᠳᠣᠯᠣᠳᠤᠭ᠋ᠠᠷ ᠪᠠᠭ᠎ᠠ ᠰᠤᠷᠭ᠋ᠠᠭᠤᠯᠢ ᠪᠠ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠲᠤᠷᠰᠢᠯᠲᠠ ᠵᠢᠨ ᠪᠠᠭ᠎ᠠ ᠰᠤᠷᠭ᠋ᠠᠭᠤᠯᠢ ᠲᠤᠰ ᠲᠤᠰ ᠡᠮᠡᠭᠲᠡᠢ ᠵᠢᠨ ᠳᠤᠭᠤᠶ᠋ᠢᠯᠠᠩ ᠪᠠ ᠡᠷᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠵᠤ᠂ ᠭᠠᠷᠮᠠᠭ᠋ᠠᠢ ᠢᠯᠡᠷᠡᠯ ᠪᠠ ᠪᠦᠯᠬᠦᠮ ᠨᠡᠶ᠋ᠢᠲᠡ ᠵᠢᠨ ᠬᠠᠮᠵᠢᠯᠴᠠᠭ᠎ᠠ᠎ᠨᠢ ᠬᠠᠮᠤᠭ᠎ᠤᠨ ᠳᠡᠭᠡᠳᠦ ᠢᠷᠠᠭᠤ ᠠᠯᠳᠠᠷ᠎ᠢ ᠭᠦᠷᠲᠡᠭᠡᠪᠡ᠃ ᠡᠭᠦᠨ᠎ᠤ ᠬᠠᠮᠲᠤ᠂ ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ ᠵᠢᠨ ᠲᠢᠶᠧ ᠰᠢ ᠨᠢᠭᠡᠳᠦᠭᠡᠷ ᠪᠠᠭ᠎ᠠ ᠰᠤᠷᠭ᠋ᠠᠭᠤᠯᠢ᠂ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠲᠦᠴᠢᠦᠸᠠᠨ ᠠᠵᠢᠯᠴᠢᠨ ᠲᠠᠷᠢᠶᠠᠴᠢᠨ᠎ᠤ ᠪᠠᠭ᠎ᠠ ᠰᠤᠷᠭ᠋ᠠᠭᠤᠯᠢ᠂ ᠰᠢᠯᠢ ᠵᠢᠨ ᠭᠣᠣᠯ ᠠᠶ᠋ᠢᠮᠠᠭ᠎ᠤᠨ ᠰᠢᠯᠢ ᠵᠢᠨ ᠬᠣᠲᠠ ᠵᠢᠨ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ ᠪᠣᠯᠤᠨ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠲᠧᠩ ᠹᠧᠢ ᠵᠠᠮ᠎ᠤᠨ ᠪᠠᠭ᠎ᠠ ᠰᠤᠷᠭ᠋ᠠᠭᠤᠯᠢ ᠲᠤᠰ ᠲᠤᠰ ᠡᠮᠡᠭᠲᠡᠢ ᠵᠢᠨ ᠳᠤᠭᠤᠶ᠋ᠢᠯᠠᠩ ᠪᠣᠯᠤᠨ ᠡᠷᠡᠭᠲᠡᠢ ᠵᠢᠨ ᠳᠤᠭᠤᠶ᠋ᠢᠯᠠᠩ᠎ᠤᠨ ᠬᠣᠶᠠᠳᠤᠭ᠋ᠠᠷ᠂ ᠭᠤᠳᠠᠭ᠋ᠠᠷ᠎ᠲᠤ ᠲᠣᠳᠤᠷᠠᠪᠠ᠃

ᠡᠮᠡᠭᠲᠡᠢ ᠵᠢᠨ ᠳᠤᠭᠤᠢ᠌ᠯᠠᠩ᠎ᠤᠨ ᠮᠠᠩᠯᠠᠢ ᠣᠷᠳᠣᠰ ᠬᠣᠲᠠ ᠵᠢᠨ
ᠳᠠᠯᠠᠳ ᠬᠣᠰᠢᠭᠤᠨ᠎ᠤ ᠳᠣᠯᠣᠳᠤᠭ᠋ᠠᠷ ᠪᠠᠭ᠎ᠠ ᠰᠤᠷᠭ᠋ᠠᠭᠤᠯᠢ

ᠡᠮᠡᠭᠲᠡᠢ ᠵᠢᠨ ᠳᠤᠭᠤᠶ᠋ᠢᠯᠠᠩ᠎ᠤᠨ ᠳᠡᠳ᠋ ᠬᠢᠩᠭ᠋ᠠᠨ ᠠᠶ᠋ᠢᠮᠠᠭ᠎ᠤᠨ
ᠤᠯᠠᠭ᠋ᠠᠨᠬᠣᠲᠠ ᠵᠢᠨ ᠲᠢᠶᠧ ᠰᠢ ᠨᠢᠭᠡᠳᠦᠭᠡᠷ ᠪᠠᠭ᠎ᠠ ᠰᠤᠷᠭ᠋ᠠᠭᠤᠯᠢ

ᠡᠮᠡᠭᠲᠡᠢ ᠵᠢᠨ ᠳᠤᠭᠤᠶ᠋ᠢᠯᠠᠩ᠎ᠤᠨ ᠭᠤᠲᠠᠭ᠋ᠠᠷ ᠬᠢᠩᠭ᠋ᠠᠨ ᠠᠶ᠋ᠢᠮᠠᠭ᠎ᠤᠨ ᠲᠦᠴᠢᠦᠸᠠᠨ
ᠰᠢᠶᠠᠨ᠎ᠤ ᠲᠦᠴᠢᠦᠸᠠᠨ ᠠᠵᠢᠯᠴᠢᠨ ᠲᠠᠷᠢᠶᠠᠴᠢᠨ᠎ᠤ ᠪᠠᠭ᠎ᠠ ᠰᠤᠷᠭ᠋ᠠᠭᠤᠯᠢ

ᠡᠷᠡᠭᠲᠡᠢ ᠵᠢᠨ ᠳᠤᠭᠤᠶ᠋ᠢᠯᠠᠩ᠎ᠤᠨ ᠮᠠᠩᠯᠠᠢ ᠣᠷᠳᠣᠰ ᠬᠣᠲᠠ ᠵᠢᠨ
ᠳ᠋ᠦᠩᠱ᠌ᠧᠩ ᠲᠣᠭᠣᠷᠢᠭ᠎ᠤᠨ ᠳᠤᠷᠰᠢᠯᠲᠠ ᠵᠢᠨ ᠪᠠᠭ᠎ᠠ ᠰᠤᠷᠭ᠋ᠠᠭᠤᠯᠢ

ᠡᠷᠡᠭᠲᠡᠢ ᠵᠢᠨ ᠳᠤᠭᠤᠶ᠋ᠢᠯᠠᠩ᠎ᠤᠨ ᠳᠡᠳ᠋ ᠰᠢᠯᠢ ᠵᠢᠨ ᠭᠣᠣᠯ ᠠᠶ᠋ᠢᠮᠠᠭ᠎ᠤᠨ
ᠰᠢᠯᠢ ᠵᠢᠨ ᠬᠣᠲᠠ ᠵᠢᠨ ᠠᠷᠪᠠᠨ ᠨᠢᠭᠡᠳᠦᠭᠡᠷ ᠪᠠᠭ᠎ᠠ ᠰᠤᠷᠭ᠋ᠠᠭᠤᠯᠢ

ᠡᠷᠡᠭᠲᠡᠢ ᠵᠢᠨ ᠳᠤᠭᠤᠶ᠋ᠢᠯᠠᠩ᠎ᠤᠨ ᠭᠤᠲᠠᠭ᠋ᠠᠷ ᠬᠥᠬᠡᠬᠣᠲᠠ ᠵᠢᠨ ᠰᠠᠶ᠋ᠢᠬᠠᠨ
ᠲᠣᠭᠣᠷᠢᠭ᠎ᠤᠨ ᠲᠧᠩ ᠹᠧᠢ ᠵᠠᠮ᠎ᠤᠨ ᠪᠠᠭ᠎ᠠ ᠰᠤᠷᠭ᠋ᠠᠭᠤᠯᠢ
ᠡᠨᠡ ᠤᠳᠠᠭ᠋ᠠᠨ᠎ᠤ ᠤᠷᠤᠯᠳᠤᠭ᠋ᠠᠨ ᠪᠣᠯ ᠮᠠᠨ᠎ᠤ ᠣᠷᠣᠨ᠎ᠤ ᠵᠠᠯᠠᠭᠤᠴᠤᠳ ᠪᠠᠭ᠋ᠠᠴᠤᠳ ᠤᠨ ᠬᠥᠯ ᠪᠥᠮᠪᠦᠭᠡᠨ᠎ᠤ ᠬᠢᠷᠢ ᠲᠦᠪᠰᠢᠨ᠎ᠤ ᠪᠦᠬᠦ ᠲᠠᠯ᠎ᠠ ᠵᠢᠨ ᠰᠢᠯᠭ᠋ᠠᠯᠲᠠ ᠪᠣᠯᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠵᠠᠯᠠᠭᠤᠴᠤᠳ ᠪᠠᠭ᠋ᠠᠴᠤᠳ᠎ᠤᠨ ᠵᠣᠷᠢᠯᠲᠠ ᠬᠡᠪ ᠴᠢᠨᠠᠷ᠂ ᠪᠦᠯᠬᠦᠮ ᠨᠡᠶ᠋ᠢᠲᠡ ᠵᠢᠨ ᠬᠠᠮᠵᠢᠯᠴᠠᠬᠤ ᠵᠣᠷᠢᠭ ᠰᠠᠨᠠᠭ᠋ᠠᠨ᠎ᠤ ᠴᠢᠬᠤᠯᠠ ᠪᠣᠯᠪᠠᠰᠤᠷᠠᠯ ᠪᠣᠯᠤᠨ᠎ᠠ᠃ ᠪᠢᠳᠡ ᠳᠠᠷᠠᠭ᠎ᠠ ᠤᠳᠠᠭ᠋ᠠᠨ᠎ᠤ ᠤᠷᠤᠯᠳᠤᠭ᠋ᠠᠨ᠎ᠤ ᠠᠮᠵᠢᠯᠲᠠ ᠬᠦᠰᠡᠵᠦ᠂ ᠪᠢᠴᠢᠬᠠᠨ ᠬᠥᠯ ᠪᠥᠮᠪᠦᠭᠡᠴᠢᠳ᠎ᠤᠨ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠰᠢᠨ᠎ᠡ ᠮᠥᠷᠦᠢ᠌ᠴᠡᠭᠡᠨᠢ ᠤᠭᠲᠤᠵᠤ᠂ ᠳᠠᠬᠢᠨᠲᠠ ᠰᠢᠯᠢᠳᠡᠭ ᠠᠮᠵᠢᠯᠲᠠ ᠣᠯᠬᠤ ᠵᠢ ᠪᠠᠲᠤ ᠢᠲᠡᠭᠡᠵᠦ ᠪᠠᠶ᠋ᠢᠨ᠎ᠠ᠃