7 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠬᠡᠷᠡᠭᠵᠢᠭᠦᠯᠦᠭᠰᠡᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ (ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠶ᠋ᠢᠯᠠᠩ) ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠥᠨᠳᠥᠷᠯᠡᠪᠡ᠃


ᠡᠨᠡ ᠤᠳᠠᠭ᠋ᠠᠨ᠎ᠤ ᠤᠷᠤᠯᠳᠤᠭ᠋ᠠᠨ 7 ᠡᠳᠦᠷ ᠶᠠᠪᠤᠭᠳᠠᠵᠤ᠂ 6 ᠰᠠᠷ᠎ᠠ ᠵᠢᠨ 25 - 7 ᠰᠠᠷ᠎ᠠ ᠵᠢᠨ 1᠎ᠤ ᠡᠳᠦᠷ ᠪᠣᠯᠲᠠᠯ᠎ᠠ ᠪᠦᠬᠦ ᠤᠷᠤᠯᠳᠤᠭ᠋ᠠᠨ ᠳᠠᠭᠤᠰᠴᠤ᠂ 7 ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠣᠷᠣᠯᠴᠠᠨ᠂ ᠡᠭᠦᠨ᠎ᠳᠤ ᠡᠷᠡᠭᠲᠡᠢ ᠵᠢᠨ ᠳᠤᠭᠤᠶ᠋ᠢᠯᠠᠩ 7᠂ ᠡᠮᠡᠭᠲᠡᠢ ᠵᠢᠨ ᠳᠤᠭᠤᠶ᠋ᠢᠯᠠᠩ 5᠂ ᠣᠷᠣᠯᠴᠠᠭᠰᠠᠨ ᠲᠠᠮᠢᠷᠴᠢᠨ 233 ᠪᠤᠢ᠃ ᠤᠷᠤᠯᠳᠤᠭ᠋ᠠᠨ᠎ᠳᠤ ᠳᠠᠩ ᠡᠭᠡᠯᠵᠢᠲᠦ ᠤᠷᠤᠯᠳᠤᠭ᠋ᠠᠨ᠎ᠤ ᠳᠦᠷᠢᠮ᠎ᠢ ᠬᠡᠷᠡᠭᠯᠡᠵᠦ᠂ 31 ᠲᠠᠯᠠᠪᠤᠷ ᠮᠥᠷᠦᠢ᠌ᠴᠡᠯᠳᠦᠪᠡ᠃ ᠡᠷᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ 7 ᠰᠠᠷ᠎ᠠ ᠵᠢᠨ 1᠎ᠤ ᠡᠳᠦᠷ ᠳᠠᠭᠤᠰᠴᠤ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠡᠷᠡᠭᠲᠡᠢ ᠵᠢᠨ ᠳᠤᠭᠤᠢ᠌ᠯᠠᠩ ᠮᠠᠩᠯᠠᠢ᠌ᠯᠠᠪᠠ; ᠡᠮᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ 6 ᠰᠠᠷ᠎ᠠ ᠵᠢᠨ 29᠎ᠤ ᠡᠳᠦᠷ ᠳᠠᠭᠤᠰᠴᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠡᠮᠡᠭᠲᠡᠢ ᠵᠢᠨ ᠳᠤᠭᠤᠢ᠌ᠯᠠᠩ ᠠᠪᠢᠶᠠᠰ ᠴᠢᠳᠠᠪᠤᠷᠢ᠎ᠪᠠᠨ ᠪᠠᠳᠠᠷᠠᠭᠤᠯᠤᠨ ᠰᠡᠳᠬᠢᠯ ᠰᠠᠨᠠᠭ᠎ᠠ᠎ᠪᠠᠨ ᠨᠢᠭᠡᠳᠭᠡᠨ ᠴᠢᠷᠮᠠᠢ᠌ᠵᠤ᠂ ᠪᠤᠰᠤᠳ ᠳᠤᠭᠤᠢ᠌ᠯᠠᠩ᠎ᠢ ᠢᠯᠠᠵᠤ᠂ ᠮᠠᠩᠯᠠᠢ᠎ᠳᠤ ᠲᠣᠳᠤᠷᠠᠪᠠ᠃

ᠲᠤᠰ ᠬᠤᠭᠤᠴᠠᠭ᠋ᠠᠨ᠎ᠤ ᠤᠶᠤᠲᠠᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠢ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠂ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠡᠮᠡᠭᠲᠡᠢ ᠵᠢᠨ ᠳᠤᠭᠤᠶ᠋ᠢᠯᠠᠩ᠂ ᠵᠢᠩᠬᠢᠨᠢ ᠠᠩᠭᠢ ᠵᠢᠨ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠂ ᠵᠢᠩᠬᠢᠨᠢ ᠠᠩᠭᠢ ᠵᠢᠨ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠡᠰ᠎ᠠᠴᠠ ᠳᠠᠪᠠᠭᠰᠠᠨ ᠡᠷᠡᠭᠲᠡᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠡᠰ᠎ᠠᠴᠠ ᠳᠠᠪᠠᠭᠰᠠᠨ ᠡᠮᠡᠭᠲᠡᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠢ ᠵᠢᠨ ᠳᠤᠭᠤᠶ᠋ᠢᠯᠠᠩ ᠭᠡᠵᠦ 8 ᠳᠤᠭᠤᠶ᠋ᠢᠯᠠᠩ ᠬᠤᠪᠢᠶᠠᠵᠤ᠂ 5 ᠳ᠋ᠤᠭ᠋ᠠᠷ ᠰᠠᠷ᠎ᠠ ᠵᠢᠨ 23 ᠤ ᠡᠳᠦᠷ ᠤᠷᠤᠯᠳᠤᠭ᠋ᠠᠨ ᠡᠬᠢᠯᠡᠭᠰᠡᠨ᠎ᠠᠴᠠ ᠨᠠᠭ᠋ᠠᠰᠢ᠂ 65 ᠳᠤᠭᠤᠢ᠌ᠯᠠᠩ᠂ 1329 ᠲᠠᠮᠢᠷᠴᠢᠨ ᠣᠷᠣᠯᠴᠠᠵᠤ᠂ 20 ᠤᠷᠤᠯᠳᠤᠭ᠋ᠠᠨ᠎ᠤ ᠡᠳᠦᠷ᠎ᠲᠤ 148 ᠲᠠᠯᠠᠪᠤᠷ ᠤᠷᠤᠯᠳᠤᠭ᠋ᠠᠨ᠎ᠢ ᠥᠷᠨᠢᠭᠦᠯᠪᠡ᠃ ᠵᠢᠩᠬᠢᠨᠢ ᠠᠩᠭᠢ ᠵᠢᠨ ᠳᠡᠰ᠎ᠠᠴᠠ ᠳᠠᠪᠠᠭᠰᠠᠨ ᠳᠤᠭᠤᠶ᠋ᠢᠯᠠᠩ᠎ᠤᠨ ᠤᠷᠤᠯᠳᠤᠭ᠋ᠠᠨ ᠪᠣᠯ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠤ ᠬᠠᠮᠤᠭ᠎ᠤᠨ ᠳᠡᠭᠡᠳᠦ ᠳᠡᠰ᠎ᠤᠨ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠤᠶᠤᠲᠠᠳ᠎ᠤᠨ ᠬᠥᠯ ᠪᠥᠮᠪᠦᠭᠡᠨ᠎ᠤ ᠬᠥᠳᠡᠯᠭᠡᠭᠡᠨ᠎ᠢ ᠡᠷᠬᠢᠮᠯᠡᠨ ᠬᠦᠨᠳᠦᠳᠭᠡᠬᠦ ᠪᠠ ᠡᠷᠡᠮᠡᠬᠡᠢ᠌ᠯᠡᠨ ᠲᠡᠮᠡᠴᠡᠬᠦ ᠵᠠᠯᠠᠭᠤ ᠨᠠᠰᠤᠨ᠎ᠤ ᠴᠣᠭ ᠵᠢᠪᠬᠤᠭ᠎ᠠ ᠵᠢ ᠢᠯᠡᠷᠡᠭᠦᠯᠪᠡ᠃