ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ (U16-U18)᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ ᠥᠨᠳᠦᠷᠯᠡᠪᠡ
ᠨᠡᠶ᠋ᠢᠲᠡᠯᠡᠭᠰᠡᠨ ᠴᠠᠭ᠄ 2024-09-23

      9 ᠰᠠᠷ᠎ᠠ ᠵᠢᠨ 20᠎ᠤ ᠡᠳᠦᠷ᠂ 6 ᠡᠳᠦᠷ᠎ᠤᠨ ᠰᠢᠷᠦᠭᠦᠨ ᠮᠥᠷᠦ᠋ᠢ᠍ᠴᠡᠭᠡᠨ ᠵᠶ᠋ᠠᠷ ᠳᠠᠮᠵᠢᠨ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ  ᠵᠢᠨ ᠳᠤᠭᠤᠶ᠋ᠢᠯᠠᠩ (U16-U18)᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠡᠷᠡᠭᠲᠡᠢ ᠵᠢᠨ ᠳᠤᠭᠤᠶ᠋ᠢᠯᠠᠩ ᠪᠠ ᠡᠮᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ ᠬᠥᠬᠡᠬᠣᠲᠠ ᠪᠠ ᠤᠯᠠᠭ᠋ᠠᠨᠬᠠᠳᠠ ᠬᠣᠲᠠ᠎ᠳᠤ ᠲᠤᠰ ᠲᠤᠰ ᠲᠡᠭᠦᠰ ᠠᠮᠵᠢᠯᠲᠠ᠎ᠲᠠᠢ ᠥᠨᠳᠦᠷᠯᠡᠪᠡ᠃ 2023 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠲᠦᠷᠦᠭᠦᠦ 12 ᠨᠡᠷ᠎ᠡ ᠪᠠ 2023 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠤ ᠡᠮᠦᠨ᠎ᠡ 4 ᠨᠡᠷ᠎ᠡ ᠵᠡᠷᠭᠡ ᠡᠷᠡᠭᠲᠡᠢ᠂ ᠡᠮᠡᠭᠲᠡᠢ ᠵᠢᠨ 32 ᠳᠤᠭᠤᠢ᠌ᠯᠠᠩ ᠤᠷᠤᠯᠳᠤᠭ᠋ᠠᠨ᠎ᠳᠤ ᠣᠷᠣᠯᠴᠠᠪᠠ᠃

   

1.jpg

2.jpg

            ᠡᠷᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ

   

3.jpg

4.jpg


            ᠡᠮᠡᠭᠲᠡᠢ ᠵᠢᠨ ᠳᠤᠭᠤᠶ᠋ᠢᠯᠠᠩ᠎ᠤᠨ ᠤᠷᠤᠯᠳᠤᠭ᠋ᠠᠨ᠎ᠤ ᠠᠬᠤᠢ ᠲᠠᠯᠠᠪᠠᠢ

   

5.jpg

6.jpg

7.jpg


            ᠡᠷᠡᠭᠲᠡᠢ ᠵᠢᠨ ᠳᠤᠭᠤᠶ᠋ᠢᠯᠠᠩ᠎ᠤᠨ ᠱᠠᠩᠨᠠᠯ ᠣᠯᠭᠣᠬᠤ ᠠᠬᠤᠢ ᠲᠠᠯᠠᠪᠠᠢ

   

8.jpg

9.jpg

10.jpg

            ᠡᠮᠡᠭᠲᠡᠢ ᠵᠢᠨ ᠳᠤᠭᠤᠶ᠋ᠢᠯᠠᠩ᠎ᠤᠨ ᠱᠠᠩᠨᠠᠯ ᠣᠯᠭᠣᠬᠤ ᠠᠬᠤᠢ ᠲᠠᠯᠠᠪᠠᠢ

    
      ᠡᠴᠦᠰ᠎ᠲᠤ᠂ ᠡᠷᠡᠭᠲᠡᠢ ᠵᠢᠨ ᠳᠤᠭᠤᠶ᠋ᠢᠯᠠᠩ᠎ᠤᠨ ᠲᠡᠷᠢᠭᠦᠨ ᠳᠡᠳ᠋ ᠭᠤᠲᠠᠭ᠋ᠠᠷ᠎ᠢ ᠪᠤᠭᠤᠲᠤ ᠬᠣᠲᠠ ᠵᠢᠨ ᠶᠡᠷᠡᠨ ᠳᠣᠯᠣᠳᠤᠭ᠋ᠠᠷ ᠳᠤᠮᠳᠠᠳᠤ ᠰᠤᠷᠭ᠋ᠠᠭᠤᠯᠢ᠂ ᠪᠤᠭᠤᠲᠤ ᠬᠣᠲᠠ ᠵᠢᠨ ᠳᠥᠷᠪᠡᠳᠦᠭᠡᠷ ᠳᠤᠮᠳᠠᠳᠤ ᠰᠤᠷᠭ᠋ᠠᠭᠤᠯᠢ᠂ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠱ᠌ᠢ ᠵᠢᠢ ᠳᠤᠮᠳᠠᠳᠤ ᠰᠤᠷᠭ᠋ᠠᠭᠤᠯᠢ ᠲᠤᠰ ᠲᠤᠰ ᠬᠦᠷᠲᠡᠪᠡ; ᠣᠷᠳᠣᠰ ᠬᠣᠲᠠ ᠵᠢᠨ ᠳᠠᠯᠠᠳ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭ᠋ᠠᠭᠤᠯᠢ᠂ ᠪᠤᠭᠤᠲᠤ ᠬᠣᠲᠠ ᠵᠢᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ᠂ ᠪᠤᠭᠤᠲᠤ ᠬᠣᠲᠠ ᠵᠢᠨ ᠨᠠᠶᠠᠨ ᠨᠢᠭᠡᠳᠦᠭᠡᠷ ᠳᠤᠮᠳᠠᠳᠤ ᠰᠤᠷᠭ᠋ᠠᠭᠤᠯᠢ ᠲᠤᠰ ᠲᠤᠰ ᠡᠮᠡᠭᠲᠡᠢ ᠵᠢᠨ ᠳᠤᠭᠤᠶ᠋ᠢᠯᠠᠩ᠎ᠤᠨ ᠲᠦᠷᠦᠭᠦᠦ ᠭᠤᠷᠪᠠᠨ ᠨᠡᠷ᠎ᠡ᠎ᠲᠤ ᠣᠷᠣᠪᠠ᠃
     《ᠬᠥᠯ ᠪᠥᠮᠪᠦᠭᠡᠨ》᠎ᠤ ᠤᠷ᠎ᠠ ᠮᠡᠷᠭᠡᠵᠢᠯ᠎ᠢ ᠭᠠᠢ᠌ᠬᠠᠭᠤᠯᠵᠤ᠂ 《ᠬᠥᠯ ᠪᠥᠮᠪᠦᠭᠡᠨ》᠎ᠤ ᠪᠠᠶᠠᠷ ᠪᠠᠬᠠᠳᠤᠯ᠎ᠢ ᠡᠳ᠋ᠯᠡᠨ᠂ ᠤᠷᠤᠯᠳᠤᠭ᠋ᠠᠨ᠎ᠤ ᠲᠠᠯᠠᠪᠠᠢ᠎ᠳᠤ ᠲᠠᠮᠢᠷᠴᠢᠳ ᠪᠦᠯᠬᠦᠮᠳᠡᠨ ᠬᠠᠮᠵᠢᠯᠴᠠᠵᠤ᠂ ᠨᠤᠭᠤᠷᠠᠰᠢ ᠦᠭᠡᠢ ᠲᠡᠮᠡᠴᠡᠨ᠂ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠮᠥᠷᠦᠢ᠌ᠴᠡᠬᠦ᠎ᠪᠠᠷ ᠳᠠᠮᠵᠢᠨ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ (U16-U18)᠎ᠤᠨ ᠬᠥᠬᠡ ᠲᠠᠰ᠎ᠤᠨ ᠬᠣᠯᠪᠣᠭ᠋ᠠᠲᠤ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠦᠷᠯᠡᠪᠡ᠃ ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠳᠤ᠂ ᠬᠡᠰᠡᠭ ᠪᠦᠯᠦᠭ ᠬᠥᠭᠡᠭᠡᠴᠡᠯᠳᠦᠯᠭᠡ᠎ᠲᠠᠢ ᠪᠠᠭ᠋ᠠᠴᠤᠳ᠂ ᠬᠡᠰᠡᠭ ᠪᠦᠯᠦᠭ ᠬᠥᠯ ᠪᠥᠮᠪᠦᠭᠡᠨ᠎ᠳᠤ ᠰᠢᠯᠭ᠋ᠠᠷᠠᠭᠰᠠᠳ ᠲᠠᠰᠤᠷᠠᠯᠲᠠ ᠦᠭᠡᠢ ᠢᠯᠡᠷᠡᠵᠦ᠂ ᠪᠦᠯᠬᠦᠮᠳᠡᠯ ᠪᠠ ᠢᠷᠠᠭᠤ ᠠᠯᠳᠠᠷ᠎ᠢ ᠠᠭᠤᠰᠬᠠᠬᠤ ᠶᠠᠪᠤᠴᠠ᠎ᠳᠤ ᠠᠶᠠᠨᠳᠠᠭ᠋ᠠᠨ ᠥᠰᠦᠨ ᠪᠣᠢ᠌ᠵᠢᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠰᠣᠶᠣᠯ᠎ᠤᠨ ᠥᠷᠨᠢᠯᠲᠡ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号