ᠣᠶ᠋ᠢᠷ᠎ᠠ᠎ᠳᠤ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠴᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠢ᠌ᠯᠠᠩ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ ᠥᠨᠳᠥᠷᠯᠡᠪᠡ᠃


7 ᠡᠳᠦᠷ᠎ᠤᠨ ᠤᠷᠤᠯᠳᠤᠭ᠋ᠠᠨ᠎ᠳᠤ᠂ ᠪᠦᠬᠦ ᠣᠷᠣᠨ᠎ᠤ 15 ᠡᠷᠡᠭᠲᠡᠢ᠂ ᠡᠮᠡᠭᠲᠡᠢ ᠵᠢᠨ ᠲᠥᠯᠥᠭᠡᠯᠡᠭᠴᠢᠳ᠎ᠤᠨ ᠠᠩᠭᠢ ᠵᠢᠨ 300 ᠭᠠᠷᠤᠢ ᠰᠤᠷᠤᠭᠴᠢ ᠲᠠᠮᠢᠷᠴᠢᠨ ᠪᠠ ᠰᠤᠷᠭ᠋ᠠᠭᠴᠢ ᠤᠷᠤᠯᠳᠤᠭ᠋ᠠᠨ᠎ᠳᠤ ᠣᠷᠣᠯᠴᠠᠵᠠᠢ᠃

ᠲᠦᠩᠯᠢᠶᠣᠤ ᠬᠣᠲᠠ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ
ᠲᠥᠯᠥᠭᠡᠯᠡᠭᠴᠢᠳ᠎ᠤᠨ ᠠᠩᠭᠢ ᠡᠷᠡᠭᠲᠡᠢ ᠵᠢᠨ ᠳᠤᠭᠤᠶ᠋ᠢᠯᠠᠩ᠎ᠳᠤ ᠮᠠᠩᠯᠠᠢ᠌ᠯᠠᠪᠠ

ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠠᠵᠢᠯ ᠮᠡᠷᠭᠡᠵᠢᠯ᠎ᠤᠨ ᠳᠡᠭᠡᠳᠦ
ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠠᠩᠬᠢ
ᠡᠷᠡᠭᠲᠡᠢ ᠵᠢᠨ ᠳᠤᠭᠤᠶ᠋ᠢᠯᠠᠩ᠎ᠳᠤ ᠳᠡᠳ᠋ᠯᠡᠪᠡ

ᠬᠥᠯᠥᠨ ᠪᠤᠶ᠋ᠢᠷ ᠬᠣᠲᠠ ᠵᠢᠨ ᠮᠠᠨᠵᠤᠤᠷ ᠬᠣᠲᠠ ᠵᠢᠨ ᠳᠤᠮᠳᠠ ᠵᠡᠷᠭᠡ ᠵᠢᠨ ᠠᠵᠢᠯ
ᠮᠡᠷᠭᠡᠵᠢᠯ᠎ᠤᠨ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠠᠩᠭᠢ ᠡᠷᠡᠭᠲᠡᠢ ᠵᠢᠨ
ᠳᠤᠭᠤᠶ᠋ᠢᠯᠠᠩ᠎ᠤᠨ ᠭᠤᠲᠠᠭ᠋ᠠᠷ᠎ᠲᠤ ᠲᠣᠳᠣᠷᠠᠪᠠ

ᠲᠦᠩᠯᠢᠶᠣᠤ ᠬᠣᠲᠠ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ
ᠲᠥᠯᠥᠭᠡᠯᠡᠭᠴᠢᠳ᠎ᠤᠨ ᠠᠩᠭᠢ ᠡᠮᠡᠭᠲᠡᠢ ᠵᠢᠨ ᠳᠤᠭᠤᠶ᠋ᠢᠯᠠᠩ᠎ᠳᠤ ᠮᠠᠩᠯᠠᠶ᠋ᠢᠯᠠᠪᠠ

ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ
ᠲᠥᠯᠥᠭᠡᠯᠡᠭᠴᠢᠳ᠎ᠤᠨ ᠠᠩᠭᠢ ᠡᠮᠡᠭᠲᠡᠢ ᠵᠢᠨ ᠳᠤᠭᠤᠶ᠋ᠢᠯᠠᠩ᠎ᠳᠤ ᠳᠡᠳ᠋ᠯᠡᠪᠡ

ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠳᠤᠮᠳᠠ ᠵᠡᠷᠭᠡ ᠵᠢᠨ ᠠᠵᠢᠯ
ᠮᠡᠷᠭᠡᠵᠢᠯ᠎ᠤᠨ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠠᠩᠭᠢ ᠡᠮᠡᠭᠲᠡᠢ ᠵᠢᠨ
ᠳᠤᠭᠤᠶ᠋ᠢᠯᠠᠩ᠎ᠤᠨ ᠭᠤᠲᠠᠭ᠋ᠠᠷ᠎ᠲᠤ ᠲᠣᠳᠤᠷᠠᠪᠠ
ᠴᠡᠯ ᠨᠣᠭᠣᠭ᠋ᠠᠨ ᠵᠦᠯᠭᠡᠨ ᠳᠡᠭᠡᠷ᠎ᠡ᠂ ᠤᠷᠤᠯᠳᠤᠭ᠋ᠠᠨ᠎ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠰᠡᠳᠬᠢᠯ ᠨᠢᠭᠡᠳᠦᠨ ᠡᠷᠡᠮᠡᠬᠡᠢ᠌ᠯᠡᠨ ᠮᠥᠷᠦᠢ᠌ᠴᠡᠵᠦ᠂ 39 ᠲᠠᠯᠠᠪᠤᠷ ᠤᠳᠠᠭ᠎ᠠ ᠵᠢᠨ ᠬᠤᠷᠴᠠ ᠰᠢᠷᠦᠭᠦᠨ ᠮᠥᠷᠦᠢ᠌ᠴᠡᠯᠳᠦᠭᠡᠨ ᠵᠶ᠋ᠠᠷ ᠳᠠᠮᠵᠢᠨ᠂ ᠡᠴᠦᠰ᠎ᠲᠤ ᠪᠠᠨ ᠲᠦᠩᠯᠢᠶᠣᠤ ᠬᠣᠲᠠ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠷᠡᠭᠲᠡᠢ᠂ ᠡᠮᠡᠭᠲᠡᠢ ᠵᠢᠨ ᠲᠥᠯᠥᠭᠡᠯᠡᠭᠴᠢᠳ᠎ᠤᠨ ᠠᠩᠭᠢ ᠵᠢᠨ᠎ᠬᠢᠨ ᠬᠣᠶᠠᠷ ᠳᠤᠭᠤᠶ᠋ᠢᠯᠠᠩ᠎ᠳᠤ ᠮᠠᠩᠯᠠᠢ᠌ᠯᠠᠵᠤ᠂ ᠲᠡᠷᠢᠭᠦᠨ ᠱᠠᠩᠨᠠᠯ᠎ᠤᠨ ᠬᠤᠨᠳᠠᠭ᠎ᠠ ᠵᠢ ᠲᠣᠰᠤᠭᠰᠠᠨ ᠪᠠᠶ᠋ᠢᠨ᠎ᠠ᠃ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠠᠵᠢᠯ ᠮᠡᠷᠭᠡᠵᠢᠯ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠬᠥᠯᠥᠨ ᠪᠤᠶ᠋ᠢᠷ ᠬᠣᠲᠠ ᠵᠢᠨ ᠮᠠᠨᠵᠤᠤᠷ ᠬᠣᠲᠠ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠤᠰ ᠲᠤᠰ ᠡᠷᠡᠭᠲᠡᠢ ᠵᠢᠨ ᠳᠤᠭᠤᠶ᠋ᠢᠯᠠᠩ᠎ᠤᠨ ᠳᠡᠳ᠋ ᠪᠠ ᠭᠤᠲᠠᠭ᠋ᠠᠷ᠎ᠲᠤ ᠣᠷᠣᠵᠤ᠂ ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠤᠰ ᠲᠤᠰ ᠡᠮᠡᠭᠲᠡᠢ ᠵᠢᠨ ᠳᠤᠭᠤᠶ᠋ᠢᠯᠠᠩ᠎ᠤᠨ ᠳᠡᠳ᠋ ᠪᠠ ᠭᠤᠳᠠᠭ᠋ᠠᠷ᠎ᠲᠤ ᠣᠷᠣᠪᠠ᠃
ᠡᠨᠡ ᠤᠳᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠬᠡᠷᠡᠭᠵᠢᠭᠦᠯᠵᠦ᠂ ᠬᠢᠩᠭ᠋ᠠᠨ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠳᠠᠭ᠋ᠠᠭ᠋ᠠᠴᠢᠯᠠᠨ ᠡᠷᠬᠢᠯᠡᠵᠦ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠠᠮᠵᠢᠨ ᠡᠷᠬᠢᠯᠡᠪᠡ᠃