ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠪᠦᠰᠡ ᠨᠢᠭᠡ ᠵᠠᠮ》 ᠳᠤᠮᠳᠠᠳᠤ ᠣᠷᠣᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠵᠤᠰᠠᠯᠠᠩ ᠡᠬᠢᠯᠡᠪᠡ
ᠨᠡᠶ᠋ᠢᠲᠡᠯᠡᠭᠰᠡᠨ ᠴᠠᠭ᠄ 2024-08-30

      ᠳᠤᠮᠳᠠᠳᠤ ᠣᠷᠣᠰ᠂ ᠳᠤᠮᠳᠠᠳᠤ ᠮᠣᠩᠭᠣᠯ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠣᠢ ᠵᠢᠨ ᠲᠠᠰᠢᠷᠠᠮ ᠵᠶ᠋ᠠᠷ᠂ ᠣᠶ᠋ᠢᠷ᠎ᠠ᠎ᠳᠤ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠪᠦᠰᠡ ᠨᠢᠭᠡ ᠵᠠᠮ》᠎ᠤᠨ ᠳᠤᠮᠳᠠᠳᠤ ᠣᠷᠣᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ  ᠪᠥᠮᠪᠦᠭᠡᠨ᠎ᠤ ᠵᠤᠰᠠᠯᠠᠩ ᠮᠠᠨᠵᠤᠤᠷ ᠬᠣᠲᠠ᠎ᠳᠤ ᠡᠬᠢᠯᠡᠪᠡ᠃

   

1.webp.png


       ᠠᠵᠢᠯᠯᠠᠭ᠋ᠠᠨ᠎ᠤ ᠭᠣᠣᠯ ᠰᠡᠳᠦᠪ ᠪᠣᠯ 《ᠵᠠᠯᠠᠭᠤ ᠨᠠᠰᠤᠨ᠎ᠳᠤ᠎ᠪᠠᠨ ᠴᠤᠭᠯᠠᠷᠠᠵᠤ᠂ ᠪᠥᠮᠪᠥᠭᠡ᠎ᠪᠠᠷ ᠨᠥᠬᠥᠷᠯᠡᠯ᠎ᠢ ᠵᠤᠵᠠᠭ᠋ᠠᠳᠬᠠᠨ᠂ ᠤᠮᠠᠷᠠᠲᠤ ᠬᠢᠯᠢ ᠵᠢ ᠨᠡᠭᠡᠭᠡᠵᠦ᠂ ᠬᠠᠷᠢᠯᠴᠠᠨ ᠠᠬᠢᠭᠤᠯᠵᠤ ᠬᠠᠮᠲᠤ᠎ᠳᠤ᠎ᠪᠠᠨ ᠤᠷᠤᠭᠰᠢᠯᠠᠬᠤ》 ᠪᠣᠯᠤᠨ᠎ᠠ᠃ ᠡᠨᠡ ᠪᠣᠯ 4 ᠵᠢᠯ ᠠᠯᠤᠰᠯᠠᠨ᠂ ᠡᠨᠡ ᠬᠦ᠌ ᠬᠥᠯ ᠪᠥᠮᠪᠦᠭᠡᠨ᠎ᠤ ᠵᠤᠰᠠᠯᠠᠩ᠎ᠢ ᠮᠠᠨᠵᠤᠤᠷ ᠬᠣᠲᠠ᠎ᠳᠤ ᠳᠠᠬᠢᠨᠲᠠ ᠡᠷᠬᠢᠯᠡᠵᠦ ᠪᠠᠢ᠌ᠭ᠎ᠠ ᠶᠠᠪᠤᠳᠠᠯ ᠪᠣᠯᠤᠨ᠎ᠠ᠃ ᠡᠨᠡ ᠤᠳᠠᠭ᠋ᠠᠨ᠎ᠤ ᠬᠥᠯ ᠪᠥᠮᠪᠦᠭᠡᠨ᠎ᠤ ᠵᠤᠰᠠᠯᠠᠩ᠎ᠤᠨ ᠤᠷᠤᠯᠳᠤᠭ᠋ᠠᠨ᠎ᠤ ᠣᠷᠣᠯᠴᠠᠬᠤ ᠬᠡᠪᠴᠢᠶ᠎ᠡ ᠵᠢ ᠣᠷᠣᠰ᠎ᠤᠨ ᠬᠣᠯᠪᠣᠭ᠋ᠠᠨ᠎ᠤ ᠴᠢᠲ᠋ᠠ ᠬᠤᠳᠠ᠂ ᠤᠯᠠᠭ᠋ᠠᠨᠨᠤᠳᠠ ᠬᠤᠳᠠ᠂ ᠢᠷᠺᠦ᠋ᠼᠺ ᠬᠣᠲᠠ ᠬᠦᠷᠲᠡᠯ᠎ᠡ ᠥᠷᠭᠡᠳᠭᠡᠵᠦ᠂ ᠮᠣᠩᠭᠣᠯ ᠤᠯᠤᠰ᠎ᠤᠨ ᠡᠷᠳᠡᠨᠢᠲᠦ ᠬᠣᠲᠠ ᠵᠢᠴᠢ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠡᠷᠭᠡ 11 ᠬᠥᠷᠰᠢ ᠵᠡᠷᠭᠡᠯᠡᠳᠡᠭᠡ ᠭᠠᠵᠠᠷ ᠣᠷᠣᠨ᠎ᠤ 16 ᠤᠷᠤᠯᠳᠤᠭ᠋ᠠᠨ᠎ᠳᠤ ᠣᠷᠣᠯᠴᠠᠬᠤ ᠠᠩᠭᠢ ᠵᠢᠨ 300 ᠭᠠᠷᠤᠢ ᠲᠠᠮᠢᠷᠴᠢᠨ ᠣᠷᠣᠯᠴᠠᠵᠠᠢ᠃ ᠤᠷᠤᠯᠳᠤᠭ᠋ᠠᠨ᠎ᠤ ᠲᠥᠷᠥᠯ ᠵᠦᠢ᠍ᠯ᠎ᠤᠨ ᠰᠢᠨ᠎ᠡ ᠵᠢ ᠡᠭᠦᠳᠬᠦ ᠠᠷᠪᠠᠨ ᠨᠢᠭᠡᠨ ᠬᠥᠮᠦᠨ᠎ᠤ ᠳᠦᠷᠢᠮᠲᠦ ᠬᠥᠯ ᠪᠥᠮᠪᠦᠭᠡᠨ᠎ᠤ ᠨᠥᠬᠥᠷᠯᠡᠯ᠎ᠤᠨ ᠤᠷᠤᠯᠳᠤᠭ᠋ᠠᠨ ᠪᠠ 《ᠬᠥᠭᠵᠢᠶᠡᠨᠲᠦ ᠬᠥᠯ ᠪᠥᠮᠪᠥᠭᠡ》 ᠵᠢᠨ ᠪᠦᠵᠢᠭᠲᠦ ᠵᠢᠭᠰᠠᠭ᠋ᠠᠯ᠎ᠤᠨ ᠬᠡᠰᠡᠭ᠎ᠢ ᠳᠣᠭᠢᠷᠠᠭᠤᠯᠵᠤ᠂ ᠠᠵᠢᠯᠯᠠᠭᠴᠢ ᠵᠢᠨ ᠬᠥᠯ ᠪᠥᠮᠪᠦᠭᠡᠨ᠎ᠤ ᠬᠥᠳᠡᠯᠭᠡᠭᠡᠨ᠎ᠤ ᠤᠷ᠎ᠠ ᠴᠢᠳᠠᠪᠤᠷᠢ ᠵᠢ ᠭᠠᠢ᠌ᠬᠠᠭᠤᠯᠤᠭᠰᠠᠨ ᠵᠶ᠋ᠠᠷ ᠪᠠᠷᠠᠬᠤ ᠦᠭᠡᠢ ᠪᠠᠰᠠ ᠤᠯᠤᠰ ᠠᠯᠤᠰᠯᠠᠭᠰᠠᠨ ᠪᠤᠶᠤ ᠭᠠᠵᠠᠷ ᠣᠷᠣᠨ ᠠᠯᠤᠰᠯᠠᠭᠰᠠᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠣᠶᠣᠯ᠎ᠢ ᠰᠣᠯᠢᠯᠴᠠᠵᠤ ᠲᠣᠯᠢᠯᠠᠭᠤᠯᠪᠠ᠃ ᠠᠵᠢᠯᠯᠠᠭ᠋ᠠᠨ᠎ᠤ ᠠᠭᠤᠯᠭ᠎ᠠ᠎ᠳᠤ ᠰᠣᠶᠣᠯ᠎ᠤᠨ ᠰᠤᠳᠤᠯᠤᠨ ᠰᠤᠷᠤᠯᠴᠠᠬᠤ ᠰᠣᠯᠢᠯᠴᠠᠭ᠋ᠠᠨ᠎ᠤ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠰᠡᠨ᠎ᠨᠢ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠠᠯᠠᠭᠤᠴᠤᠳ ᠪᠠᠭ᠋ᠠᠴᠤᠳ᠎ᠲᠤ ᠬᠥᠯ ᠪᠥᠮᠪᠦᠭᠡᠨ᠎ᠤ ᠰᠣᠶᠣᠯ ᠵᠶ᠋ᠠᠷ ᠬᠣᠯᠪᠣᠭ᠋ᠠᠰᠤ ᠪᠣᠯᠭ᠋ᠠᠭᠰᠠᠨ ᠰᠣᠯᠢᠯᠴᠠᠭ᠋ᠠᠨ᠎ᠤ ᠲᠠᠪᠴᠠᠩ ᠪᠠᠶ᠋ᠢᠭᠤᠯᠤᠨ ᠥᠭᠴᠦ᠂ ᠠᠵᠢᠯᠯᠠᠭᠴᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠶᠠᠪᠤᠴᠠ᠎ᠳᠤ ᠠᠭᠤᠰᠤᠯᠴᠠᠨ ᠲᠣᠯᠢᠯᠠᠵᠤ᠂ ᠪᠡᠶ᠎ᠡ ᠮᠠᠬᠠᠪᠣᠳ  ᠵᠶ᠋ᠠᠨ ᠪᠣᠯᠪᠠᠰᠤᠷᠠᠭᠤᠯᠬᠤ ᠵᠢᠨ ᠬᠠᠮᠲᠤ ᠬᠥᠯ ᠪᠥᠮᠪᠦᠭᠡᠨ᠎ᠤ ᠬᠥᠳᠡᠯᠭᠡᠭᠡᠨ᠎ᠤ ᠪᠠᠶᠠᠷ ᠪᠠᠶᠠᠰᠤᠯ᠎ᠢ ᠭᠦᠢ᠍ᠴᠡᠳ ᠬᠤᠪᠢᠶᠠᠯᠴᠠᠪᠠ᠃

   

2.webp.png

3.webp.png

4.webp.png


       ᠮᠠᠨᠵᠤᠤᠷ ᠬᠣᠲᠠ ᠵᠢᠨ ᠲᠥᠯᠥᠭᠡᠯᠡᠭᠴᠢᠳ᠎ᠤᠨ ᠠᠩᠭᠢ ᠪᠣᠯᠤᠨ ᠮᠣᠩᠭᠣᠯ ᠤᠯᠤᠰ᠎ᠤᠨ ᠡᠷᠳᠡᠨᠢᠲᠦ ᠬᠣᠲᠠ ᠵᠢᠨ ᠲᠥᠯᠥᠭᠡᠯᠡᠭᠴᠢᠳ᠎ᠤᠨ ᠠᠩᠭᠢ ᠵᠢᠨ ᠣᠷᠭᠢᠯᠤᠮ᠎ᠠ ᠰᠡᠳᠬᠢᠯᠭᠡᠲᠦ ᠬᠥᠰᠢᠭᠡ ᠰᠡᠬᠦᠬᠦ ᠤᠷᠤᠯᠳᠤᠭ᠋ᠠᠨ᠎ᠢ ᠳᠠᠭ᠋ᠠᠯᠳᠤᠨ 5 ᠡᠳᠦᠷ᠎ᠤᠨ ᠬᠤᠭᠤᠴᠠᠭ᠎ᠠ᠎ᠲᠠᠢ ᠬᠥᠯ ᠪᠥᠮᠪᠦᠭᠡᠨ᠎ᠤ ᠵᠤᠰᠠᠯᠠᠩ ᠵᠢᠩᠬᠢᠨᠢ᠎ᠪᠠᠷ ᠡᠬᠢᠯᠡᠪᠡ᠃ ᠳᠤᠮᠳᠠᠳᠤ ᠣᠷᠣᠰ ᠮᠣᠩᠭᠣᠯ ᠭᠤᠷᠪᠠᠨ ᠤᠯᠤᠰ ᠎ᠤᠨ ᠵᠠᠯᠠᠭᠤᠴᠤᠳ ᠪᠠᠭ᠋ᠠᠴᠤᠳ ᠬᠠᠮᠲᠤᠷᠠᠨ ᠭᠣᠶ᠋ᠢᠳᠠ ᠰᠠᠶ᠋ᠢᠬᠠᠨ ᠰᠣᠶᠣᠯ ᠤᠷᠠᠯᠢᠭ᠎ᠤᠨ ᠰᠣᠯᠢᠯᠴᠠᠭ᠋ᠠᠨ᠎ᠤ ᠲᠣᠭᠯᠠᠯᠲᠠ ᠭᠠᠷᠭ᠋ᠠᠵᠤ᠂ ᠤᠯᠠᠮᠵᠢᠯᠠᠯᠲᠤ ᠰᠢ ᠲᠠᠭᠤᠤᠷᠢᠯᠢᠭ᠎ᠤᠨ ᠲᠣᠭᠯᠠᠯᠲᠠ 《ᠱᠥᠸᠧ ᠴᠠᠩ ᠯᠢᠶᠠᠨ ᠫᠦ᠋》᠂ ᠠᠮᠢᠵᠢᠷᠠᠯ᠎ᠤᠨ ᠬᠦᠴᠦᠨ ᠪᠢᠯᠬᠠᠭᠰᠠᠨ ᠬᠥᠯ ᠪᠥᠮᠪᠦᠭᠡᠨ᠎ᠤ 《ᠬᠥᠭᠵᠢᠶᠡᠨᠲᠦ ᠪᠡᠶ᠎ᠡ ᠵᠢᠨ ᠲᠠᠮᠢᠷ》᠂ ᠮᠣᠷᠢᠨ ᠬᠤᠭᠤᠷ᠎ᠤᠨ ᠬᠠᠮ ᠬᠥᠭᠵᠢᠮ 《ᠵᠦᠢ ᠹᠧᠩ ᠵᠦ᠍ ᠷᠢ》 ᠪᠠ ᠵᠡᠪᠰᠡᠭ᠎ᠤᠨ ᠡᠷᠳᠡᠮ᠎ᠤᠨ ᠲᠣᠭᠯᠠᠯᠲᠠ 《ᠭᠦ᠋ ᠦ᠋ ᠹᠧᠢ ᠶᠠᠩ》 ᠵᠡᠷᠭᠡ ᠭᠣᠶ᠋ᠢᠳᠠ ᠰᠠᠶ᠋ᠢᠬᠠᠨ ᠲᠣᠭᠯᠠᠯᠲᠠ ᠵᠢ ᠳᠡᠯᠭᠡᠨ ᠦᠵᠡᠭᠦᠯᠵᠦ᠂ ᠨᠥᠬᠥᠷᠯᠡᠯ ᠪᠠ ᠪᠠᠶᠠᠰᠤᠯ ᠰᠣᠯᠪᠢᠴᠠᠭᠰᠠᠨ ᠬᠠᠭᠤᠳᠠᠰᠤ ᠵᠢ ᠬᠠᠮᠲᠤ᠎ᠪᠠᠷ ᠵᠣᠬᠢᠶᠠᠨ ᠪᠠᠶ᠋ᠢᠭᠤᠯᠤᠭᠰᠠᠨ ᠪᠥᠭᠡᠳ ᠳᠤᠮᠳᠠᠳᠤ ᠣᠷᠣᠰ ᠮᠣᠩᠭᠣᠯ᠎ᠤᠨ ᠤᠯᠤᠰ᠎ᠤᠨ ᠬᠣᠭᠣᠷᠣᠨᠳᠣᠬᠢ ᠤᠯᠠᠮᠵᠢᠯᠠᠯᠲᠤ ᠨᠥᠬᠥᠷᠯᠡᠯ᠎ᠢ ᠦᠷᠭᠦᠯᠵᠢᠯᠡᠭᠦᠯᠬᠦ᠎ᠳᠤ ᠨᠡᠩ ᠣᠯᠠᠨ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠪᠡ᠃

   

5.webp.png

6.webp.png

7.webp.png

8.webp.png

9.webp.png


     ᠣᠷᠣᠰ᠎ᠤᠨ ᠢᠷᠺᠦ᠋ᠼᠺ ᠵᠢᠨ ᠪᠠᠢ᠌ᠭ᠋ᠠᠯ ᠬᠥᠯ ᠪᠥᠮᠪᠦᠭᠡᠨ᠎ᠤ ᠰᠤᠷᠭ᠋ᠠᠭᠤᠯᠢ ᠵᠢᠨ ᠳᠠᠰᠢᠶᠠ᠄ 《ᠡᠨᠡ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ᠎ᠳᠤ᠎ᠪᠠᠨ ᠮᠠᠰᠢ ᠪᠠᠶᠠᠷᠯᠠᠵᠤ ᠪᠣᠢ᠂ ᠠᠩᠬ᠎ᠠ ᠤᠳᠠᠭ᠎ᠠ ᠮᠠᠨᠵᠤᠤᠷ ᠬᠣᠲᠠ ᠵᠢᠨ ᠬᠠᠯᠠᠭᠤᠨ ᠳᠤᠯᠠᠭ᠋ᠠᠨ᠎ᠢ ᠮᠡᠳᠡᠷᠡᠵᠦ᠂ ᠤᠷᠤᠯᠳᠤᠭ᠋ᠠᠨ ᠵᠶ᠋ᠠᠷ ᠳᠠᠮᠵᠢᠨ ᠮᠠᠰᠢ ᠣᠯᠠᠨ ᠳᠤᠮᠳᠠᠳᠤ ᠵᠢᠨ ᠨᠠᠶ᠋ᠢᠵᠠ᠎ᠲᠠᠢ ᠪᠣᠯᠵᠤ᠂ ᠡᠨᠳᠡᠬᠢ ᠢᠳᠡᠭᠡᠨ ᠴᠦ᠍ ᠮᠠᠰᠢ ᠠᠮᠲᠠᠲᠠᠢ᠂ ᠳᠠᠷᠠᠭ᠋ᠠᠴᠢ ᠵᠢᠨ ᠤᠷᠤᠯᠳᠤᠭ᠋ᠠᠨ᠎ᠳᠤ ᠠᠮᠵᠢᠯᠲᠠ ᠣᠯᠬᠤ ᠵᠢ ᠤᠷᠢᠳ ᠵᠶ᠋ᠠᠷ ᠵᠥᠩᠨᠡᠶ᠎ᠡ》 ᠭᠡᠪᠡ᠃ 

      

10.webp.png


     ᠵᠤᠰᠠᠯᠠᠩ᠎ᠤᠨ ᠬᠤᠭᠤᠴᠠᠭ᠋ᠠᠨ᠎ᠳᠤ᠂ ᠪᠠᠰᠠ ᠤᠯᠤᠰ᠎ᠤᠨ ᠳᠣᠲᠣᠭ᠋ᠠᠳᠤ ᠵᠢᠨ ᠠᠵᠢᠯᠯᠠᠭᠴᠢ ᠵᠢ ᠵᠣᠬᠢᠶᠠᠨ ᠪᠠᠶ᠋ᠢᠭᠤᠯᠤᠨ ᠮᠠᠨᠵᠤᠤᠷ᠎ᠤᠨ ᠤᠯᠤᠰ᠎ᠤᠨ ᠡᠭᠦᠳᠡᠨ᠎ᠤ  ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠎ᠲᠤ ᠣᠴᠢᠭᠤᠯᠵᠤ᠂ ᠬᠤᠪᠢᠰᠬᠠᠯ᠎ᠤᠨ ᠨᠢᠭᠤᠴᠠ ᠵᠠᠮ ᠬᠠᠷᠢᠯᠴᠠᠭ᠋ᠠᠨ᠎ᠤ ᠱᠤᠭᠤᠮ᠂ ᠬᠤᠪᠢᠰᠬᠠᠯ᠎ᠤᠨ ᠦᠵᠡᠭᠦᠯᠭᠡ ᠵᠢᠨ ᠲᠢᠩᠬᠢᠮ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠷᠭᠤᠭ᠋ᠠᠨ ᠶᠡᠬᠡ ᠦᠵᠡᠰᠬᠦᠯᠡᠩ᠎ᠤᠨ ᠣᠷᠳᠣᠨ》 ᠵᠡᠷᠭᠡ ᠵᠢ ᠲᠣᠭᠣᠷᠢᠨ ᠦᠵᠡᠭᠦᠯᠵᠦ᠂ ᠮᠠᠨᠵᠤᠤᠷ᠎ᠤᠨ ᠬᠤᠪᠢᠰᠬᠠᠯ᠎ᠤᠨ ᠲᠡᠦᠬᠡ ᠵᠢᠴᠢ ᠰᠣᠶᠣᠯ᠎ᠢ ᠭᠦᠨᠵᠡᠭᠡᠢ ᠣᠢ᠌ᠯᠠᠭ᠋ᠠᠭᠤᠯᠤᠭᠰᠠᠨ᠎ᠤ ᠬᠠᠮᠲᠤ ᠤᠯᠤᠰ᠎ᠤᠨ ᠭᠠᠳᠠᠭ᠋ᠠᠳᠤ ᠵᠢᠨ ᠠᠵᠢᠯᠯᠠᠭᠴᠢ ᠵᠢ ᠵᠣᠬᠢᠶᠠᠨ ᠪᠠᠶ᠋ᠢᠭᠤᠯᠤᠨ ᠮᠠᠨᠵᠤᠤᠷ ᠬᠣᠲᠠ ᠵᠢᠨ ᠮᠦᠽᠧᠢ ᠵᠢ ᠲᠣᠭᠣᠷᠢᠨ ᠦᠵᠡᠭᠦᠯᠪᠡ᠃ ᠪᠥᠬᠦ ᠡᠵᠡᠩᠨᠡᠭᠴᠢ ᠪᠠᠰᠠ ᠬᠥᠯᠥᠨ ᠨᠠᠭᠤᠷ ᠪᠠ ᠪᠠᠷᠭᠤ ᠠᠶ᠋ᠢᠮᠠᠭ᠎ᠲᠤ ᠬᠦᠷᠴᠦ᠂ ᠬᠠᠮᠲᠤ᠎ᠪᠠᠷ ᠨᠥᠬᠥᠷᠯᠡᠯ᠎ᠤᠨ ᠠᠵᠢᠯᠯᠠᠭ᠎ᠠ ᠥᠷᠨᠢᠭᠦᠯᠵᠦ᠂ ᠭᠤᠷᠪᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠦᠢ᠍ᠯᠡᠳᠦᠯᠴᠡᠬᠦ ᠪᠠ ᠰᠣᠯᠢᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ᠃
      ᠡᠨᠡ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠮᠠᠨᠵᠤᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠥᠯᠥᠨ ᠪᠤᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠳᠠᠭ᠋ᠠᠭ᠋ᠠᠴᠢᠯᠠᠨ ᠡᠷᠬᠢᠯᠡᠵᠦ᠂ ᠮᠠᠨᠵᠤᠤᠷ ᠬᠣᠲᠠ ᠵᠢᠨ ᠰᠤᠷᠭ᠋ᠠᠨ ᠬᠥᠮᠦᠵᠢᠯ ᠎ᠤᠨ ᠲᠣᠪᠴᠢᠶ᠎ᠠ᠂ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ  ᠬᠠᠮᠵᠢᠯᠴᠠᠨ ᠡᠷᠬᠢᠯᠡᠪᠡ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号