8 ᠳ᠋ᠤᠭ᠋ᠠᠷ ᠰᠠᠷ᠎ᠠ ᠵᠢᠨ 30᠎ᠤ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠷᠡᠭᠲᠡᠢ ᠵᠢᠨ ᠳᠤᠭᠤᠶ᠋ᠢᠯᠠᠩ) ᠲᠦᠩᠯᠢᠶᠣᠤ ᠬᠣᠲᠠ᠎ᠳᠤ ᠥᠨᠳᠥᠷᠯᠡᠪᠡ᠃ ᠡᠭᠦᠨ᠎ᠠᠴᠠ ᠡᠮᠦᠨ᠎ᠡ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠮᠡᠭᠲᠡᠢ ᠵᠢᠨ ᠳᠤᠭᠤᠶ᠋ᠢᠯᠠᠩ) ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠥᠨᠳᠦᠷᠯᠡᠪᠡ᠃


2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠷᠡᠭᠲᠡᠢ ᠵᠢᠨ ᠳᠤᠭᠤᠶ᠋ᠢᠯᠠᠩ)᠎ᠤ ᠠᠬᠤᠢ ᠲᠠᠯᠠᠪᠠᠢ


2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠮᠡᠭᠲᠡᠢ ᠵᠢᠨ ᠳᠤᠭᠤᠶ᠋ᠢᠯᠠᠩ)᠎ᠤ ᠠᠬᠤᠢ ᠲᠠᠯᠠᠪᠠᠢ
ᠡᠨᠡ ᠤᠳᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠂ ᠥᠪᠥᠷ ᠮᠣᠩᠭᠣᠯ᠎ᠤᠨ ᠬᠥᠯ ᠪᠥᠮᠪᠦᠭᠡᠨ᠎ᠤ ᠨᠡᠶ᠋ᠢᠭᠡᠮᠯᠢᠭ ᠭᠦᠢ᠍ᠴᠡᠳᠭᠡᠵᠦ᠂ ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠳᠠᠭ᠋ᠠᠭ᠋ᠠᠴᠢᠯᠠᠨ ᠡᠷᠬᠢᠯᠡᠪᠡ᠂ ᠥᠪᠡᠷᠲᠡᠭᠡᠨ ᠵᠠᠰᠠᠬᠤ ᠣᠷᠣᠨ᠎ᠤ 10 ᠠᠶ᠋ᠢᠮᠠᠭ ᠬᠣᠲᠠ᠎ᠠᠴᠠ ᠢᠷᠡᠭᠰᠡᠨ ᠡᠷᠡᠭᠲᠡᠢ ᠵᠢᠨ ᠳᠤᠭᠤᠶ᠋ᠢᠯᠠᠩ᠎ᠤᠨ 15 ᠠᠩᠭᠢ ᠵᠢᠨ 322 ᠲᠠᠮᠢᠷᠴᠢᠨ ᠤᠷᠤᠯᠳᠤᠭ᠋ᠠᠨ᠎ᠤ ᠲᠠᠯᠠᠪᠠᠢ᠎ᠳᠤ ᠡᠷᠡᠯᠬᠡᠭᠯᠡᠨ ᠮᠥᠷᠦᠢ᠌ᠴᠡᠵᠦ᠂ 6 ᠡᠳᠦᠷ᠎ᠲᠤ 48 ᠲᠠᠯᠠᠪᠤᠷ ᠤᠷᠤᠯᠳᠤᠭ᠋ᠠᠨ᠎ᠢ ᠪᠡᠶᠡᠯᠡᠭᠦᠯᠪᠡ; ᠪᠦᠬᠦ ᠣᠷᠣᠨ᠎ᠤ ᠡᠯ᠎ᠡ ᠠᠶ᠋ᠢᠮᠠᠭ ᠬᠣᠲᠠ᠎ᠠᠴᠠ ᠢᠷᠡᠭᠰᠡᠨ ᠡᠮᠡᠭᠲᠡᠢ ᠵᠢᠨ ᠳᠤᠭᠤᠶ᠋ᠢᠯᠠᠩ᠎ᠤᠨ 13 ᠠᠩᠭᠢ ᠵᠢᠨ 270 ᠲᠠᠮᠢᠷᠴᠢᠨ 31 ᠲᠠᠯᠠᠪᠤᠷ ᠤᠷᠤᠯᠳᠤᠭ᠋ᠠᠨ᠎ᠤ ᠲᠠᠯᠠᠪᠠᠢ᠎ᠳᠤ ᠰᠢᠷᠦᠭᠦᠨ ᠮᠥᠷᠦᠢ᠌ᠴᠡᠯᠳᠦᠪᠡ᠃



2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠷᠡᠭᠲᠡᠢ ᠵᠢᠨ ᠳᠤᠭᠤᠶ᠋ᠢᠯᠠᠩ)᠎ᠤ ᠱᠠᠩᠨᠠᠯ ᠣᠯᠭᠣᠬᠤ ᠠᠬᠤᠢ ᠲᠠᠯᠠᠪᠠᠢ



2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠮᠡᠭᠲᠡᠢ ᠵᠢᠨ ᠳᠤᠭᠤᠶ᠋ᠢᠯᠠᠩ)᠎ᠤ ᠱᠠᠩᠨᠠᠯ ᠣᠯᠭᠣᠬᠤ ᠠᠬᠤᠢ ᠲᠠᠯᠠᠪᠠᠢ
ᠬᠤᠷᠴᠠ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠭ᠋ᠠᠳ᠂ ᠡᠷᠡᠭᠲᠡᠢ ᠵᠢᠨ ᠳᠤᠭᠤᠶ᠋ᠢᠯᠠᠩ ᠲᠤ ᠣᠷᠳᠣᠰ ᠬᠣᠲᠠ ᠵᠢᠨ ᠳᠠᠯᠠᠳ ᠬᠣᠰᠢᠭᠤᠨ᠎ᠤ ᠳᠣᠯᠣᠳᠤᠭ᠋ᠠᠷ ᠳᠤᠮᠳᠠᠳᠤ ᠰᠤᠷᠭ᠋ᠠᠭᠤᠯᠢ ᠮᠠᠩᠯᠠᠢ᠌ᠯᠠᠵᠤ᠂ ᠪᠤᠭᠤᠲᠤ ᠬᠣᠲᠠ ᠵᠢᠨ ᠶᠡᠷᠡᠨ ᠶᠢᠰᠦᠳᠦᠭᠡᠷ ᠳᠤᠮᠳᠠᠳᠤ ᠰᠤᠷᠭ᠋ᠠᠭᠤᠯᠢ ᠪᠣᠯᠤᠨ ᠣᠷᠳᠣᠰ ᠬᠣᠲᠠ ᠵᠢᠨ ᠳ᠋ᠦᠩ ᠯᠢᠶᠠᠨ ᠣᠳᠣ ᠦᠶ᠎ᠡ ᠵᠢᠨ ᠳᠤᠮᠳᠠᠳᠤ ᠰᠤᠷᠭ᠋ᠠᠭᠤᠯᠢ ᠤᠷᠤᠯᠳᠤᠭ᠋ᠠᠨ᠎ᠤ ᠳᠡᠳ᠋ ᠪᠠ ᠭᠤᠲᠠᠭ᠋ᠠᠷ᠎ᠲᠤ ᠲᠣᠳᠤᠷᠠᠪᠠ; ᠡᠮᠡᠭᠲᠡᠢ ᠵᠢᠨ ᠳᠤᠭᠤᠶ᠋ᠢᠯᠠᠩ᠎ᠲᠤ ᠣᠷᠳᠣᠰ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠵᠡᠭᠦᠨ ᠰᠤᠷᠭ᠋ᠠᠭᠤᠯᠢ ᠵᠢᠨ ᠲᠣᠭᠣᠷᠢᠭ ᠮᠠᠩᠯᠠᠢ᠌ᠯᠠᠵᠤ᠂ ᠲᠦᠩᠯᠢᠶᠣᠤ ᠵᠢᠨ ᠲᠠᠪᠤᠳᠤᠭ᠋ᠠᠷ ᠳᠤᠮᠳᠠᠳᠤ ᠰᠤᠷᠭ᠋ᠠᠭᠤᠯᠢ ᠳᠡᠳ᠋ᠯᠡᠨ᠂ ᠣᠷᠳᠣᠰ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠳ᠋ᠦᠩᠱ᠌ᠧᠩ ᠰᠤᠷᠭ᠋ᠠᠭᠤᠯᠢ ᠵᠢᠨ ᠲᠣᠭᠣᠷᠢᠭ ᠭᠤᠲᠠᠭ᠋ᠠᠷ᠎ᠲᠤ ᠲᠣᠳᠤᠷᠠᠪᠠ᠃

2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ (ᠡᠷᠡᠭᠲᠡᠢ ᠵᠢᠨ ᠳᠤᠭᠤᠶ᠋ᠢᠯᠠᠩ)᠎ᠤ ᠮᠠᠩᠯᠠᠢ ᠢᠯᠠᠯᠲᠠ᠎ᠪᠠᠨ ᠪᠡᠯᠭᠡᠯᠡᠵᠦ ᠪᠠᠢ᠌ᠭ᠎ᠠ᠎ᠨᠢ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠬᠡᠭᠴᠢᠨ ᠲᠠᠰ᠎ᠤᠨ ᠬᠣᠯᠪᠣᠭ᠋ᠠᠲᠤ ᠤᠷᠤᠯᠳᠤᠭ᠋ᠠᠨ᠎ᠢ ᠡᠷᠬᠢᠯᠡᠭᠰᠡᠨ᠎ᠨᠢ ᠡᠯ᠎ᠡ ᠠᠶ᠋ᠢᠮᠠᠭ ᠬᠣᠲᠠ ᠵᠢᠨ ᠰᠤᠷᠤᠭᠴᠢ ᠲᠠᠮᠢᠷᠴᠢᠳ᠎ᠲᠤ ᠰᠣᠯᠢᠯᠴᠠᠵᠤ ᠰᠤᠷᠤᠯᠴᠠᠬᠤ ᠲᠠᠪᠴᠠᠩ ᠪᠠᠶ᠋ᠢᠭᠤᠯᠤᠨ ᠥᠭᠴᠦ᠂ ᠲᠠᠮᠢᠷᠴᠢᠳ ᠤᠷᠤᠯᠳᠤᠭ᠋ᠠᠨ ᠵᠶ᠋ᠠᠷ ᠬᠥᠭᠥᠷᠭᠡ ᠪᠣᠯᠭ᠋ᠠᠨ᠂ ᠬᠠᠷᠢᠯᠴᠠᠨ ᠵᠥᠪᠳᠡᠯᠴᠡᠵᠦ ᠬᠠᠮᠲᠤ᠎ᠳᠤ᠎ᠪᠠᠨ ᠳᠠᠪᠰᠢᠨ᠂ ᠨᠡᠩ ᠰᠠᠶ᠋ᠢᠨ ᠪᠠᠶ᠋ᠢᠳᠠᠯ ᠵᠶ᠋ᠠᠷ ᠳᠠᠷᠠᠭ᠋ᠠᠴᠢ ᠵᠢᠨ ᠤᠷᠤᠯᠳᠤᠭ᠋ᠠᠨ ᠢ ᠤᠭᠲᠤᠬᠤ ᠪᠣᠯᠤᠨ᠎ᠠ᠃