ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》 ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠥᠨᠳᠦᠷᠯᠡᠪᠡ
ᠨᠡᠶ᠋ᠢᠲᠡᠯᠡᠭᠰᠡᠨ ᠴᠠᠭ᠄ 2024-08-28

      ᠣᠶ᠋ᠢᠷ᠎ᠠ ᠵᠢᠨ ᠡᠳᠦᠷ᠂ 6 ᠡᠳᠦᠷ ᠶᠠᠪᠤᠭᠳᠠᠭᠰᠠᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》 ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ ᠬᠥᠬᠡᠬᠣᠲᠠ᠎ᠳᠤ ᠥᠨᠳᠥᠷᠯᠡᠪᠡ᠃


1.webp.png

2.webp.png


                ᠤᠷᠤᠯᠳᠤᠭ᠋ᠠᠨ᠎ᠤ ᠠᠬᠤᠢ ᠲᠠᠯᠠᠪᠠᠢ


       ᠡᠨᠡ ᠤᠳᠠᠭ᠋ᠠᠨ᠎ᠤ ᠬᠣᠯᠪᠣᠭ᠋ᠠᠲᠤ ᠤᠷᠤᠯᠳᠤᠭ᠋ᠠᠨ᠎ᠳᠤ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ᠎ᠠᠴᠠ ᠢᠷᠡᠭᠰᠡᠨ 32  ᠠᠩᠭᠢ ᠵᠢᠨ 600 ᠰᠢᠬᠠᠮ ᠵᠠᠯᠠᠭᠤᠴᠤᠳ ᠪᠠᠭ᠋ᠠᠴᠤᠳ ᠲᠠᠮᠢᠷᠴᠢᠨ ᠣᠷᠣᠯᠴᠠᠵᠤ᠂ ᠪᠠᠭ᠎ᠠ ᠰᠤᠷᠭ᠋ᠠᠭᠤᠯᠢ ᠵᠢᠨ ᠡᠷᠡᠭᠲᠡᠢ᠂ ᠡᠮᠡᠭᠲᠡᠢ ᠵᠢᠨ ᠬᠥᠬᠡ᠂ ᠬᠥᠬᠡᠭᠴᠢᠨ᠂ ᠤᠯᠠᠭ᠋ᠠᠨ ᠳᠤᠭᠤᠶ᠋ᠢᠯᠠᠩ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠢ᠂ ᠡᠮᠡᠭᠲᠡᠢ ᠵᠢᠨ ᠳᠤᠭᠤᠶ᠋ᠢᠯᠠᠩ ᠭᠡᠵᠦ 8 ᠳᠤᠭᠤᠶ᠋ᠢᠯᠠᠩ ᠬᠤᠪᠢᠶᠠᠵᠤ᠂ ᠵᠠᠭᠤ ᠰᠢᠬᠠᠮ ᠲᠠᠯᠠᠪᠤᠷ ᠰᠢᠷᠦᠭᠦᠨ ᠮᠥᠷᠦᠢ᠌ᠴᠡᠭᠡᠨ ᠶᠠᠪᠤᠭᠤᠯᠪᠠ᠃ ᠬᠤᠷᠴᠠ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠬᠥᠬᠡᠬᠣᠲᠠ ᠵᠢᠨ ᠲᠥᠯᠥᠭᠡᠯᠡᠭᠴᠢᠳ᠎ᠤᠨ ᠠᠩᠭᠢ ᠭᠠᠷᠮᠠᠭ᠋ᠠᠢ ᠢᠯᠡᠷᠡᠯ ᠵᠶ᠋ᠠᠷ ᠪᠠᠭ᠎ᠠ ᠰᠤᠷᠭ᠋ᠠᠭᠤᠯᠢ ᠵᠢᠨ ᠡᠷᠡᠭᠲᠡᠢ᠂ ᠡᠮᠡᠭᠲᠡᠢ ᠵᠢᠨ ᠡᠯ᠎ᠡ ᠨᠠᠰᠤᠨ᠎ᠤ ᠳᠤᠭᠤᠶ᠋ᠢᠯᠠᠩ ᠵᠢᠴᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠷᠡᠭᠲᠡᠢ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ᠎ᠳᠤ ᠲᠣᠳᠤᠷᠠᠪᠠ᠃ ᠡᠭᠦᠨ᠎ᠠᠴᠠ ᠭᠠᠳᠠᠨ᠎ᠠ᠂ ᠬᠣᠯᠪᠣᠭ᠋ᠠᠲᠤ ᠤᠷᠤᠯᠳᠤᠭ᠋ᠠᠨ᠎ᠳᠤ ᠪᠠᠰᠠ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ᠂ ᠪᠡᠶ᠎ᠡ ᠵᠢᠨ ᠲᠠᠮᠢᠷ᠎ᠤᠨ ᠶᠣᠰᠣ ᠮᠣᠷᠠᠯ ᠬᠡᠪ ᠰᠤᠷᠲᠠᠯ᠎ᠤᠨ ᠱᠠᠩᠨᠠᠯ᠂ ᠬᠠᠮᠤᠭ᠎ᠤᠨ ᠰᠢᠯᠢᠳᠡᠭ ᠬᠠᠷᠪᠤᠭᠴᠢ᠂ ᠰᠢᠯᠢᠳᠡᠭ ᠬᠢᠨᠠᠭᠴᠢ᠂ ᠰᠢᠯᠢᠳᠡᠭ ᠰᠤᠷᠭ᠋ᠠᠭᠴᠢ᠂ ᠰᠢᠯᠢᠳᠡᠭ ᠲᠠᠮᠢᠷᠴᠢᠨ᠂ ᠪᠦᠬᠦ ᠣᠳᠣ ᠵᠢᠨ ᠤᠷᠤᠯᠳᠤᠭ᠋ᠠᠨ᠎ᠤ ᠲᠠᠮᠢᠷᠴᠢᠨ᠂ ᠰᠣᠨᠢᠷᠬᠠᠯᠲᠤ ᠠᠵᠢᠯᠯᠠᠭ᠋ᠠᠨ᠎ᠤ ᠤᠷᠤᠯᠳᠤᠭ᠋ᠠᠨ ᠵᠡᠷᠭᠡ ᠣᠯᠠᠨ ᠲᠥᠷᠥᠯ᠎ᠤᠨ ᠱᠠᠩᠨᠠᠯ᠎ᠢ ᠣᠯᠭᠣᠵᠤ᠂ ᠤᠷᠤᠯᠳᠤᠭ᠋ᠠᠨ᠎ᠤ ᠶᠠᠪᠤᠴᠠ᠎ᠳᠤ ᠲᠣᠪᠣᠶ᠋ᠢᠮ᠎ᠠ ᠬᠤᠪᠢ ᠬᠥᠮᠦᠨ ᠪᠠ ᠬᠠᠮᠲᠤ ᠨᠡᠶ᠋ᠢᠲᠡ ᠵᠢ ᠬᠥᠬᠢᠭᠦᠯᠦᠨ ᠰᠠᠶ᠋ᠢᠰᠢᠶᠠᠪᠠ᠃


3.png

4.png

                ᠡᠯ᠎ᠡ ᠳᠤᠭᠤᠶ᠋ᠢᠯᠠᠩ᠎ᠤᠨ ᠮᠠᠩᠯᠠᠢ᠎ᠳᠤ ᠱᠠᠩᠨᠠᠯ ᠭᠠᠷᠳᠠᠭᠤᠯᠵᠤ ᠪᠠᠢ᠌ᠭ᠎ᠠ᠎ᠨᠢ


      ᠤᠷᠤᠯᠳᠤᠭ᠋ᠠᠨ ᠥᠨᠳᠦᠷᠯᠡᠬᠦ ᠶᠣᠰᠣᠯᠠᠯ ᠳᠡᠭᠡᠷ᠎ᠡ᠂ ᠳᠥᠷᠪᠡᠨ ᠬᠣᠲᠠ ᠵᠢᠨ ᠲᠥᠯᠥᠭᠡᠯᠡᠭᠴᠢᠳ᠎ᠤᠨ ᠠᠩᠭᠢ ᠦᠵᠡᠭᠴᠢᠳ᠎ᠲᠤ ᠭᠣᠶ᠋ᠢᠳᠠ ᠰᠠᠶ᠋ᠢᠬᠠᠨ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠭᠰᠠᠨ᠎ᠤ ᠬᠠᠮᠲᠤ ᠲᠤᠭ ᠲᠤᠰᠢᠶᠠᠬᠤ ᠶᠣᠰᠣᠯᠠᠯ ᠶᠠᠪᠤᠭᠤᠯᠤᠭᠰᠠᠨ᠎ᠨᠢ ᠳᠠᠷᠠᠭ᠎ᠠ ᠬᠤᠭᠤᠴᠠᠭ᠋ᠠᠨ᠎ᠤ ᠬᠣᠯᠪᠣᠭ᠋ᠠᠲᠤ ᠤᠷᠤᠯᠳᠤᠭ᠋ᠠᠨ ᠤᠯᠠᠭ᠋ᠠᠨᠴᠠᠪ ᠬᠣᠲᠠ᠎ᠳᠤ ᠶᠠᠪᠤᠭᠳᠠᠬᠤ ᠵᠢ ᠪᠡᠯᠭᠡᠳᠡᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠣᠷᠢᠭ ᠰᠠᠨᠠᠭ᠎ᠠ ᠵᠢ ᠦᠷᠭᠦᠯᠵᠢᠯᠡᠨ ᠤᠯᠠᠮᠵᠢᠯᠠᠨ ᠪᠠᠳᠠᠷᠠᠭᠤᠯᠬᠤ ᠪᠣᠯᠤᠨ᠎ᠠ᠃


5.png


                ᠤᠷᠠᠨ ᠰᠠᠶ᠋ᠢᠬᠠᠨ᠎ᠤ ᠲᠣᠭᠯᠠᠯᠲᠠ
       
      ᠡᠨᠡ ᠤᠳᠠᠭ᠋ᠠᠨ᠎ᠤ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》 ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠲᠥᠯᠥᠪᠵᠢᠭᠦᠯᠭᠡ》 ᠵᠢ ᠬᠡᠷᠡᠭᠵᠢᠭᠦᠯᠬᠦ ᠵᠢ ᠢᠳᠡᠪᠬᠢᠲᠡᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃ ᠡᠭᠦᠨ᠎ᠤ ᠬᠠᠮᠲᠤ ᠪᠠᠰᠠ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠥᠷᠭᠡᠨ ᠣᠯᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ᠎ᠳᠤ ᠥᠪᠡᠷ᠎ᠢ᠎ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ ᠲᠠᠪᠴᠠᠩ ᠬᠠᠩᠭ᠋ᠠᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号